ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠮᠠᠨ ᠤ ᠣᠷᠣᠨ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠣᠯᠭᠤᠯᠲᠠ ᠶᠢ ᠠᠬᠢᠭᠤᠯᠬᠤ ᠴᠢᠭᠯᠡᠯᠲᠡ ᠲᠥᠷᠥ ᠶᠢᠨ | ᠪᠣᠳᠣᠯᠭ᠎ᠠ ᠨᠤᠭᠤᠳ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠤᠷᠢᠳ ᠢᠶᠠᠷ | ᠪᠣᠳᠣᠯᠬᠢᠯᠠᠬᠤ ᠪᠠᠶᠢᠯᠳᠤᠬᠤ ᠪᠣᠳᠣᠯᠭ᠎ᠠ ᠬᠡᠷᠡᠭᠵᠢᠭᠦᠯᠬᠦ ᠪᠠᠨ ᠪᠠᠷᠢᠮᠲᠠᠯᠠᠨ᠂ ᠠᠵᠢᠯ ᠣᠯᠭᠤᠯᠲᠠ ᠶᠢᠨ ᠪᠠᠶᠢᠭᠤᠯᠤᠯ | ᠲᠣᠭᠲᠠᠴᠠ ᠳᠠᠬᠢ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠭᠰᠡᠨ ᠪᠣᠯᠬᠤᠷ ᠠᠵᠢᠯ | ᠣᠯᠭᠤᠯᠲᠠ ᠶᠢᠨ ᠪᠠᠶᠢᠳᠠᠯ ᠣᠷᠳᠣ ᠬᠤᠭᠤᠴᠠᠭ᠎ᠠ ᠪᠠᠷ ᠲᠣᠭᠲᠠᠭᠤᠨ ᠪᠥᠭᠡᠳ ᠰᠠᠶᠢᠨ ᠬᠠᠨᠳᠤᠰᠢ ᠲᠠᠢ ᠪᠣᠯᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ | ᠬᠥᠮᠥᠨ ᠠᠮᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ | ᠣᠷᠣᠨ ᠤ ᠬᠥᠮᠥᠨ ᠠᠮᠠ ᠶᠢᠨ ᠬᠥᠭᠵᠢᠯᠲᠡ ᠶᠢᠨ ᠵᠥᠪ ᠴᠢᠭᠯᠡᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ | ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠦ ᠬᠥᠭᠵᠢᠯᠲᠡ ᠶᠢ ᠠᠬᠢᠭᠤᠯᠤᠨ᠂ ᠠᠵᠢᠯ ᠣᠯᠭᠤᠯᠲᠠ ᠶᠢ | ᠥᠷᠭᠡᠳᠬᠡᠬᠦ ᠪᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠲᠡᠷᠢᠭᠦᠨ ᠴᠢᠬᠤᠯᠠ ᠡᠭᠦᠷᠭᠡ | ᠪᠣᠯᠭᠠᠬᠤ ᠶᠢ ᠪᠠᠷᠢᠮᠲᠠᠯᠠᠵᠤ᠂ ᠠᠯᠢ ᠣᠯᠠᠨ ᠬᠦᠴᠦᠨ ᠲᠡᠭᠦᠯᠳᠡᠷ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠠᠪᠴᠤ ᠪᠠᠶᠢᠭᠠᠳ ᠨᠠᠩ ᠭᠦᠢᠴᠡᠳ ᠪᠥᠭᠡᠳ ᠨᠠᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠪᠠᠨ | ᠠᠬᠢᠭᠤᠯᠪᠠ᠃ | ᠨᠢᠭᠡ᠂ ᠬᠥᠮᠥᠨ ᠠᠮᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠬᠤᠳᠠ ᠪᠠᠯᠭᠠᠰᠤᠵᠢᠯᠲᠠ ᠶᠢᠨ | ᠨᠤᠷᠮ᠎ᠠ ᠶᠢ ᠮᠡᠳᠡᠭᠳᠡᠮ᠎ᠡ ᠳᠡᠭᠡᠭᠰᠢᠯᠡᠭᠦᠯᠪᠡ ︵ᠨᠢᠭᠡ︶ ᠬᠤᠲᠠ ᠪᠠᠯᠭᠠᠰᠤᠵᠢᠯᠲᠠ ᠶᠢᠨ ᠬᠢᠷᠢ ᠲᠦᠪᠰᠢᠨ ᠢ ᠲᠠᠰᠤᠷᠠᠯᠲᠠ | ᠦᠭᠡᠢ ᠳᠡᠭᠡᠭᠰᠢᠯᠡᠭᠦᠯᠵᠦ ᠪᠠᠶᠢᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠪᠦᠬᠦ | ᠣᠷᠣᠨ ᠤ ᠬᠥᠮᠥᠨ ᠠᠮᠠ ᠶᠢᠨ ᠶᠡᠷᠦᠩᠬᠡᠢ ᠲᠤᠭ᠎ᠠ 1949 ᠣᠨ ᠳᠤ 608.1 ᠲᠦᠮᠡᠨ ᠬᠥᠮᠥᠨ ᠪᠠᠶᠢᠭᠰᠠᠨ ᠠᠴᠠ | 2023 ᠣᠨ ᠳᠤ ᠦᠰᠦᠭᠡᠳ 2396 ᠲᠦᠮᠡᠨ ᠬᠥᠮᠥᠨ ᠪᠣᠯᠵᠤ᠂ ᠵᠢᠯ ᠪᠦᠷᠢ ᠳᠤᠮᠳᠠᠴᠢ ᠪᠠᠷ 1.9% ᠦᠰᠴᠤ᠂ | ᠬᠥᠮᠥᠨ ᠠᠮᠠ ᠶᠢᠨ ᠶᠡᠷᠦᠩᠬᠡᠢ ᠲᠤᠭ᠎ᠠ ᠦᠨᠳᠦᠰᠦᠨ ᠳᠤ ᠪᠠᠨ ᠲᠣᠭᠲᠠᠭᠤᠨ ᠢᠶᠠᠷ ᠨᠡᠮᠡᠭᠳᠡᠬᠦ ᠬᠠᠨᠳᠤᠰᠢ ᠶᠢ ᠪᠠᠲᠤᠯᠠᠪᠠ | ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠡᠷᠦᠬᠡ ᠠᠮᠠ ᠶᠢᠨ ᠳᠦᠷᠢᠮ ᠤᠨ | ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ | ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠬᠤᠲᠠ | ᠪᠠᠯᠭᠠᠰᠤᠨ ᠳᠤ ᠣᠷᠣᠬᠤ ᠶᠢ ᠠᠬᠢᠭᠤᠯᠤᠨ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ | ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ 2023 ᠣᠨ ᠳᠤ᠂ ᠪᠥᠬᠦ ᠣᠷᠣᠨ ᠤ ᠬᠥᠮᠥᠨ ᠠᠮᠠ ᠶᠢᠨ | ᠬᠤᠲᠠ ᠪᠠᠯᠭᠠᠰᠤᠵᠢᠯᠲᠠ ᠶᠢᠨ ᠨᠣᠷᠮ᠎ᠠ 69.58% ᠪᠠᠶᠢᠵᠤ᠂ 1978 ᠣᠨ ᠤ ᠬᠢ ᠲᠠᠢ ᠬᠠᠷᠢᠴᠠᠭᠤᠯᠪᠠᠯ 47. | 78 ᠵᠠᠭᠤᠨ ᠤ ᠴᠡᠭ ᠦᠰᠦᠭᠡᠳ ᠪᠥᠬᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠣᠯᠵᠤ᠂ ᠪᠥᠬᠦ | ᠤᠯᠤᠰ ᠤᠨ ᠠᠷᠪᠠᠳᠤᠭᠠᠷ ᠲᠤ ᠣᠷᠣᠭᠰᠠᠨ ᠪᠥᠭᠡᠳ ᠬᠠᠲᠤᠨ ᠭᠤᠣᠯ ᠳᠠᠭᠠᠤ ᠶᠢᠨ 9 ᠮᠤᠵᠢ ᠣᠷᠣᠨ ᠪᠠ ᠲᠠᠪᠤᠨ | ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠬᠤᠲᠠ ᠪᠠᠯᠭᠠᠰᠤᠵᠢᠯᠲᠠ ᠶᠢᠨ ᠨᠣᠷᠮ᠎ᠠ ᠪᠠᠷ ᠢᠶᠠᠨ ᠴᠥᠮ ᠨᠢᠭᠡᠳᠦᠭᠡᠷ ᠲᠤ | ᠣᠷᠣᠪᠠ᠃ | ︵ᠬᠤᠶᠠᠷ︶ ᠬᠥᠮᠥᠨ ᠠᠮᠠ ᠶᠢᠨ ᠬᠦᠢᠰᠦ ᠶᠢᠨ ᠢᠯᠭᠠᠯ ᠤᠨ ᠪᠦᠲᠦᠴᠡ ᠤᠯᠠᠮ ᠢᠶᠠᠷ ᠵᠦᠢ ᠵᠣᠬᠢᠰᠲᠠᠢ ᠪᠣᠯᠬᠤ | ᠬᠠᠨᠳᠤᠰᠢ ᠲᠠᠢ ᠪᠣᠯᠪᠠ᠃ ᠰᠢᠨ᠎ᠡ ᠴᠠᠭ ᠦᠶ᠎ᠡ ᠳᠤ ᠣᠷᠣᠭᠰᠠᠨ ᠤ ᠳᠠᠷᠠᠭ᠎ᠠ᠂ ᠠᠵᠤ ᠠᠬᠤᠢ ᠨᠡᠶᠢᠭᠡᠮ ᠤᠨ ᠶᠡᠭᠡ ᠪᠠᠷ | ᠬᠦᠭᠵᠢᠬᠦ ᠪᠠ ᠬᠠᠮᠲᠤ ᠪᠠᠷ ᠬᠦᠷᠲᠡᠬᠦ ᠣᠨᠣᠯᠵᠢᠬᠤᠨ ᠤ ᠭᠦᠨᠵᠡᠭᠡᠢ ᠠᠬᠢᠬᠤ ᠶᠢ ᠳᠠᠭᠠᠯᠳᠤᠨ᠂ ᠮᠠᠨ ᠤ ᠣᠷᠣᠨ ᠤ | ᠠᠷᠠᠳ ᠣᠯᠠᠨ ᠤ ᠦᠷᠡᠵᠢᠯ ᠤᠨ ᠦᠵᠡᠯᠲᠡ ᠳᠤ ᠴᠦ ᠴᠢᠬᠤᠯᠠ ᠶᠡᠭᠡ ᠬᠤᠪᠢᠷᠠᠯᠲᠠ ᠭᠠᠷᠴᠤ᠂ ︽ᠬᠦᠦ ᠬᠡᠦᠬᠡᠨ | ᠦᠷ᠎ᠡ ᠴᠥᠮ ᠠᠳᠠᠯᠢᠬᠠᠨ︾ ᠭᠡᠳᠡᠭ ᠦᠵᠡᠯᠲᠡ ᠬᠥᠮᠥᠰ ᠤᠨ ᠰᠡᠳᠬᠢᠯ ᠳᠤ ᠤᠯᠠᠮ ᠢᠶᠠᠷ ᠰᠠᠭᠤᠭᠳᠠᠨ᠂ ᠬᠥᠮᠥᠨ | ᠠᠮᠠ ᠶᠢᠨ ᠬᠦᠢᠰᠦ ᠶᠢᠨ ᠢᠯᠭᠠᠯ ᠤᠨ ᠪᠦᠲᠦᠴᠡ ᠦᠷᠭᠦᠯᠵᠢᠯᠡᠨ ᠰᠢᠯᠢᠳᠡᠭᠵᠢᠪᠡ᠃ 2023 ᠣᠨ ᠤ ᠡᠴᠦᠰ | ᠪᠣᠯᠬᠤ ᠳᠤ ᠪᠥᠬᠦ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ ᠡᠷᠡᠭᠲᠡᠢ 1227. 07 ᠲᠦᠮᠡᠨ | ᠬᠥᠮᠥᠨ ᠪᠠᠶᠢᠵᠤ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ 51.21% ᠶᠢ ᠡᠵᠡᠯᠡᠪᠡ︔ | ᠡᠮᠡᠭᠲᠡᠢ 1168.93 ᠲᠦᠮᠡᠨ ᠬᠥᠮᠥᠨ ᠪᠠᠶᠢᠵᠤ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ 48. | 79% ᠶᠢ ᠡᠵᠡᠯᠡᠪᠡ᠃ ᠬᠦᠢᠰᠦ ᠶᠢᠨ ᠢᠯᠭᠠᠯ ᠤᠨ ᠬᠠᠷᠢᠴᠠᠯ 104.97 ᠪᠠᠶᠢᠵᠤ᠂ 1949 ᠣᠨ ᠤ ᠬᠢ ᠠᠴᠠ | 16.88 ᠪᠠᠭᠤᠷᠠᠨ᠂ ᠡᠷᠡᠭᠲᠡᠢ ᠡᠮᠡᠭᠲᠡᠢ ᠶᠢᠨ ᠬᠠᠷᠢᠴᠠᠯ ᠤᠯᠠᠮ ᠢᠶᠠᠷ ᠵᠦᠢ ᠵᠣᠬᠢᠰᠲᠠᠢ ᠪᠣᠯᠵᠤ᠂ ᠬᠥᠮᠥᠨ ᠠᠮᠠ ᠶᠢᠨ | ᠬᠦᠢᠰᠦ ᠶᠢᠨ ᠢᠯᠭᠠᠯ ᠤᠨ ᠪᠦᠲᠦᠴᠡ ᠦᠷᠭᠦᠯᠵᠢᠯᠡᠨ ᠰᠠᠶᠢᠵᠢᠷᠠᠪᠠ᠃ | ︵ᠭᠤᠷᠪᠠ︶ ᠦᠨᠳᠦᠰᠦᠲᠡᠨ ᠨᠦᠭᠦᠳ ᠤᠨ ᠬᠥᠮᠥᠨ ᠠᠮᠠ ᠵᠡᠷᠭᠡ ᠪᠠᠷ ᠨᠡᠮᠡᠭᠳᠡᠵᠦ ᠪᠠᠶᠢᠨ᠎ᠠ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠦᠵᠡᠯ | ᠰᠠᠨᠠᠭ᠎ᠠ ᠬᠢᠭᠡᠳ ᠥᠢᠯᠡ ᠠᠵᠢᠯᠯᠠᠭ᠎ᠠ ᠪᠠᠨ ᠦᠨᠳᠦᠰᠦᠲᠡᠨ ᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠡᠷᠡᠰ ᠨᠢᠭᠡᠳᠬᠡᠨ᠂ ︽ᠳᠤᠮᠳᠠᠳᠤ ᠶᠢᠨ | ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯᠡᠩ ᠢᠶᠠᠨ | ᠬᠠᠮᠲᠤ ᠪᠠᠷ ᠪᠡᠶᠡᠯᠡᠭᠦᠯᠬᠦ︾ ᠶᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠪᠥᠬᠦ ᠣᠷᠣᠨ ᠤ ᠴᠥᠭᠡᠨ ᠲᠣᠭᠠᠲᠤ | ᠦᠨᠳᠦᠰᠦᠲᠡᠨ ᠤ ᠬᠥᠮᠥᠨ ᠠᠮᠠ ᠲᠣᠭᠲᠠᠭᠤᠨ ᠢᠶᠠᠷ ᠨᠡᠮᠡᠭᠳᠡᠭᠰᠡᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠭᠰᠠᠨ | ᠪᠠᠶᠢᠨ᠎ᠠ᠃ 2020 ᠣᠨ ᠳᠤ᠂ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠥᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠮᠠᠨ ᠤ ᠣᠷᠣᠨ ᠤ ᠴᠥᠭᠡᠨ ᠲᠣᠭᠠᠲᠤ ᠦᠨᠳᠦᠰᠦᠲᠡᠨ ᠤ | ᠬᠥᠮᠥᠨ ᠠᠮᠠ 511.36 ᠲᠦᠮᠡ ᠪᠠᠶᠢᠵᠤ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ 21. | 26% ᠶᠢ ᠡᠵᠡᠯᠡᠵᠦ᠂ 2010 ᠣᠨ ᠤ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠥᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠬᠢ ᠠᠴᠠ 5.8 ᠲᠦᠮᠡᠨ ᠬᠥᠮᠥᠨ ᠨᠡᠮᠡᠭᠳᠡᠨ᠂ ᠪᠥᠬᠦ ᠣᠷᠣᠨ ᠤ ᠦᠨᠳᠦᠰᠦᠲᠡᠨ ᠤ | ᠬᠥᠮᠥᠨ ᠠᠮᠠ ᠶᠢᠨ ᠡᠵᠡᠯᠡᠬᠦ ᠬᠤᠪᠢ ᠶᠢᠨ ᠵᠢᠩ 2010 ᠣᠨ ᠤ ᠬᠢ ᠠᠴᠠ 0.8 ᠵᠠᠭᠤᠨ ᠤ ᠴᠡᠭ ᠳᠡᠭᠡᠭᠰᠢᠯᠡᠪᠡ᠃ | ᠡᠭᠦᠨ ᠳᠤ᠂ ᠮᠣᠩᠭᠤᠯ ᠦᠨᠳᠦᠰᠦᠲᠡᠨ 424.78 ᠲᠦᠮᠡ ᠪᠠᠶᠢᠵᠤ᠂ ᠪᠥᠬᠦ ᠣᠷᠣᠨ ᠤ ᠪᠠᠶᠢᠩᠭᠤ ᠰᠠᠭᠤᠭ᠎ᠠ | ᠬᠥᠮᠥᠨ ᠠᠮᠠ ᠶᠢᠨ 17. 66% ᠶᠢ ᠡᠵᠡᠯᠡᠵᠦ᠂ 2010 ᠣᠨ ᠤ ᠬᠢ ᠠᠴᠠ 2.17 ᠲᠦᠮᠡ ᠨᠡᠮᠡᠭᠳᠡᠨ᠂ ᠪᠥᠬᠦ | ᠣᠷᠣᠨ ᠤ ᠦᠨᠳᠦᠰᠦᠲᠡᠨ ᠤ ᠬᠥᠮᠥᠨ ᠠᠮᠠ ᠶᠢᠨ ᠳᠣᠲᠣᠷ᠎ᠠ ᠡᠵᠡᠯᠡᠬᠦ ᠬᠤᠪᠢ ᠶᠢᠨ ᠵᠢᠩ ᠨᠢ 2010 | ᠣᠨ ᠤ ᠬᠢ ᠠᠴᠠ 0.55 ᠵᠠᠭᠤᠨ ᠤ ᠴᠡᠭ ᠳᠡᠭᠡᠭᠰᠢᠯᠡᠵᠡᠢ᠃ | ᠬᠤᠶᠠᠷ᠂ ᠠᠵᠢᠯ ᠣᠯᠭᠤᠯᠲᠠ ᠶᠢᠨ ᠶᠡᠷᠦᠩᠬᠡᠢ ᠲᠤᠭ᠎ᠠ ᠲᠣᠭᠲᠠᠭᠤᠨ ᠢᠶᠠᠷ ᠨᠡᠮᠡᠭᠳᠡᠵᠦ᠂ ᠠᠵᠢᠯ ᠣᠯᠭᠤᠯᠲᠠ ᠶᠢᠨ | ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ | ︵ᠨᠢᠭᠡ︶ ᠠᠵᠢᠯ ᠣᠯᠭᠤᠯᠲᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ᠃ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠤ ᠡᠬᠢ ᠪᠠᠷ᠂ ᠮᠠᠨ ᠤ ᠣᠷᠣᠨ ᠤ ᠠᠵᠢᠯ ᠣᠯᠭᠤᠯᠲᠠ ᠶᠢᠨ ᠬᠡᠪᠴᠢᠶ᠎ᠡ ᠨᠡᠯᠢᠶᠡᠳ ᠪᠠᠭ᠎ᠠ ᠪᠠᠶᠢᠪᠠ | ᠃ ︽ᠠᠩᠬᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠥᠬᠦ ᠣᠷᠣᠨ ᠢᠶᠠᠷ ᠢᠶᠠᠨ | ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠠᠵᠢᠯ ᠣᠯᠭᠤᠯᠲᠠ ᠶᠢ ᠴᠢᠷᠮᠠᠶᠢᠨ ᠥᠷᠭᠡᠳᠬᠡᠵᠦ᠂ ᠨᠡᠶᠢᠭᠡᠮ ᠤᠨ | ᠬᠥᠭᠵᠢᠯᠲᠡ ᠶᠢ ᠲᠣᠭᠲᠠᠭᠤᠨ ᠪᠠᠶᠢᠯᠭᠠᠬᠤ᠂ ᠰᠢᠨ᠎ᠡ ᠪᠠᠷ ᠪᠣᠶ ᠪᠣᠯᠤᠭᠰᠠᠨ ᠲᠥᠷᠥ ᠶᠢᠨ ᠡᠷᠬᠡ ᠶᠢ ᠪᠠᠬᠢᠵᠢᠭᠦᠯᠬᠦ ᠳᠤ | ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ 1957 ᠣᠨ ᠳᠤ ︽ᠠᠩᠬᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭ᠎ᠠ ᠳᠠᠭᠤᠰᠬᠤ ᠳᠤ᠂ ᠪᠦᠬᠦ ᠣᠷᠣᠨ ᠤ ᠠᠵᠢᠯ ᠣᠯᠣᠭᠰᠠᠳ 400.6 ᠲᠦᠮᠡ ᠳᠤ | ᠬᠦᠷᠴᠦ᠂ 1952 ᠣᠨ ᠤ ᠬᠢ ᠠᠴᠠ 55.3 ᠲᠦᠮᠡᠨ ᠬᠥᠮᠥᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 3% | ᠨᠡᠮᠡᠭᠳᠡᠵᠡᠢ᠃ 1958 ᠣᠨ ᠠᠴᠠ ᠥᠭᠡᠷᠡᠴᠢᠯᠡᠯᠲᠡ ᠨᠡᠭᠡᠭᠡᠯᠲᠡ ᠡᠬᠢᠯᠡᠬᠦ ᠠᠴᠠ ᠡᠮᠦᠨ᠎ᠡ ᠪᠣᠯᠲᠠᠯ᠎ᠠ᠂ ᠮᠠᠨ ᠤ | ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠨᠤᠭᠤᠷᠠᠯ ᠪᠦᠳᠦᠷᠢᠯ ᠤᠨ ᠳᠤᠮᠳᠠ ᠬᠥᠭᠵᠢᠵᠦ᠂ ᠠᠵᠢᠯ | ᠣᠯᠭᠤᠯᠲᠠ ᠶᠢᠨ ᠨᠡᠮᠡᠭᠳᠡᠯ ᠤᠨ ᠬᠤᠷᠳᠤᠴᠠ ᠤᠳᠠᠭᠠᠨ ᠪᠠᠶᠢᠪᠠ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠮᠠᠨ ᠤ ᠣᠷᠣᠨ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠭᠰᠠᠨ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠵᠦᠢᠯ ᠤᠨ ᠠᠷᠭ᠎ᠠ ᠶᠢ | ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠠᠬᠢᠭᠤᠯᠤᠨ ᠠᠵᠢᠯ ᠤᠨ ᠪᠠᠶᠢᠷᠢ ᠶᠢ ᠥᠷᠭᠡᠳᠬᠡᠵᠦ᠂ ᠠᠵᠤ ᠠᠬᠤᠢ ᠶᠢᠨ | ᠬᠥᠭᠵᠢᠯᠲᠡ ᠪᠠ ᠠᠵᠢᠯ ᠣᠯᠭᠤᠯᠲᠠ ᠪᠠᠨ ᠥᠷᠭᠡᠳᠭᠡᠬᠦ ᠶᠢ ᠬᠠᠮᠲᠤ ᠳᠤ ᠨᠢ ᠠᠬᠢᠭᠤᠯᠪᠠ᠃ 2023 ᠣᠨ ᠤ ᠡᠴᠦᠰ | ᠪᠣᠯᠲᠠᠯ᠎ᠠ᠂ ᠮᠠᠨ ᠤ ᠣᠷᠣᠨ ᠤ ᠬᠤᠲᠠ ᠬᠥᠳᠡᠭᠡᠨ ᠤ ᠠᠵᠢᠯ ᠣᠯᠭᠤᠯᠲᠠ ᠶᠢᠨ ᠶᠡᠷᠦᠩᠬᠡᠢ ᠲᠤᠭ᠎ᠠ 1211 ᠲᠦᠮᠡᠨ | ᠬᠥᠮᠥᠨ ᠳᠤ ᠬᠦᠷᠴᠦ᠂ 1952 ᠣᠨ ᠤ ᠬᠢ ᠠᠴᠠ 865.7 ᠲᠦᠮᠡᠨ ᠬᠥᠮᠥᠨ ᠨᠡᠮᠡᠭᠳᠡᠨ᠂ 2. 5 ᠳᠠᠬᠢᠨ | ᠨᠡᠮᠡᠭᠳᠡᠵᠦ᠂ ᠵᠢᠯ ᠪᠦᠷᠢ ᠳᠤᠮᠳᠠᠴᠢ ᠪᠠᠷ 12.2 ᠲᠦᠮᠡᠨ ᠬᠥᠮᠥᠨ ᠨᠡᠮᠡᠭᠳᠡᠨ᠂ ᠵᠢᠯ ᠪᠦᠷᠢ ᠳᠤᠮᠳᠠᠴᠢ ᠪᠠᠷ 1. 8% | ᠨᠡᠮᠡᠭᠳᠡᠪᠡ᠃ ᠡᠭᠦᠨ ᠳᠤ᠂ ᠬᠤᠳᠠ ᠪᠠᠯᠭᠠᠰᠤᠨ ᠤ ᠠᠵᠢᠯ ᠣᠯᠣᠭᠰᠠᠳ 784 ᠲᠦᠮᠡᠨ ᠬᠦᠮᠦᠨ ᠳᠤ ᠬᠦᠷᠴᠦ᠂ | 1978 ᠣᠨ ᠤ ᠬᠢ ᠠᠴᠠ 2.4 ᠲᠠᠬᠢᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 2.8% ᠨᠡᠮᠡᠭᠳᠡᠪᠡ᠃ | ᠪᠠᠶᠢᠩᠭᠤ ᠰᠠᠭᠤᠭ᠎ᠠ ᠬᠥᠮᠥᠨ ᠠᠮᠠ ᠳᠠᠬᠢ ᠠᠵᠢᠯ ᠣᠯᠣᠭᠰᠠᠳ ᠤᠨ ᠡᠵᠡᠯᠡᠬᠦ ᠬᠤᠪᠢ ᠶᠢᠨ ᠵᠢᠩ 1978 ᠣᠨ ᠳᠤ | 35.8% ᠪᠠᠶᠢᠭᠰᠠᠨ ᠠᠴᠠ ᠪᠠᠨ ᠨᠡᠮᠡᠭᠳᠡᠭᠡᠳ 50.5% ᠪᠣᠯᠵᠤ᠂ 14.7 ᠵᠠᠭᠤᠨ ᠤ ᠴᠡᠭ ᠥᠰᠴᠡᠢ᠃ | ︵ᠬᠤᠶᠠᠷ︶ ᠠᠵᠢᠯ ᠣᠯᠭᠤᠯᠲᠠ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ᠠᠵᠤ | ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠵᠢᠴᠢ ᠰᠠᠭᠤᠭᠠᠯᠢ ᠠᠷᠠᠳ ᠤᠨ ᠠᠵᠢᠯ ᠣᠯᠬᠤ | ᠦᠵᠡᠯᠲᠡ ᠶᠢᠨ ᠬᠤᠪᠢᠷᠠᠬᠤ ᠶᠢ ᠳᠠᠭᠠᠯᠳᠤᠨ᠂ ᠪᠥᠬᠦ ᠣᠷᠣᠨ ᠤ ᠠᠵᠢᠯ ᠣᠯᠭᠤᠯᠲᠠ ᠶᠢᠨ ᠪᠦᠲᠦᠴᠡ ᠶᠢ ᠲᠠᠰᠤᠷᠠᠯᠲᠠ | ᠦᠭᠡᠢ ᠲᠣᠬᠢᠷᠠᠭᠤᠯᠤᠨ ᠰᠢᠯᠢᠳᠡᠭᠵᠢᠭᠦᠯᠵᠦ᠂ ᠭᠤᠷᠪᠠᠳᠤᠭᠠᠷ ᠠᠵᠤ ᠦᠢᠯᠡᠰ ᠢᠶᠠᠷ ᠠᠵᠢᠯ ᠣᠯᠣᠭᠰᠠᠳ ᠤᠨ ᠡᠵᠡᠯᠡᠬᠦ | ᠬᠠᠷᠢᠴᠠᠯ ᠲᠠᠰᠤᠷᠠᠯᠲᠠ ᠦᠭᠡᠢ ᠳᠡᠭᠡᠭᠰᠢᠯᠡᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠡᠬᠢᠨ ᠠᠴᠠ | ᠥᠭᠡᠷᠡᠴᠢᠯᠡᠯᠲᠡ ᠨᠡᠭᠡᠭᠡᠯᠲᠡ ᠡᠬᠢᠯᠡᠬᠦ ᠠᠴᠠ ᠡᠮᠦᠨ᠎ᠡ ᠪᠣᠯᠲᠠᠯ᠎ᠠ᠂ ᠪᠦᠬᠦ ᠣᠷᠣᠨ ᠤ ᠠᠵᠤ ᠦᠢᠯᠡᠰ ᠤᠨ ᠪᠦᠲᠦᠴᠡ | ᠲᠠᠷᠢᠶᠠᠯᠠᠩ ᠮᠠᠯ ᠠᠵᠤ ᠠᠬᠤᠢ ᠪᠠᠷ ᠭᠤᠣᠯ ᠪᠣᠯᠭᠠᠨ᠂ ᠠᠵᠢᠯ ᠣᠯᠭᠤᠯᠲᠠ ᠭᠤᠣᠯᠳᠠᠭᠤ ᠨᠢᠭᠡᠳᠦᠭᠡᠷ ᠠᠵᠤ | ᠦᠢᠯᠡᠰ ᠤᠨ ᠳᠠᠶᠢᠴᠢᠯᠠᠯᠲᠠ ᠳᠤ ᠳᠦᠰᠢᠭᠯᠡᠳᠡᠭ ᠪᠠᠶᠢᠪᠠ᠃ 1952 ᠣᠨ ᠳᠤ᠂ ᠮᠠᠨ ᠤ ᠣᠷᠣᠨ ᠤ ᠭᠤᠷᠪᠠᠨ ᠠᠵᠤ | ᠦᠢᠯᠡᠰ ᠢᠶᠠᠷ ᠠᠵᠢᠯ ᠣᠯᠣᠭᠰᠠᠳ ᠤᠨ ᠬᠠᠷᠢᠴᠠᠯ 87.6:3.8:8.6 ᠪᠠᠶᠢᠵᠤ᠂ 1978 ᠣᠨ ᠪᠣᠯᠬᠤ ᠳᠤ | ᠬᠤᠪᠢᠷᠠᠭᠠᠳ 67.1:18.5:14.4 ᠪᠣᠯᠵᠤ᠂ ᠨᠢᠭᠡᠳᠦᠭᠡᠷ ᠠᠵᠤ ᠦᠢᠯᠡᠰ ᠢᠶᠠᠷ ᠠᠵᠢᠯ ᠣᠯᠣᠭᠰᠠᠳ ᠤᠨ ᠡᠵᠡᠯᠡᠬᠦ | ᠬᠠᠷᠢᠴᠠᠯ ᠪᠠᠭᠤᠷᠠᠭᠰᠠᠨ ᠪᠣᠯᠪᠠᠴᠤ ᠮᠥᠨ ᠯᠡ ᠬᠠᠷᠢᠴᠠᠯᠠᠰᠢᠭᠦᠢ ᠳᠠᠪᠠᠭᠤᠯᠢᠭ ᠢᠶᠠᠷ ᠠᠵᠢᠯ ᠣᠯᠭᠤᠯᠲᠠ ᠶᠢᠨ | ᠪᠦᠲᠦᠴᠡ ᠶᠢ ᠭᠤᠣᠯᠯᠠᠨ ᠤᠳᠤᠷᠢᠳᠴᠤ ᠪᠠᠶᠢᠪᠠ᠃ ᠥᠭᠡᠷᠡᠴᠢᠯᠡᠯᠲᠡ ᠨᠡᠭᠡᠭᠡᠯᠲᠡ ᠬᠢᠵᠦ ᠡᠬᠢᠯᠡᠭᠰᠡᠨ ᠤ ᠳᠠᠷᠠᠭ᠎ᠠ᠂ | ᠵᠠᠬ᠎ᠠ ᠳᠡᠯᠭᠡᠭᠦᠷ ᠤᠨ ᠤᠯᠠᠮ ᠨᠢᠭᠡ ᠠᠯᠬᠤᠮ ᠴᠢᠯᠥᠭᠡᠲᠡᠢ ᠪᠣᠯᠬᠤ ᠶᠢ ᠳᠠᠭᠠᠯᠳᠤᠨ᠂ ᠮᠠᠨ ᠤ ᠣᠷᠣᠨ ᠤ ᠠᠵᠤ | ᠦᠢᠯᠡᠰ ᠤᠨ ᠪᠦᠲᠦᠴᠡ ᠮᠠᠶ᠋ᠢᠭ ᠲᠠᠷᠢᠶᠠᠯᠠᠩ ᠮᠠᠯ ᠠᠵᠤ ᠠᠬᠤᠢ ᠪᠠᠷ ᠭᠤᠣᠯᠯᠠᠭᠤᠯᠵᠤ ᠪᠠᠶᠢᠭᠰᠠᠨ ᠠᠴᠠ | ᠠᠭᠠᠵᠢᠮ ᠢᠶᠠᠷ ᠲᠠᠷᠢᠶᠠᠯᠠᠩ ᠮᠠᠯ ᠠᠵᠤ ᠠᠬᠤᠢ ᠪᠠᠷ ᠰᠠᠭᠤᠷᠢ ᠪᠣᠯᠭᠠᠬᠤ ᠲᠡᠶᠢᠰᠢ ᠬᠤᠪᠢᠷᠠᠨ᠂ ᠡᠬᠢ ᠪᠠᠶᠠᠯᠢᠭ ᠢ | ᠨᠡᠭᠡᠭᠡᠨ ᠬᠥᠭᠵᠢᠭᠦᠯᠬᠦ ᠪᠠ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠦᠳᠲᠡᠷ ᠲᠦᠷᠭᠡᠨ ᠬᠥᠭᠵᠢᠵᠦ᠂ | ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠲᠠᠰᠤᠷᠠᠯᠲᠠ ᠦᠭᠡᠢ ᠥᠷᠭᠡᠵᠢᠭᠡᠳ ᠣᠯᠠᠨ ᠡᠰᠢᠵᠢᠭᠰᠡᠨ᠂ ᠣᠯᠠᠨ ᠲᠠᠰ | ᠳᠠᠪᠬᠤᠷᠭ᠎ᠠ ᠲᠠᠢ ᠠᠵᠤ ᠦᠢᠯᠡᠰ ᠪᠦᠷᠢᠯᠳᠦᠪᠡ᠃ 1985 ᠠᠴᠠ 1997 ᠣᠨ ᠤ 13 ᠵᠢᠯ ᠤᠨ | ᠬᠤᠭᠤᠴᠠᠭᠠᠨ ᠳᠤ᠂ ᠮᠠᠨ ᠤ ᠣᠷᠣᠨ ᠤ ᠬᠤᠶᠠᠳᠤᠭᠠᠷ ᠠᠵᠤ ᠦᠢᠯᠡᠰ ᠢᠶᠠᠷ ᠠᠵᠢᠯ ᠣᠯᠣᠭᠰᠠᠳ ᠤᠨ ᠡᠵᠡᠯᠡᠬᠦ | ᠬᠠᠷᠢᠴᠠᠯ ᠢᠮᠠᠭᠲᠠ 20% ᠠᠴᠠ ᠳᠡᠭᠡᠭᠰᠢ ᠪᠠᠶᠢᠬᠤ ᠶᠢ ᠪᠠᠲᠤᠯᠠᠪᠠ︔ 1987 ᠣᠨ ᠳᠤ᠂ ᠮᠠᠨ ᠤ ᠣᠷᠣᠨ ᠤ | ᠭᠤᠷᠪᠠᠳᠤᠭᠠᠷ ᠠᠵᠤ ᠦᠢᠯᠡᠰ ᠢᠶᠠᠷ ᠠᠵᠢᠯᠯᠠᠭᠰᠠᠳ ᠤᠨ ᠲᠤᠭ᠎ᠠ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠤ ᠳᠠᠷᠠᠭ᠎ᠠ | ᠠᠩᠬ᠎ᠠ ᠤᠳᠠᠭ᠎ᠠ ᠬᠤᠶᠠᠳᠤᠭᠠᠷ ᠠᠵᠤ ᠦᠢᠯᠡᠰ ᠢ ᠳᠠᠪᠠᠵᠤ᠂ ᠭᠤᠷᠪᠠᠳᠤᠭᠠᠷ ᠠᠵᠤ ᠦᠢᠯᠡᠰ ᠢᠶᠠᠷ ᠠᠵᠢᠯ | ᠣᠯᠣᠭᠰᠠᠳ ᠤᠨ ᠬᠠᠷᠢᠴᠠᠯ ᠨᠢ 55:21.1:23.9 ᠪᠣᠯᠵᠤ ᠬᠤᠪᠢᠷᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠬᠤᠶᠢᠰᠢ᠂ ᠪᠥᠬᠦ ᠣᠷᠣᠨ ᠤ ᠭᠤᠷᠪᠠᠳᠤᠭᠠᠷ ᠠᠵᠤ ᠦᠢᠯᠡᠰ ᠢᠶᠠᠷ ᠠᠵᠢᠯ ᠣᠯᠣᠭᠰᠠᠳ ᠤᠨ ᠲᠤᠭ᠎ᠠ | ᠲᠠᠰᠤᠷᠠᠯᠲᠠ ᠦᠭᠡᠢ ᠨᠡᠮᠡᠭᠳᠡᠵᠦ᠂ ᠠᠵᠢᠯ ᠣᠯᠭᠤᠯᠲᠠ ᠶᠢᠨ ᠬᠤᠪᠢ ᠶᠢᠨ ᠵᠢᠩ ᠲᠠᠰᠤᠷᠠᠯᠲᠠ ᠦᠭᠡᠢ ᠨᠡᠮᠡᠭᠳᠡᠨ᠂ ︽ | ᠭᠤᠷᠪᠠᠳᠤᠭᠠᠷ ᠨᠢᠭᠡᠳᠦᠭᠡᠷ ᠬᠤᠶᠠᠳᠤᠭᠠᠷ︾ ᠭᠡᠬᠦ ᠠᠵᠢᠯ ᠣᠯᠭᠤᠯᠲᠠ ᠶᠢᠨ ᠪᠠᠶᠢᠳᠠᠯ ᠠᠯᠬᠤᠮ ᠠᠯᠬᠤᠮ ᠢᠶᠠᠷ | ᠢᠯᠡᠷᠡᠪᠡ᠃ 2023 ᠣᠨ ᠳᠤ᠂ ᠮᠠᠨ ᠤ ᠣᠷᠣᠨ ᠤ ᠭᠤᠷᠪᠠᠨ ᠠᠵᠤ ᠦᠢᠯᠡᠰ ᠤᠨ ᠠᠵᠢᠯ ᠣᠯᠭᠤᠯᠲᠠ ᠶᠢᠨ | ᠪᠦᠲᠦᠴᠡ ᠨᠢᠭᠡᠨᠲᠡ 34.4᠄ 17.7᠄ 47.9 ᠪᠣᠯᠣᠨ ᠬᠤᠪᠢᠷᠠᠵᠤ᠂ ᠪᠥᠬᠦ ᠨᠡᠶᠢᠭᠡᠮ ᠤᠨ ᠠᠵᠢᠯ | ᠣᠯᠭᠤᠯᠲᠠ ᠶᠢᠨ ᠪᠦᠲᠦᠴᠡ ᠦᠷᠭᠦᠯᠵᠢᠯᠡᠨ ᠰᠢᠯᠢᠳᠡᠭᠵᠢᠭᠡᠳ ᠠᠵᠢᠯ ᠣᠯᠭᠤᠯᠲᠠ ᠳᠤ ᠦᠢᠯᠡᠴᠢᠯᠡᠭᠡᠨ ᠤ | ᠦᠢᠯᠡᠰ ᠤᠨ ᠬᠤᠷᠠᠭᠤᠯᠵᠤ ᠬᠠᠩᠭᠠᠬᠤ ᠴᠢᠳᠠᠮᠵᠢ ᠨᠢ ᠡᠳᠦᠷ ᠢᠷᠡᠬᠦᠶ᠎ᠡ ᠢᠯᠡᠷᠬᠡᠢ ᠪᠣᠯᠪᠠ᠃ | ︵ᠭᠤᠷᠪᠠ︶ ᠠᠵᠢᠯ ᠣᠯᠭᠤᠯᠲᠠ ᠶᠢᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠪᠡ᠃ ᠨᠢᠭᠡ ᠲᠠᠯ᠎ᠠ ᠪᠠᠷ᠂ | ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠲᠠᠰᠤᠷᠠᠯᠲᠠ ᠦᠭᠡᠢ ᠬᠥᠭᠵᠢᠨ ᠪᠣᠯᠪᠠᠰᠤᠷᠠᠬᠤ ᠶᠢ ᠳᠠᠭᠠᠯᠳᠤᠨ | ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠤᠳᠠᠯᠳᠤᠭᠠᠨ ᠤ ᠬᠡᠪ ᠵᠠᠭᠪᠤᠷ | ᠲᠠᠰᠤᠷᠠᠯᠲᠠ ᠦᠭᠡᠢ ᠨᠡᠮᠡᠭᠳᠡᠵᠦ᠂ ᠮᠠᠨ ᠤ ᠣᠷᠣᠨ ᠳᠤ ᠡᠯ᠎ᠡ ᠲᠥᠷᠥᠯ ᠤᠨ ᠰᠢᠨ᠎ᠡ ᠪᠠᠷ ᠪᠤᠢ ᠪᠣᠯᠵᠤ ᠪᠠᠶᠢᠭ᠎ᠠ ᠠᠵᠢᠯ | ᠣᠯᠭᠤᠯᠲᠠ ᠶᠢᠨ ᠠᠵᠢᠯ ᠤᠨ ᠪᠠᠶᠢᠷᠢ ᠲᠠᠰᠤᠷᠠᠯᠲᠠ ᠦᠭᠡᠢ ᠢᠯᠡᠷᠡᠨ ᠭᠠᠷᠪᠠ᠃ 2023 ᠣᠨ ᠳᠤ᠂ ᠪᠥᠬᠦ | ᠣᠷᠣᠨ ᠤ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ | ᠦᠢᠯᠡᠴᠢᠯᠡᠭᠡᠨ ᠤ ᠦᠢᠯᠡᠰ ᠢᠶᠠᠷ ᠬᠤᠲᠠ ᠪᠠᠯᠭᠠᠰᠤᠨ ᠤ ᠨᠢᠭᠡᠴᠢ ᠳᠤ 5.5 ᠲᠦᠮᠡᠨ ᠬᠥᠮᠥᠨ ᠠᠵᠢᠯ ᠣᠯᠵᠤ᠂ | 2008 ᠣᠨ ᠤ ᠬᠢ ᠠᠴᠠ 48.6% ᠪᠠᠷ ᠨᠡᠮᠡᠭᠳᠡᠪᠡ︔ ᠮᠥᠩᠭᠦᠨ ᠭᠦᠢᠯᠭᠡᠭᠡᠨ ᠤ ᠦᠢᠯᠡᠰ ᠢᠶᠠᠷ ᠬᠤᠲᠠ | ᠪᠠᠯᠭᠠᠰᠤᠨ ᠤ ᠨᠢᠭᠡᠴᠢ ᠳᠤ 15.9 ᠲᠦᠮᠡᠨ ᠬᠥᠮᠥᠨ ᠠᠵᠢᠯ ᠣᠯᠵᠤ᠂ 2008 ᠣᠨ ᠤ ᠬᠢ ᠠᠴᠠ 76.7% ᠪᠠᠷ | ᠨᠡᠮᠡᠭᠳᠡᠪᠡ︔ ᠳᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠢᠶᠠᠷ 15 ᠲᠦᠮᠡᠨ | ᠬᠥᠮᠥᠨ ᠠᠵᠢᠯ ᠣᠯᠵᠤ᠂ 2008 ᠣᠨ ᠤ ᠬᠢ ᠠᠴᠠ 400% ᠪᠠᠷ ᠨᠡᠮᠡᠭᠳᠡᠪᠡ᠃ ᠨᠥᠭᠦᠭᠡ ᠲᠠᠯ᠎ᠠ ᠪᠠᠷ᠂ | ᠬᠥᠷᠥᠩᠭᠡ ᠮᠥᠩᠭᠦ ᠶᠢᠨ ᠣᠷᠣᠭᠤᠯᠤᠯᠲᠠ ᠨᠡᠮᠡᠭᠳᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ | ᠲᠦᠷᠭᠡᠰᠬᠦ᠂ ᠬᠥᠳᠡᠯᠮᠦᠷᠢᠴᠢᠳ ᠤᠨ ᠬᠡᠪ ᠴᠢᠨᠠᠷ ᠳᠡᠭᠡᠭᠰᠢᠯᠡᠬᠦ ᠵᠢᠴᠢ ᠠᠵᠤ ᠦᠢᠯᠡᠰ ᠤᠨ ᠪᠦᠲᠦᠴᠡ ᠪᠠᠨ | ᠰᠢᠯᠢᠳᠡᠭᠵᠢᠭᠦᠯᠦᠨ ᠲᠣᠬᠢᠷᠠᠭᠤᠯᠬᠤ ᠶᠢ ᠳᠠᠭᠠᠯᠳᠤᠨ᠂ ᠮᠠᠨ ᠤ ᠣᠷᠣᠨ ᠤ ᠬᠥᠳᠡᠯᠮᠦᠷᠢ ᠬᠦᠴᠦᠨ ᠤ ᠬᠦᠴᠦᠨ | ᠵᠦᠢᠯ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠪᠡ᠃ ᠬᠤᠪᠢᠷᠠᠯᠲᠠ ᠦᠭᠡᠢ | ᠦᠨ᠎ᠡ ᠪᠠᠷ ᠪᠤᠳᠤᠪᠠᠯ᠂ ᠪᠥᠬᠦ ᠣᠷᠣᠨ ᠤ ᠨᠡᠶᠢᠭᠡᠮ ᠤᠨ ᠬᠥᠳᠡᠯᠮᠦᠷᠢ ᠦᠢᠯᠡᠳᠪᠦᠷᠢᠯᠡᠯ ᠤᠨ ᠨᠣᠷᠮ᠎ᠠ 1981 | ᠣᠨ ᠳᠤ 0.11 ᠲᠦᠮᠡᠨ ᠲᠥᠭᠦᠷᠢᠭ / ᠬᠥᠮᠥᠨ ᠪᠠᠶᠢᠭᠰᠠᠨ ᠠᠴᠠ ᠳᠡᠭᠡᠭᠰᠢᠯᠡᠭᠡᠳ 2023 ᠣᠨ ᠳᠤ 17.19 | ᠲᠦᠮᠡᠨ ᠲᠥᠭᠦᠷᠢᠭ / ᠬᠥᠮᠥᠨ ᠪᠣᠯᠪᠠ᠃ | ᠭᠤᠷᠪᠠ᠂ ᠬᠥᠳᠡᠯᠮᠦᠷᠢ ᠶᠢᠨ ᠬᠥᠯᠥᠰᠦ ᠣᠯᠭᠤᠮᠵᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠣᠷᠣᠯᠭ᠎ᠠ ᠶᠢᠨ | ᠵᠥᠷᠢᠶ᠎ᠡ ᠶᠢ ᠠᠭᠠᠵᠢᠮ ᠢᠶᠠᠷ ᠪᠠᠭᠠᠰᠬᠠᠪᠠ | ︵ᠨᠢᠭᠡ︶ ᠴᠠᠯᠢᠩ ᠤᠨ ᠣᠷᠣᠯᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠥᠭᠡᠷᠡᠴᠢᠯᠡᠯᠲᠡ ᠨᠡᠭᠡᠭᠡᠯᠲᠡ | ᠬᠢᠵᠦ ᠡᠬᠢᠯᠡᠬᠦ ᠠᠴᠠ ᠡᠮᠦᠨ᠎ᠡ᠂ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠨᠡᠯᠢᠶᠡᠳ | ᠳᠣᠣᠷ᠎ᠠ᠂ ᠬᠤᠪᠢᠶᠠᠷᠢᠯᠠᠯᠲᠠ ᠶᠢᠨ ᠳᠦᠷᠢᠮ ᠲᠠᠩ ᠴᠤᠯᠭᠤᠢ᠂ ᠠᠵᠢᠯᠲᠠᠨ ᠠᠵᠢᠯᠴᠢᠨ ᠤ ᠴᠠᠯᠢᠩ ᠤᠨ ᠲᠦᠪᠰᠢᠨ | ᠨᠡᠯᠢᠶᠡᠳ ᠳᠣᠣᠷ᠎ᠠ ᠮᠥᠷᠲᠡᠭᠡᠨ ᠨᠡᠮᠡᠭᠳᠡᠯ ᠨᠢ ᠤᠳᠠᠭᠠᠨ ᠪᠠᠶᠢᠪᠠ᠃ 1978 ᠣᠨ ᠳᠤ᠂ ᠪᠥᠬᠦ ᠣᠷᠣᠨ ᠤ ᠠᠵᠢᠯᠲᠠᠨ | ᠠᠵᠢᠯᠴᠢᠨ ᠤ ᠵᠢᠯ ᠤᠨ ᠳᠤᠮᠳᠠᠴᠢ ᠴᠠᠯᠢᠩ 712 ᠲᠥᠭᠦᠷᠢᠭ ᠪᠠᠶᠢᠵᠤ᠂ 1952 ᠣᠨ ᠤ ᠬᠢ ᠲᠠᠢ ᠬᠠᠷᠢᠴᠠᠭᠤᠯᠪᠠᠯ | ᠂ 26 ᠵᠢᠯ ᠳᠤ ᠵᠥᠪᠬᠡᠨ 312 ᠲᠥᠭᠦᠷᠢᠭ ᠨᠡᠮᠡᠭᠳᠡᠵᠦ᠂ ᠵᠢᠯ ᠪᠦᠷᠢ ᠳᠤᠮᠳᠠᠴᠢ ᠪᠠᠷ 12 ᠲᠥᠭᠦᠷᠢᠭ ᠨᠡᠮᠡᠭᠳᠡᠨ᠂ | ᠵᠢᠯ ᠪᠦᠷᠢ ᠳᠤᠮᠳᠠᠴᠢ ᠪᠠᠷ ᠵᠥᠪᠬᠡᠨ 2.2% ᠤᠨ ᠨᠡᠮᠡᠭᠳᠡᠯ ᠤᠨ ᠬᠤᠷᠳᠤᠴᠠ ᠲᠠᠢ ᠪᠠᠶᠢᠵᠠᠢ᠃ ᠥᠭᠡᠷᠡᠴᠢᠯᠡᠯᠲᠡ | ᠨᠡᠭᠡᠭᠡᠯᠲᠡ ᠬᠢᠵᠦ ᠡᠬᠢᠯᠡᠭᠰᠡᠨ ᠤ ᠳᠠᠷᠠᠭ᠎ᠠ᠂ ᠮᠠᠨ ᠤ ᠣᠷᠣᠨ ᠤ ᠠᠵᠤ ᠠᠬᠤᠢ ᠲᠦᠷᠭᠡᠨ ᠬᠦᠭᠵᠢᠪᠡ᠂ ᠢᠯᠠᠩᠭᠤᠶ᠎ᠠ | 1992 ᠠᠴᠠ 2012 ᠣᠨ ᠤ ᠬᠤᠭᠤᠷᠣᠨᠳᠤ᠂ ᠮᠠᠨ ᠤ ᠣᠷᠣᠨ ᠤ ᠠᠵᠤ ᠠᠬᠤᠢ 20 ᠵᠢᠯ ᠤᠨ ᠲᠤᠷᠰᠢᠳᠠ | 10% ᠠᠴᠠ ᠳᠡᠭᠡᠭᠰᠢᠬᠢ ᠨᠡᠮᠡᠭᠳᠡᠯ ᠲᠠᠢ ᠪᠣᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠮᠠᠨ ᠤ ᠣᠷᠣᠨ ᠴᠠᠯᠢᠩ ᠤᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ | ᠣᠷᠣᠨ ᠪᠦᠰᠡ ᠶᠢᠨ ᠴᠢᠨᠠᠷᠲᠠᠢ᠂ ᠠᠵᠢᠯ ᠲᠥᠷᠥᠯ ᠤᠨ ᠴᠢᠨᠠᠷᠲᠠᠢ ᠴᠠᠯᠢᠩ ᠳᠤ ᠬᠠᠮᠲᠤ ᠪᠠᠷ ᠵᠥᠪᠳᠡᠯᠴᠡᠬᠦ | ᠳᠦᠷᠢᠮ ᠤᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠢ ᠶᠢᠨ ᠪᠠᠶᠢᠭᠤᠯᠤᠯ ᠯᠤᠭ᠎ᠠ ᠵᠣᠬᠢᠴᠠᠯᠳᠤᠭᠰᠠᠨ ᠴᠠᠯᠢᠩ ᠤᠨ ᠬᠤᠪᠢᠶᠠᠷᠢᠯᠠᠯᠲᠠ ᠶᠢᠨ ᠳᠦᠷᠢᠮ ᠢ ᠪᠠᠶᠢᠭᠤᠯᠤᠨ᠂ | ᠬᠥᠳᠡᠯᠮᠦᠷᠢ ᠶᠢᠨ ᠬᠥᠯᠥᠰᠦ ᠣᠯᠭᠤᠮᠵᠢ ᠬᠢᠭᠡᠳ ᠠᠵᠤ ᠠᠬᠤᠢ ᠶᠢᠨ ᠬᠥᠭᠵᠢᠯᠲᠡ ᠶᠢ ᠵᠣᠬᠢᠴᠠᠩᠭᠤᠢ ᠪᠠᠷ ᠠᠬᠢᠭᠤᠯᠵᠤ | ᠂ ᠠᠵᠢᠯᠲᠠᠨ ᠠᠵᠢᠯᠴᠢᠳ ᠤᠨ ᠴᠠᠯᠢᠩ ᠢ ᠦᠷᠭᠦᠯᠵᠢᠯᠡᠨ ᠥᠰᠬᠡᠪᠡ᠃ 2023 ᠣᠨ ᠳᠤ᠂ ᠮᠠᠨ ᠤ ᠣᠷᠣᠨ ᠤ | ᠬᠤᠲᠠ ᠪᠠᠯᠭᠠᠰᠤᠨ ᠤ ᠬᠤᠪᠢ ᠶᠢᠨ ᠪᠤᠰᠤ ᠡᠵᠡᠩᠨᠡᠯᠲᠡ ᠶᠢᠨ ᠨᠢᠭᠡᠴᠢ ᠶᠢᠨ ᠠᠵᠢᠯ ᠤᠨ ᠪᠠᠶᠢᠷᠢᠨ ᠳᠤ ᠪᠠᠶᠢᠭ᠎ᠠ | ᠠᠵᠢᠯᠲᠠᠨ ᠠᠵᠢᠯᠴᠢᠨ ᠤ ᠵᠢᠯ ᠤᠨ ᠳᠤᠮᠳᠠᠴᠢ ᠴᠠᠯᠢᠩ 111602 ᠲᠥᠭᠦᠷᠢᠭ ᠲᠤ ᠬᠦᠷᠴᠦ᠂ ᠲᠣᠰ ᠲᠣᠰ | 1978 ᠣᠨ ᠪᠠ 2012 ᠣᠨ ᠤ 156.7 ᠳᠠᠬᠢᠨ ᠪᠠ 2.4 ᠳᠠᠬᠢᠨ ᠪᠣᠯᠵᠤ᠂ ᠵᠢᠯ ᠪᠦᠷᠢ ᠳᠤᠮᠳᠠᠴᠢ ᠪᠠᠷ | ᠲᠣᠰ ᠲᠣᠰ 11.9% ᠪᠠ 8.2% ᠨᠡᠮᠡᠭᠳᠡᠵᠦ᠂ ᠥᠭᠡᠷᠡᠴᠢᠯᠡᠯᠲᠡ ᠨᠡᠭᠡᠭᠡᠯᠲᠡ ᠬᠢᠵᠦ ᠡᠬᠢᠯᠡᠬᠦ ᠠᠴᠠ ᠡᠮᠦᠨᠡᠬᠢ | ᠨᠡᠮᠡᠭᠳᠡᠬᠦ ᠬᠤᠷᠳᠤᠴᠠ ᠶᠢᠨ ᠲᠦᠪᠰᠢᠨ ᠠᠴᠠ ᠬᠤᠯᠠ ᠲᠦᠷᠭᠡᠨ ᠪᠣᠯᠤᠭᠰᠠᠨ ᠪᠠᠶᠢᠨ᠎ᠠ᠃ | ︵ᠬᠤᠶᠠᠷ︶ ᠴᠠᠯᠢᠩ ᠤᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠪᠠ᠃ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠠᠴᠠ ᠥᠭᠡᠷᠡᠴᠢᠯᠡᠯᠲᠡ ᠨᠡᠭᠡᠭᠡᠯᠲᠡ ᠬᠢᠵᠦ ᠡᠬᠢᠯᠡᠭᠰᠡᠨ ᠤ ᠡᠬᠢᠨ ᠪᠣᠯᠲᠠᠯ᠎ᠠ᠂ ᠪᠦᠬᠦ ᠣᠷᠣᠨ ᠤ | ᠨᠢᠭᠡᠴᠢ ᠶᠢᠨ ᠲᠦᠷᠦᠯ ᠲᠠᠩ ᠴᠤᠯᠭᠤᠢ᠂ ᠠᠵᠢᠯᠲᠠᠨ ᠠᠵᠢᠯᠴᠢᠳ ᠤᠯᠤᠰ ᠤᠨ ᠦᠮᠴᠢᠯᠡᠯᠲᠦ ᠨᠢᠭᠡᠴᠢ ᠪᠠ | ᠬᠠᠮᠲᠤ ᠶᠢᠨ ᠨᠢᠭᠡᠴᠢ ᠳᠤ ᠲᠥᠪᠯᠡᠷᠡᠵᠦ ᠪᠠᠶᠢᠪᠠ᠃ ᠥᠭᠡᠷᠡᠴᠢᠯᠡᠯᠲᠡ ᠨᠡᠭᠡᠭᠡᠯᠲᠡ ᠬᠢᠵᠦ ᠡᠬᠢᠯᠡᠭᠰᠡᠨ ᠤ ᠳᠠᠷᠠᠭ᠎ᠠ᠂ | ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠥᠭᠡᠷᠡᠴᠢᠯᠡᠯᠲᠡ ᠶᠢ | ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠭᠡᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ | ᠬᠥᠭᠵᠢᠯᠲᠡ ᠶᠢᠨ ᠣᠷᠴᠢᠨ ᠨᠥᠭᠦᠴᠡᠯ ᠢ ᠲᠦᠢᠯ ᠤᠨ ᠶᠡᠭᠡ ᠪᠠᠷ ᠰᠠᠶᠢᠵᠢᠷᠠᠭᠤᠯᠤᠭᠰᠠᠨ ᠠᠴᠠ ᠡᠯ᠎ᠡ ᠲᠥᠷᠥᠯ ᠤᠨ | ᠨᠢᠭᠡᠴᠢ ᠡᠮᠬᠢ ᠵᠢᠷᠤᠮ ᠲᠠᠢ ᠥᠷᠢᠰᠦᠯᠳᠦᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ | ᠴᠢᠩᠭᠠᠷᠠᠪᠠ᠃ 2022 ᠣᠨ ᠳᠤ᠂ ᠮᠠᠨ ᠤ ᠣᠷᠣᠨ ᠤ ᠤᠯᠤᠰ ᠤᠨ ᠥᠮᠴᠢᠯᠡᠯᠲᠦ ᠨᠢᠭᠡᠴᠢ᠂ ᠬᠤᠲᠠ ᠪᠠᠯᠭᠠᠰᠤᠨ ᠤ | ᠬᠠᠮᠲᠤ ᠶᠢᠨ ᠨᠢᠭᠡᠴᠢ ᠪᠠ ᠪᠤᠰᠤᠳ ᠲᠥᠷᠥᠯ ᠬᠡᠯᠪᠡᠷᠢ ᠶᠢᠨ ᠨᠢᠭᠡᠴᠢ ᠶᠢᠨ ᠠᠵᠢᠯᠲᠠᠨ ᠠᠵᠢᠯᠴᠢᠳ ᠤᠨ ᠵᠢᠯ ᠤᠨ | ᠳᠤᠮᠳᠠᠴᠢ ᠴᠠᠯᠢᠩ ᠲᠣᠰ ᠲᠣᠰ 100920 ᠲᠥᠭᠦᠷᠢᠭ᠂ 96895 ᠲᠥᠭᠦᠷᠢᠭ ᠪᠠ 106613 ᠲᠥᠭᠦᠷᠢᠭ | ᠪᠣᠯᠵᠤ᠂ ᠲᠣᠰ ᠲᠣᠰ 1985 ᠣᠨ ᠤ ᠬᠢ ᠠᠴᠠ 86.3 ᠳᠠᠬᠢᠨ᠂ 111.1 ᠳᠠᠬᠢᠨ ᠪᠠ 104.2 ᠳᠠᠬᠢᠨ | ᠪᠠᠶᠢᠵᠤ᠂ 1985 ᠣᠨ ᠤ ᠬᠢ ᠲᠠᠢ ᠬᠠᠷᠢᠴᠠᠭᠤᠯᠪᠠᠯ ᠵᠢᠯ ᠪᠦᠷᠢ ᠳᠤᠮᠳᠠᠴᠢ ᠪᠠᠷ ᠲᠣᠰ ᠲᠣᠰ 12.8%᠂ 13. | 6% ᠪᠠ 13.4% ᠨᠡᠮᠡᠭᠳᠡᠪᠡ᠃ ᠡᠭᠦᠨ ᠤ ᠳᠣᠲᠣᠷ᠎ᠠ᠂ ᠠᠵᠤ ᠠᠬᠤᠶᠢᠯᠠᠯ ᠤᠨ ᠪᠦᠷᠢᠯᠳᠦᠯ ᠢᠶᠠᠷ ᠭᠤᠣᠯ | ᠪᠣᠯᠭᠠᠭᠰᠠᠨ ᠪᠤᠰᠤᠳ ᠲᠦᠷᠦᠯ ᠬᠡᠯᠪᠡᠷᠢ ᠶᠢᠨ ᠨᠢᠭᠡᠴᠢ ᠶᠢᠨ ᠠᠵᠢᠯᠲᠠᠨ ᠠᠵᠢᠯᠴᠢᠨ ᠤ ᠴᠠᠯᠢᠩ ᠤᠨ ᠬᠡᠮᠵᠢᠶ᠎ᠡ 3 ᠵᠢᠯ | ᠳᠠᠷᠠᠭᠠᠯᠠᠨ ᠤᠯᠤᠰ ᠤᠨ ᠦᠮᠴᠢᠯᠡᠯᠲᠦ ᠨᠢᠭᠡᠴᠢ ᠪᠠ ᠬᠠᠮᠲᠤ ᠶᠢᠨ ᠨᠢᠭᠡᠴᠢ ᠶᠢᠨ ᠠᠵᠢᠯᠲᠠᠨ ᠠᠵᠢᠯᠴᠢᠨ ᠤ ᠴᠠᠯᠢᠩ ᠤᠨ | ᠬᠡᠮᠵᠢᠶ᠎ᠡ ᠠᠴᠠ ᠳᠠᠪᠠᠵᠤ᠂ ᠠᠳᠠᠯᠢ ᠪᠤᠰᠤ ᠨᠢᠭᠡᠴᠢ ᠶᠢᠨ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠥᠯᠥᠰᠦ | ᠣᠯᠭᠤᠮᠵᠢ ᠶᠢᠨ ᠵᠥᠷᠢᠶ᠎ᠡ ᠠᠯᠬᠤᠮ ᠠᠯᠬᠤᠮ ᠢᠶᠠᠷ ᠪᠠᠭᠠᠰᠪᠠ᠃ ᠡᠭᠦᠨ ᠤ ᠬᠠᠮᠲᠤ᠂ ᠮᠠᠨ ᠤ ᠣᠷᠣᠨ ᠤ ᠠᠵᠤ | ᠦᠢᠯᠡᠰ ᠤᠨ ᠪᠦᠲᠦᠴᠡ ᠳᠤ ᠦᠷᠭᠦᠯᠵᠢᠯᠡᠨ ᠲᠣᠬᠢᠷᠠᠭᠤᠯᠤᠯᠲᠠ ᠬᠢᠬᠦ ᠶᠢ ᠳᠠᠭᠠᠯᠳᠤᠨ᠂ ᠡᠯ᠎ᠡ ᠠᠶᠢᠮᠠᠭ ᠬᠤᠲᠠ ᠶᠢᠨ | ᠬᠤᠭᠤᠷᠣᠨᠳᠣᠬᠢ ᠴᠠᠯᠢᠩ ᠤᠨ ᠵᠥᠷᠢᠶ᠎ᠡ ᠠᠯᠬᠤᠮ ᠠᠯᠬᠤᠮ ᠢᠶᠠᠷ ᠪᠠᠭᠠᠰᠴᠤ᠂ ᠠᠶᠢᠮᠠᠭ ᠬᠤᠲᠠ ᠶᠢᠨ ᠬᠤᠭᠤᠷᠣᠨᠳᠣᠬᠢ | ᠠᠵᠢᠯᠲᠠᠨ ᠠᠵᠢᠯᠴᠢᠨ ᠤ ᠵᠢᠯ ᠤᠨ ᠳᠤᠮᠳᠠᠴᠢ ᠴᠠᠯᠢᠩ ᠤᠨ ᠬᠠᠮᠤᠭ ᠤᠨ ᠥᠨᠳᠥᠷ ᠪᠠ ᠬᠠᠮᠤᠭ ᠤᠨ ᠳᠣᠣᠷ᠎ᠠ | ᠬᠠᠷᠢᠴᠠᠯ 2010 ᠣᠨ ᠳᠤ 2.1᠄ 1 ᠪᠠᠶᠢᠭᠰᠠᠨ ᠠᠴᠠ ᠪᠠᠭᠤᠷᠠᠭᠠᠳ 2023 ᠣᠨ ᠳᠤ 1.3᠄ 1 ᠪᠣᠯᠪᠠ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢᠳᠠ᠂ ᠪᠦᠬᠦ ᠣᠷᠣᠨ ᠢᠶᠠᠷ ᠢᠶᠠᠨ ᠠᠷᠠᠳ | ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠨᠠᠮ ᠤᠨ ᠲᠥᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠠᠵᠢᠯ ᠣᠯᠭᠤᠯᠲᠠ ᠶᠢ ᠲᠠᠰᠤᠷᠠᠯᠲᠠ ᠦᠭᠡᠢ ᠥᠷᠭᠡᠳᠬᠡᠨ | ᠣᠷᠣᠯᠭ᠎ᠠ ᠶᠢ ᠨᠡᠮᠡᠭᠳᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ | ᠠᠮᠤᠷ ᠲᠦᠪᠰᠢᠨ ᠤ ᠲᠥᠷᠥᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠭᠦ᠋ᠢᠴᠡ ᠪᠣᠯᠭᠠᠵᠠᠢ | ᠃ | ᠲᠠᠷᠠᠭᠠᠴᠢ ᠪᠠᠷ᠂ ᠮᠠᠨ ᠤ ᠣᠷᠣᠨ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠥᠷᠥ ᠶᠢᠨ | ᠪᠣᠳᠣᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ | ᠪᠤᠶᠢᠵᠢᠭᠤᠯᠤᠨ᠂ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠴᠢᠷᠮᠠᠶᠢᠨ ᠠᠬᠢᠭᠤᠯᠵᠤ᠂ ᠠᠵᠢᠯ | ᠣᠯᠭᠤᠯᠲᠠ ᠶᠢᠨ ᠴᠢᠨᠠᠷ ᠤᠨ ᠪᠦᠲᠦᠮᠵᠢᠲᠡᠶ ᠳᠡᠭᠡᠭᠰᠢᠯᠡᠬᠦ ᠪᠠ ᠲᠣᠭᠠᠨ ᠤ ᠵᠣᠬᠢᠰᠲᠠᠢ ᠨᠡᠮᠡᠭᠳᠡᠬᠦ ᠶᠢ ᠦᠷᠭᠦᠯᠵᠢᠯᠡᠨ | ᠠᠬᠢᠭᠤᠯᠵᠤ᠂ ᠰᠢᠨ᠎ᠡ ᠴᠠᠭ ᠦᠶ᠎ᠡ ᠳᠠᠬᠢ ᠥᠪᠥᠷ ᠮᠣᠩᠭᠤᠯ ᠤᠨ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠨ᠎ᠡ︕ | ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶ᠎ᠠ | |