ᠬᠤᠤᠯᠢᠩᠭᠤᠤᠯ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ 2024 ᠣᠨ ᠳᠤ ᠨᠣᠬᠠᠶ ᠶᠢᠨ ᠬᠤᠰᠢᠭᠤ ᠶᠢᠨ ᠲᠠᠷᠢᠮᠠᠯ ᠤᠨ ᠨᠥᠬᠦᠪᠥᠷᠢ ᠶᠢᠨ ᠲᠥᠷᠥᠯ ᠵᠦᠢᠯ ᠢ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2024/11/29
ᠳᠠᠯᠠᠶᠢᠬᠤᠰᠢᠭᠤ ᠰᠤᠮᠤ᠄    ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠪᠡᠰᠦᠨ ᠤ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠦ ᠮᠢᠬᠠᠨ ᠤ ᠨᠣᠯᠤᠤᠷ ᠤᠨ ᠠᠵᠤ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢ ᠪᠠᠲᠤᠯᠠᠬᠤ ᠶᠢᠨ ᠲᠤᠰᠠᠳᠠ᠂ ᠮᠠᠨ ᠤ ᠬᠤᠲᠠ ᠶᠢᠨ ᠲᠡᠵᠢᠭᠡᠯ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ︽2024 ᠣᠨ ᠤ ᠬᠤᠨᠢᠨ ᠳᠤ ᠬᠡᠷᠡᠭᠯᠡᠬᠦ ᠨᠣᠬᠠᠶ ᠶᠢᠨ ᠬᠤᠰᠢᠭᠤ ᠶᠢᠨ ᠲᠠᠷᠢᠮᠠᠯ ᠤᠨ ᠨᠥᠬᠦᠪᠥᠷᠢ ᠶᠢᠨ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ︵ᠥᠪᠥᠷ ᠲᠠᠷᠢᠶᠠᠯᠠᠩ ᠮᠠᠯ ᠠᠵᠤ ᠠᠬᠤᠶ ᠲᠡᠵᠢᠭᠡᠯ ᠪᠣᠷᠳᠤᠭ᠎ᠠ ᠲᠠᠷᠬᠠᠭᠠᠬᠤ ︹2024︺ 684 ᠳ᠋ᠤᠭᠡᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃    ᠨᠢᠭᠡ᠂ ᠨᠥᠬᠦᠪᠥᠷᠢ ᠥᠭᠬᠦ ᠡᠭᠦᠷᠭᠡ ᠶᠢᠨ ᠬᠠᠷᠠᠯᠲᠠ᠂ ᠬᠡᠷᠡᠭᠵᠢᠭᠦᠯᠬᠦ ᠪᠡᠶᠡᠴᠢ ᠴᠣᠭᠴᠠ    ︽2024 ᠣᠨ ᠳᠤ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠲᠥᠰᠥᠯ︾ ︵ ᠲᠦᠩᠯᠢᠶᠤᠤ  ᠣᠢ ᠰᠢᠭᠤᠢ ᠡᠪᠡᠰᠦ ᠪᠡᠯᠴᠢᠭᠡᠷ ᠢ ᠥᠭᠡᠷᠡᠴᠢᠯᠡᠨ ᠲᠠᠷᠬᠠᠭᠠᠬᠤ ︹2024︺ 103 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠶᠣᠰᠣᠭᠠᠷ ᠲᠡᠵᠢᠭᠡᠯ ᠡᠪᠡᠰᠦ ᠳᠠᠷᠢᠬᠤ ᠲᠥᠯᠥᠪᠯᠡᠭᠡ ᠶᠢᠨ ᠡᠭᠦᠷᠭᠡ ᠶᠢ ᠪᠠᠭᠤᠯᠭᠠᠵᠤ 0.5 ᠲᠦᠮᠡᠨ ᠮᠦ ᠨᠣᠬᠠᠢ ᠶᠢᠨ ᠬᠤᠰᠢᠭᠤ ᠶᠢᠨ ᠡᠪᠡᠰᠦ ᠶᠢ ᠲᠥᠪᠯᠡᠷᠡᠭᠦᠯᠦᠨ ᠵᠠᠯᠭᠠᠯᠳᠤᠭᠤᠯᠤᠨ ᠲᠠᠷᠢᠵᠤ᠂ ᠬᠡᠷᠡᠭᠵᠢᠭᠦᠯᠬᠦ ᠭᠤᠣᠯ ᠴᠣᠭᠴᠠ ᠶᠢ ᠬᠤᠤᠯᠢᠩᠭᠤᠤᠯ ᠬᠤᠳᠠ ᠶᠢᠨ ᠵᠧᠩ ᠴᠠᠩ ᠡᠪᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠪᠣᠯᠭᠠᠬᠤ ᠪᠠᠷ ᠲᠣᠭᠲᠠᠪᠠ᠃    ᠬᠤᠶᠠᠷ᠂ ᠨᠥᠬᠦᠪᠥᠷᠢ ᠪᠡᠯᠡ ᠮᠥᠩᠭᠦ ᠶᠢᠨ ᠢᠷᠡᠯᠲᠡ᠂ ᠪᠠᠷᠢᠮᠵᠢᠶ᠎ᠠ ᠬᠢᠭᠡᠳ ᠠᠷᠭ᠎ᠠ ᠮᠠᠶ᠋ᠢᠭ    ︵ᠨᠢᠭᠡ᠂ ᠪᠠᠯᠠ ᠮᠥᠩᠭᠦ ᠶᠢᠨ ᠢᠷᠡᠯᠲᠡ᠄ ︽2024 ᠣᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠠᠵᠤ ᠦᠢᠯᠡᠰ ᠢ ᠬᠥᠭᠵᠢᠭᠦᠯᠬᠦ ᠬᠡᠰᠡᠭ ᠪᠠᠯᠠ ᠮᠥᠩᠭᠦ ᠶᠢᠨ ᠲᠥᠰᠦᠪ ᠢ ᠪᠠᠭᠤᠯᠭᠠᠬᠤ ᠲᠤᠬᠠᠶ ᠮᠡᠳᠡᠭᠳᠡᠯ︾ ︵ᠲᠦᠩ ᠡᠳ᠋ ᠲᠠᠷᠢᠶᠠᠯᠠᠩ ︹2024︺ 253 ᠳ᠋ᠤᠭᠠᠷ ᠲᠣᠭᠠᠲᠤ︶ ᠡᠪᠡᠰᠦᠨ ᠤ ᠠᠵᠤ ᠦᠢᠯᠡᠰ ᠢ ᠬᠥᠭᠵᠢᠭᠦᠯᠬᠦ ᠪᠡᠯᠡ ᠮᠥᠩᠭᠦ ᠶᠢ 35 ᠲᠦᠮᠡᠨ ᠲᠥᠭᠦᠷᠢᠭ ᠪᠠᠭᠤᠯᠭᠠᠪᠠ᠃    ︵ᠬᠤᠶᠠᠷ︶ ᠨᠥᠬᠦᠪᠥᠷᠢ ᠶᠢᠨ ᠪᠠᠷᠢᠮᠵᠢᠶ᠎ᠠ᠄ 70 ᠲᠥᠭᠦᠷᠢᠭ / ᠮᠥ    ︵ᠭᠤᠷᠪᠠ︶ ᠨᠥᠬᠦᠪᠥᠷᠢ ᠥᠭᠬᠦ ᠠᠷᠭ᠎ᠠ ᠪᠠᠷᠢᠯ᠄ ᠨᠣᠬᠠᠶ ᠶᠢᠨ ᠬᠤᠰᠢᠭᠤ ᠡᠪᠡᠰᠦ ᠳᠠᠷᠢᠬᠤ ᠲᠥᠷᠥᠯ ᠵᠦᠢᠯ ᠢ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ ᠠᠷᠭ᠎ᠠ ᠮᠠᠶ᠋ᠢᠭ ᠢᠶᠠᠷ ᠬᠡᠷᠡᠭᠵᠢᠭᠦᠯᠦᠨ᠎ᠡ᠃ ᠲᠥᠷᠥᠯ ᠵᠦᠢᠯ ᠢ ᠰᠢᠯᠭᠠᠨ ᠠᠪᠬᠤ ᠳᠤ ᠬᠢᠷᠢ ᠲᠡᠩᠴᠡᠵᠦ᠂ ᠵᠠᠷᠯᠠᠨ ᠨᠡᠶᠢᠲᠡᠯᠡᠭᠰᠡᠨ ᠬᠤᠭᠤᠴᠠᠭ᠎ᠠ ᠨᠢ ᠳᠦᠭᠦᠷᠦᠭᠡᠳ ᠣᠨᠳᠣᠤ ᠰᠠᠨᠠᠯ ᠦᠭᠡᠶ ᠪᠣᠯ ᠨᠥᠬᠦᠪᠥᠷᠢ ᠪᠡᠯᠡ ᠮᠥᠩᠭᠦ ᠶᠢ ᠳᠠᠬᠢᠨ ᠰᠠᠯᠭᠠᠨ ᠥᠭᠬᠦ ᠬᠡᠷᠡᠭᠲᠡᠶ᠃    ᠭᠤᠷᠪᠠ᠂ ᠨᠥᠬᠦᠪᠥᠷᠢ ᠥᠭᠬᠦ ᠠᠵᠢᠯ ᠤᠨ ᠳᠡᠰ ᠳᠠᠷᠠᠭᠠᠯᠠᠯ    ︵ᠨᠢᠭᠡ︶ ᠨᠠᠷᠢᠯᠢᠭᠵᠢᠭᠤᠯᠤᠭᠰᠠᠨ ᠲᠥᠰᠦᠯ᠄ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠡᠷᠡᠭᠵᠢᠭᠦᠯᠬᠦ ᠲᠥᠰᠦᠯ ᠢ ᠪᠦᠷᠢᠯᠳᠦᠭᠦᠯᠦᠭᠰᠡᠨ ᠤ ᠳᠠᠷᠠᠭ᠎ᠠ ᠲᠦᠩᠯᠢᠶᠣᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠵᠤ᠂ ᠲᠥᠷᠥᠯ ᠵᠦᠶ᠋ᠯ ᠢ ᠬᠡᠷᠡᠭᠵᠢᠭᠦᠯᠬᠦ ᠶᠠᠪᠤᠴᠠ ᠳᠤ᠂ ᠬᠡᠷᠪᠡ ᠲᠣᠬᠢᠷᠠᠭᠤᠯᠤᠯᠲᠠ ᠬᠢᠵᠦ ᠬᠤᠪᠢᠷᠠᠭᠤᠯᠤᠭᠰᠠᠨ ᠭᠠᠵᠠᠷ ᠤᠨ ᠬᠡᠰᠡᠭ ᠢ ᠲᠥᠷᠥᠯ ᠵᠦᠢᠯ ᠢ ᠬᠡᠷᠡᠭᠵᠢᠭᠦᠯᠬᠦ ᠭᠤᠤᠯ ᠴᠣᠭᠴᠠ ᠠᠴᠠ ᠬᠤᠪᠢᠷᠠᠭᠤᠯᠬᠤ ᠭᠤᠶᠤᠴᠢᠯᠠᠯ ᠭᠠᠷᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠲᠦᠩᠯᠢᠶᠣᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠤᠨ᠎ᠠ᠃    ︵ᠬᠤᠶᠠᠷ  ︶ ᠪᠦᠲᠦᠭᠡᠨ ᠪᠠᠶᠢᠭᠤᠯᠤᠯᠲᠠ ᠶᠢᠨ ᠭᠤᠤᠯ ᠴᠣᠭᠴᠠ ᠨᠢ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠭᠤᠶᠤᠴᠢᠯᠠᠯ ᠭᠠᠷᠭᠠᠵᠤ᠂ ︽ᠪᠣᠷᠳᠤᠭ᠎ᠠ ᠳᠤ ᠬᠡᠷᠡᠭᠯᠡᠬᠦ ᠨᠣᠬᠠᠶ ᠶᠢᠨ ᠬᠤᠰᠢᠭᠤ ᠶᠢᠨ ᠡᠪᠡᠰᠦ ᠲᠠᠷᠢᠬᠤ ᠳᠤ ᠨᠥᠬᠦᠪᠥᠷᠢ ᠥᠭᠬᠦ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ ᠮᠡᠳᠡᠭᠦᠯᠬᠦ ᠶᠢᠨ ᠬᠠᠮᠲᠤ ᠭᠠᠵᠠᠷ ᠰᠢᠷᠣᠶ ᠬᠡᠷᠡᠭᠯᠡᠬᠦ ᠡᠷᠬᠡ ᠪᠤᠶᠤ ᠡᠵᠡᠩᠨᠡᠯᠲᠡ ᠶᠢᠨ ᠡᠷᠬᠡ ᠶᠢᠨ ᠭᠡᠷᠡᠴᠢ᠂ ᠬᠠᠶᠢᠨ ᠰᠢᠯᠭᠠᠭᠰᠠᠨ ᠲᠠᠯᠠᠪᠠᠶ ᠶᠢᠨ ︽ᠳᠥᠷᠪᠡᠨ ᠬᠢᠵᠠᠭᠠᠷ︾ ᠤᠨ ᠭᠡᠷᠡᠴᠢ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ︵ᠲᠠᠯᠠᠪᠠᠶ᠂ ᠡᠷᠦᠬᠡ︶ ᠲᠠᠢ ᠲᠣᠭᠲᠠᠭᠰᠠᠨ ᠲᠡᠵᠢᠭᠡᠯ ᠳᠤ ᠬᠡᠷᠡᠭᠯᠡᠬᠦ ᠨᠣᠬᠠᠶ ᠶᠢᠨ ᠬᠤᠰᠢᠭᠤ ᠶᠢᠨ ᠬᠤᠳᠠᠯᠳᠤᠨ ᠠᠪᠬᠤ ᠪᠠ ᠪᠣᠷᠣᠯᠠᠭᠤᠯᠬᠤ ᠰᠠᠨᠠᠮᠵᠢ ᠶᠢᠨ ᠭᠡᠷ᠎ᠡ ︵ᠥᠪᠡᠷ ᠢᠶᠠᠨ ᠬᠡᠷᠡᠭᠯᠡᠬᠦ ᠴᠢᠬᠤᠯᠠ ᠦᠭᠡᠢ ᠪᠣᠯ ᠬᠠᠩᠭᠠᠬᠤ ᠴᠢᠬᠤᠯᠠ ᠦᠭᠡᠢ︶ ᠬᠦᠯᠢᠶᠡᠵᠦ ᠪᠠᠢᠭᠠᠷᠠᠢ᠃ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠦᠭᠡᠶ ᠪᠤᠶᠤ ᠰᠢᠯᠭᠠᠨ ᠪᠠᠶᠢᠴᠠᠭᠠᠯᠲᠠ ᠳᠤ ᠪᠠᠲᠤᠯᠠᠭᠳᠠᠭᠰᠠᠨ ᠦᠭᠡᠶ ᠪᠣᠯ᠂ ᠭᠤᠶᠤᠴᠢᠯᠠᠬᠤ ᠬᠢᠷᠢ ᠭᠡᠮ ᠢ ᠨᠢ ᠬᠦᠴᠦᠨ ᠦᠭᠡᠶ ᠪᠣᠯᠭᠠᠬᠤ ᠬᠡᠷᠡᠭᠲᠡᠶ᠃    ︵ᠭᠤᠷᠪᠠ︶ ᠬᠢᠨᠠᠨ ᠬᠠᠷᠭᠤᠭᠤᠯᠬᠤ᠄ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠢᠴᠢᠭ ᠤᠨ ᠮᠠᠲ᠋ᠧᠷᠢᠶᠠᠯ ᠢ ᠬᠢᠨᠠᠨ ᠪᠠᠶᠢᠴᠠᠭᠠᠬᠤ ᠪᠠ ᠲᠤᠬᠠᠶ ᠶᠢᠨ ᠭᠠᠵᠠᠷ ᠲᠤᠨᠢ ᠬᠢᠨᠠᠨ ᠰᠢᠯᠭᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠬᠢᠨᠠᠨ ᠬᠠᠷᠭᠤᠭᠤᠯᠤᠭᠰᠠᠨ ᠰᠠᠨᠠᠯ ᠢᠶᠠᠨ ᠲᠦᠩᠯᠢᠶᠣᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃    ︵ᠲᠦᠷᠪᠡ︶ ᠰᠢᠯᠭᠠᠨ ᠠᠪᠬᠤ᠄ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠪᠥᠲᠥᠭᠡᠨ ᠪᠠᠶᠢᠭᠤᠯᠤᠯᠲᠠ ᠶᠢᠨ ᠭᠤᠤᠯ ᠴᠣᠭᠴᠠ ᠳᠤ ᠡᠳᠦᠷ ᠲᠤᠲᠤᠮ ᠤᠨ ᠬᠢᠨᠠᠯᠲᠠ ᠲᠠᠯᠪᠢᠬᠤ ᠶᠢᠨ ᠬᠠᠮᠲᠤ ᠬᠢᠨᠠᠨ ᠪᠠᠶᠢᠴᠠᠭᠠᠵᠤ ᠰᠢᠯᠭᠠᠨ ᠠᠪᠴᠤ᠂ ᠰᠢᠯᠭᠠᠨ ᠠᠪᠬᠤ ᠪᠠᠷᠢᠮᠵᠢᠶ᠎ᠠ᠄ ︽ᠳᠥᠷᠪᠡᠨ ᠬᠢᠵᠠᠭᠠᠷ︾ ᠤᠨ ᠳᠠᠷᠢᠬᠤ ᠲᠠᠯᠠᠪᠠᠶ ᠶᠢ ᠡᠷᠬᠡᠪᠰᠢ ᠮᠥ ᠪᠦᠷᠢ ᠠᠴᠠ ᠳᠡᠭᠡᠭᠰᠢ ᠳᠤ ᠬᠦᠷᠭᠡᠬᠦ ᠬᠡᠷᠡᠭᠲᠡᠶ᠃    ︵ᠲᠠᠪᠤ︶ ᠢᠯᠡ ᠨᠡᠶᠢᠲᠡᠯᠡᠬᠦ᠄ ᠰᠢᠯᠭᠠᠨ ᠬᠤᠷᠢᠶᠠᠵᠤ ᠳᠠᠭᠤᠰᠤᠭᠰᠠᠨ ᠤ ᠳᠠᠷᠠᠭ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠰᠢᠯᠭᠠᠨ ᠬᠤᠷᠢᠶᠠᠵᠤ ᠠᠪᠤᠭᠰᠠᠨ ᠦᠷ᠎ᠡ ᠳ᠋ᠦᠩ ᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠴᠠᠭ ᠨᠢ 5 ᠠᠵᠢᠯᠯᠠᠬᠤ ᠡᠳᠦᠷ ᠠᠴᠠ ᠳᠤᠲᠠᠭᠤ ᠪᠠᠶᠢᠵᠤ ᠪᠣᠯᠬᠤ ᠥᠬᠡᠶ᠂ ᠣᠨᠳᠣᠤ ᠰᠠᠨᠠᠯ ᠥᠬᠡᠶ ᠪᠣᠯ ᠨᠥᠬᠦᠪᠥᠷᠢ ᠪᠠᠯᠠ ᠮᠥᠩᠭᠦ ᠶᠢ ᠰᠣᠯᠢᠵᠤ ᠥᠭᠭᠦᠨ᠎ᠡ᠃    ︵ᠵᠢᠷᠭᠤᠭ᠎ᠠ︶ ᠣᠯᠭᠤᠬᠤ᠄ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠰᠢᠯᠭᠠᠨ ᠠᠪᠬᠤ ᠳᠤ ᠬᠢᠷᠢ ᠲᠡᠩᠴᠡᠭᠰᠡᠨ ᠨᠥᠬᠦᠪᠥᠷᠢ ᠶᠢᠨ ᠲᠠᠯᠠᠪᠠᠶ ᠶᠢᠨ ᠰᠠᠭᠤᠷᠢ ᠲᠤᠭ᠎ᠠ ᠪᠠᠷᠢᠮᠲᠠ ᠪᠠ ᠨᠥᠬᠦᠪᠥᠷᠢ ᠣᠯᠭᠤᠬᠤ ᠡᠲᠡᠭᠡᠳ ᠤᠨ ᠨᠠᠷᠢᠨ ᠲᠠᠩᠰᠠ ᠶᠢ ᠬᠠᠩᠭᠠᠵᠤ᠂ ᠬᠠᠮᠢᠶ᠎ᠠ ᠪᠥᠬᠦᠶ ᠪᠠᠯᠠ ᠮᠥᠩᠭᠦ ᠭᠤᠶᠤᠴᠢᠯᠠᠬᠤ ᠭᠠᠷᠳᠠᠮ ᠵᠢᠴᠢ ᠨᠥᠬᠦᠪᠥᠷᠢ ᠣᠯᠭᠤᠬᠤ ᠵᠡᠷᠭᠡ ᠬᠠᠮᠢᠶ᠎ᠠ ᠪᠥᠬᠦᠶ ᠠᠵᠢᠯ ᠢ ᠰᠠᠶᠢᠲᠤᠷ ᠬᠢᠨ᠎ᠠ᠃ ᠳᠥᠷᠪᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ︽ᠨᠣᠬᠠᠶ ᠶᠢᠨ ᠬᠤᠰᠢᠭᠤ ᠶᠢᠨ ᠲᠠᠷᠢᠮᠠᠯ ᠤᠨ ᠨᠥᠬᠦᠪᠥᠷᠢ ᠶᠢᠨ ᠲᠥᠷᠥᠯ ᠵᠦᠢᠯ ᠤᠨ ᠤᠳᠤᠷᠢᠳᠬᠤ ᠳᠤᠭᠤᠶᠢᠯᠠᠩ︾ ᠢ ᠪᠠᠶᠢᠭᠤᠯᠵᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠ ᠨᠥᠬᠦᠪᠥᠷᠢ ᠥᠭᠬᠦ ᠡᠲᠡᠭᠡᠳ ᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠶᠠᠪᠤᠴᠠ ᠳᠤ ᠳᠠᠭᠠᠨ᠎ᠠ᠃    ᠨᠣᠬᠠᠶ ᠶᠢᠨ ᠬᠤᠰᠢᠭᠤ ᠶᠢᠨ ᠲᠠᠷᠢᠮᠠᠯ ᠤᠨ ᠨᠥᠬᠦᠪᠥᠷᠢ ᠶᠢᠨ ᠲᠥᠷᠥᠯ ᠵᠦᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠨᠡᠷᠡᠰ᠄    ᠳᠤᠭᠤᠶᠢᠯᠠᠩ ᠤᠨ ᠳᠠᠷᠤᠭ᠎ᠠ᠄ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠶᠦᠩ    ᠵᠣᠬᠢᠶᠠᠨ ᠪᠠᠶᠢᠭᠤᠯᠤᠭᠴᠢ᠄ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠮᠠᠯ ᠠᠵᠤ ᠠᠬᠤᠶ ᠮᠠᠯ ᠡᠮᠨᠡᠯᠭᠡ ᠶᠢᠨ ᠵᠢᠭᠠᠰᠤᠨ ᠠᠵᠤ ᠠᠬᠤᠶ ᠶᠢᠨ ᠲᠠᠰᠤᠭ ᠤᠨ ᠬᠠᠷᠢᠭᠤᠴᠠᠯᠭᠠᠲᠠᠨ ᠲᠧᠩ ᠵᠥᠩ ᠼᠠᠢ    ᠵᠣᠬᠢᠶᠠᠨ ᠪᠠᠶᠢᠭᠤᠯᠤᠭᠴᠢ᠄ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠮᠠᠯ ᠠᠵᠤ ᠠᠬᠤᠶ ᠮᠠᠯ ᠡᠮᠨᠡᠯᠭᠡ ᠶᠢᠨ ᠵᠢᠭᠠᠰᠤᠨ ᠠᠵᠤ ᠠᠬᠤᠶ ᠶᠢᠨ ᠲᠠᠰᠤᠭ ᠤᠨ ᠠᠵᠢᠯᠲᠠᠨ ᠯᠢᠶᠠᠩ ᠵᠢᠶᠠᠨ ᠵᠢᠶᠦ᠋ᠨ    ︵ᠬᠤᠶᠠᠷ︶ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠭᠤᠶᠤᠴᠢᠯᠠᠭᠴᠢ ᠠᠴᠠ ᠨᠥᠬᠦᠪᠥᠷᠢ ᠶᠢᠨ ᠲᠠᠯᠠᠪᠠᠶ ᠶᠢ ᠡᠷᠬᠡᠪᠰᠢ ᠦᠨᠡᠨ ᠪᠣᠳᠠᠲᠠᠶ ᠪᠠᠷ ᠲᠠᠭᠯᠠᠨ ᠮᠡᠳᠡᠭᠦᠯᠬᠦ ᠬᠡᠷᠡᠭᠲᠡᠶ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠪᠣᠯᠬᠤ ᠦᠭᠡᠶ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠰᠢᠬᠠᠨ ᠡᠵᠡᠯᠡᠬᠦ᠂ ᠦᠯᠡᠳᠡᠭᠡᠨ ᠠᠪᠬᠤ᠂ ᠨᠡᠭᠦᠯᠭᠡᠨ ᠬᠡᠷᠡᠭᠯᠡᠬᠦ ᠪᠠ ᠨᠥᠬᠦᠪᠥᠷᠢ ᠪᠡᠯᠡ ᠮᠥᠩᠭᠦ ᠶᠢ ᠮᠡᠬᠡᠯᠡᠨ ᠠᠪᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃ ᠬᠤᠪᠢ ᠬᠥᠮᠦᠨ ᠪᠣᠯᠤᠨ ᠠᠵᠤ ᠠᠬᠤᠶᠢᠯᠠᠯ ᠤᠨ ᠢᠲᠡᠭᠡᠮᠵᠢ ᠶᠢᠨ ᠲᠡᠮᠳᠡᠭᠯᠡᠯ ᠢ ᠪᠠᠶᠢᠭᠤᠯᠵᠤ᠂ ᠨᠥᠬᠦᠪᠥᠷᠢ ᠪᠡᠯᠡ ᠮᠥᠩᠭᠦ ᠶᠢ ᠮᠡᠬᠡᠯᠡᠨ ᠠᠪᠤᠭᠰᠠᠨ᠂ ᠨᠡᠭᠦᠯᠭᠡᠨ ᠬᠡᠷᠡᠭᠯᠡᠭᠰᠡᠨ᠂ ᠮᠡᠬᠡᠯᠡᠨ ᠠᠪᠤᠭᠰᠠᠨ ᠵᠡᠷᠭᠡ ᠦᠢᠯᠡ ᠠᠵᠢᠯᠯᠠᠭ᠎ᠠ ᠶᠢ ᠬᠤᠪᠢ ᠬᠥᠮᠦᠨ ᠤ ᠢᠲᠡᠭᠡᠯ ᠠᠯᠳᠠᠭᠰᠠᠨ ᠲᠡᠮᠳᠡᠭᠯᠡᠯ ᠳᠤ ᠲᠡᠮᠳᠡᠭᠯᠡᠨ ᠣᠷᠣᠭᠤᠯᠬᠤ ᠬᠡᠷᠡᠭᠲᠡᠶ᠃    ︵ᠭᠤᠷᠪᠠ︶ ᠳᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠣᠭᠠᠴᠢᠯᠠᠭᠰᠠᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠪᠠᠶᠢᠭᠤᠯᠤᠨ᠂ ᠲᠠᠯᠠᠪᠠᠶ ᠶᠢ ᠬᠢᠨᠠᠨ ᠬᠠᠷᠭᠤᠭᠤᠯᠬᠤ᠂ ᠮᠡᠷᠭᠡᠵᠢᠯ ᠤᠨ ᠵᠢᠯᠣᠭᠤᠳᠣᠯᠭ᠎ᠠ ᠂ ᠴᠡᠭ ᠭᠠᠷᠭᠠᠵᠤ ᠬᠥᠮᠥᠷᠭᠡ ᠳᠤ ᠣᠷᠣᠭᠤᠯᠬᠤ᠂ ᠦᠢᠯᠡᠳᠪᠦᠷᠢᠯᠡᠯ ᠤᠨ ᠲᠡᠮᠳᠡᠭᠯᠡᠯ ᠢ ᠵᠣᠬᠢᠶᠠᠨ ᠪᠠᠶᠢᠭᠤᠯᠬᠤ᠂ ᠰᠢᠯᠭᠠᠨ ᠠᠪᠬᠤ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠵᠡᠷᠭᠡ ᠪᠣᠳᠠᠲᠠᠶ ᠠᠵᠢᠯ ᠤᠨ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠶ᠃    ᠳᠠᠭᠠᠯᠳᠤᠭᠤᠯᠤᠯ᠄    1.2024 ᠣᠨ ᠤ  ᠨᠣᠬᠠᠶ ᠶᠢᠨ ᠬᠤᠰᠢᠭᠤ ᠶᠢᠨ ᠲᠠᠷᠢᠮᠠᠯ ᠤᠨ ᠨᠥᠬᠦᠪᠥᠷᠢ ᠶᠢᠨ ᠲᠥᠷᠥᠯ ᠵᠦᠢᠯ ᠢ ᠭᠤᠶᠤᠴᠢᠯᠠᠬᠤ ᠬᠦᠰᠦᠨᠦᠭᠲᠦ    2.2024 ᠣᠨ ᠤ ᠨᠣᠬᠠᠶ ᠶᠢᠨ ᠬᠤᠰᠢᠭᠤ ᠶᠢᠨ ᠲᠠᠷᠢᠮᠠᠯ ᠤᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠶᠢᠨ ᠰᠢᠯᠭᠠᠨ ᠠᠪᠬᠤ ᠬᠦᠰᠦᠨᠦᠭᠲᠦ
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号