ᠮᠠᠨ ᠤ ᠣᠷᠣᠨ ᠤ ᠠᠵᠤ ᠠᠬᠤᠢ ᠨᠠᠶᠢᠬᠡᠮ ᠬᠥᠭᠵᠢᠯᠲᠡ ᠶᠢᠨ ᠠᠮᠵᠢᠯᠲᠠ ᠶᠢᠨ ᠮᠡᠳᠡᠭᠡᠯᠡᠯ᠄ ᠠᠷᠠᠳ ᠤᠨ ᠠᠮᠢᠳᠤᠷᠠᠯ ᠤᠨ ᠪᠤᠶᠠᠨ ᠬᠡᠰᠢᠭ ᠦᠷᠭᠦᠯᠵᠢᠯᠡᠨ ᠨᠡᠮᠡᠭᠳᠡᠵᠦ ᠨᠡᠶᠢᠭᠡᠮ ᠤᠨ ᠠᠵᠢᠯ ᠦᠢᠯᠡᠰ ᠥᠷᠨᠢᠩᠭᠦᠶ ᠪᠠᠷ ᠬᠦᠭᠵᠢᠪᠡ
ᠨᠡᠶᠢᠲᠡᠯᠡᠭᠰᠡᠨ ᠴᠠᠭ᠄
2024/11/29
    75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠬᠤᠭᠤᠴᠠᠭ᠎ᠠ ᠪᠦᠷᠢ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠬᠤᠭᠤᠴᠠᠭᠠᠨ ᠳᠤ ᠶᠠᠳᠠᠭᠤ ᠬᠤᠭᠤᠰᠣᠨ ᠪᠠᠶᠢᠭᠰᠠᠨ ᠰᠠᠭᠤᠷᠢᠨ ᠳᠡᠭᠡᠷ᠎ᠡ᠂ ᠡᠷᠡᠮᠡᠬᠡᠶᠢᠯᠡᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠬᠦ ᠤᠷᠤᠨ ᠤ ᠠᠵᠤ ᠠᠬᠤᠢ ᠨᠡᠶᠢᠭᠡᠮ ᠳᠤ ᠲᠡᠭᠷᠢ ᠭᠠᠵᠠᠷ ᠢ ᠲᠤᠩᠰᠤᠯᠭᠠᠮ᠎ᠠ ᠬᠤᠪᠢᠷᠠᠯᠲᠠ ᠭᠠᠷᠭᠠᠨ᠂ ᠨᠡᠶᠢᠭᠡᠮ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠦᠢᠯᠡᠰ ᠲᠦᠷᠭᠡᠨ ᠬᠥᠭᠵᠢᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠠᠭᠠᠭᠠᠯᠭᠠᠭᠰᠠᠨ ︽ᠲᠠᠪᠤᠨ ᠶᠡᠭᠡ ᠡᠭᠦᠷᠭᠡ︾ ᠶᠢ ᠪᠠᠲᠤ ᠴᠡᠭᠡᠵᠢᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠶᠡᠭᠡ ᠲᠠᠯ᠎ᠠ ᠳᠤ ᠦᠢᠯᠡᠴᠢᠯᠡᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠮᠠᠨ ᠤ ᠣᠷᠣᠨ ᠤ ᠨᠡᠶᠢᠭᠡᠮ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠦᠢᠯᠡᠰ ᠲᠤ ᠪᠠᠨ ᠲᠡᠦᠬᠡᠲᠦ ᠴᠢᠨᠠᠷᠲᠠᠢ ᠰᠢᠨ᠎ᠡ ᠠᠮᠵᠢᠯᠲᠠ ᠤᠯᠬᠤ ᠶᠢ ᠠᠬᠢᠭᠤᠯᠪᠠ᠃     ᠨᠢᠭᠡ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠢᠯᠡᠳᠲᠡ ᠳᠡᠭᠡᠭᠰᠢᠯᠡᠪᠡ   ︵ᠨᠢᠭᠡ︶ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠪᠠᠷ ᠵᠣᠯᠭᠠᠭᠤᠯᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠭᠠᠭᠤᠯᠭ᠎ᠠ ᠳᠣᠣᠷ᠎ᠠ᠂ ᠪᠦᠬᠦ ᠣᠷᠣᠨ ᠢᠶᠠᠷ ᠢᠶᠠᠨ ᠨᠡᠶᠢᠭᠡᠮ ᠵᠢᠷᠤᠮᠲᠤ ᠬᠤᠪᠢᠰᠬᠠᠯ ᠢ ᠪᠡᠶᠡᠯᠡᠭᠦᠯᠵᠦ᠂ ᠨᠡᠶᠢᠭᠡᠮ ᠵᠢᠷᠤᠮᠲᠤ ᠦᠨᠳᠦᠰᠦᠨ ᠪᠠᠶᠢᠭᠤᠯᠤᠯ ᠢ ᠲᠣᠭᠲᠠᠭᠠᠵᠤ᠂ ᠨᠡᠶᠢᠭᠡᠮ ᠵᠢᠷᠤᠮᠲᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠶᠠᠳᠠᠭᠤ ᠬᠦᠴᠢᠷᠳᠡᠯ ᠠᠴᠠ ᠠᠩᠭᠢᠵᠢᠷᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢ᠂ ᠮᠠᠨ ᠤ ᠣᠷᠣᠨ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠬᠦᠴᠦᠯᠡᠨ ᠴᠢᠯᠥᠭᠡᠯᠡᠨ ᠬᠥᠭᠵᠢᠭᠦᠯᠵᠦ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠤᠷᠢᠳ ᠡᠮᠦᠨ᠎ᠡ ᠪᠠᠶᠢᠭ᠎ᠠ ᠦᠭᠡᠶ ᠠᠮᠵᠢᠯᠲᠠ ᠣᠯᠪᠠ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ 8 ᠵᠢᠯ ᠤᠨ ᠣᠨᠣᠴᠠᠲᠠᠢ ᠪᠠᠷ ᠶᠠᠳᠠᠭᠤ ᠶᠢ ᠲᠡᠳᠬᠦᠬᠦ᠂ 5 ᠵᠢᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠪᠠᠷ ᠳᠡᠮᠵᠢᠨ᠂ ᠪᠥᠬᠦ ᠣᠷᠣᠨ ᠤ 57 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠢᠶᠠᠨ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 3681 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠢᠶᠠᠨ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 157 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠪᠠᠨ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠲᠦᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠶ ᠪᠠᠷ ᠰᠢᠢᠳᠪᠦᠷᠢᠯᠡᠪᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠᠷ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠶᠡᠷᠦᠩᠬᠡᠶᠢᠯᠡᠨ ᠡᠵᠡᠮᠳᠡᠵᠦ᠂ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠲᠦᠷᠭᠡᠨ ᠪᠥᠭᠡᠳ ᠲᠣᠭᠲᠠᠭᠤᠨ ᠪᠣᠯᠵᠤ᠂ ᠶᠠᠳᠠᠭᠤ ᠠᠴᠠ ᠠᠩᠭᠢᠵᠢᠷᠠᠭᠰᠠᠨ ᠬᠤᠰᠢᠭᠤ ᠰᠢᠶᠠᠨ ᠤ ᠮᠠᠯᠴᠢᠨ ᠲᠠᠷᠢᠶᠠᠴᠢᠨ ᠤ ᠣᠷᠣᠯᠭ᠎ᠠ ᠲᠦᠷᠭᠡᠨ ᠨᠡᠮᠡᠭᠳᠡᠪᠡ᠃ 2023 ᠣᠨ ᠳᠤ ᠪᠥᠬᠦ ᠣᠷᠣᠨ ᠤ ᠤᠯᠤᠰ ᠤᠨ ᠶᠠᠳᠠᠭᠤ ᠠᠴᠠ ᠠᠩᠭᠢᠵᠢᠷᠠᠭᠰᠠᠨ ᠬᠤᠰᠢᠭᠤ ᠰᠢᠶᠠᠨ ᠤ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠪᠠᠷ ᠡᠵᠡᠮᠳᠡᠵᠦ ᠪᠣᠯᠬᠤ ᠣᠷᠣᠯᠭ᠎ᠠ ᠨᠢ 17751 ᠲᠥᠭᠦᠷᠢᠭ ᠲᠤ ᠬᠦᠷᠴᠦ᠂ 2017 ᠣᠨ ᠤ ᠬᠢ ᠠᠴᠠ 7899 ᠲᠥᠭᠦᠷᠢᠭ ᠳᠡᠭᠡᠭᠰᠢᠯᠡᠵᠦ᠂ ᠵᠢᠯ ᠪᠦᠷᠢ ᠳᠤᠮᠳᠠᠴᠢ ᠪᠠᠷ 10.3% ᠨᠡᠮᠡᠭᠳᠡᠪᠡ︔ ᠶᠠᠳᠠᠭᠤ ᠠᠴᠠ ᠠᠩᠭᠢᠵᠢᠷᠠᠭᠰᠠᠨ ᠬᠤᠰᠢᠭᠤ ᠰᠢᠶᠠᠨ ︵ᠤᠤᠯ ᠤᠨ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ︶ ᠤ ᠮᠠᠯᠴᠢᠨ ᠲᠠᠷᠢᠶᠠᠴᠢᠨ ᠤ ᠬᠡᠷ ᠪᠦᠯᠢ ᠶᠢᠨ ᠡᠷᠦᠬᠡ ᠪᠦᠷᠢ ᠶᠢᠨ ᠳᠤᠮᠳᠠᠴᠢ ᠬᠡᠷ ᠪᠠᠶᠢᠰᠢᠩ ᠵᠢᠴᠢ ᠪᠠᠷᠢᠯᠭ᠎ᠠ ᠶᠢᠨ ᠵᠦᠢᠯᠡᠰ ᠤᠨ ᠲᠠᠯᠠᠪᠠᠶ ᠨᠢ 68.3 ᠺᠦᠸᠠᠳ᠋ ᠮᠧᠳ᠋ᠷ ᠪᠠᠶᠢᠵᠤ᠂ ᠵᠠᠭᠤᠨ ᠡᠷᠦᠬᠡ ᠪᠦᠷᠢ ᠳᠤ ᠲᠣᠮᠣ ᠳᠤᠮᠳᠠ ᠬᠡᠯᠪᠡᠷᠢ ᠶᠢᠨ ᠲᠷᠠᠺᠲ᠋ᠣᠷ 10.2 ᠪᠠᠶᠢᠵᠤ᠂ ᠵᠠᠭᠤᠨ ᠡᠷᠦᠬᠡ ᠪᠦᠷᠢ ᠳᠤ ᠠᠰᠢᠭ ᠰᠢᠮ᠎ᠡ ᠭᠠᠷᠤᠯᠲᠠ ᠭᠠᠷᠬᠤ ᠮᠠᠯ 561.4 ᠲᠤᠯᠤᠭᠠᠢ ᠪᠠᠶᠢᠵᠤ ᠂ ᠲᠣᠰ ᠪᠦᠷᠢ 2017 ᠣᠨ ᠤ ᠬᠢ ᠠᠴᠠ 28.2 ᠲᠡᠭᠰᠢ ᠳᠥᠷᠪᠡᠯᠵᠢᠨ ᠮᠧᠳ᠋ᠷ ᠳᠡᠭᠡᠭᠰᠢᠯᠡᠵᠦ᠂ 1.4 ᠰᠠᠭᠤᠷᠢ ᠪᠠ 215 ᠲᠣᠯᠣᠭᠠᠶ ᠨᠡᠮᠡᠭᠳᠡᠪᠡ᠃    ︵ᠬᠤᠶᠠᠷ︶ ᠡᠵᠡᠮᠳᠡᠵᠦ ᠪᠣᠯᠬᠤ ᠣᠷᠤᠯᠭ᠎ᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠬᠤᠭᠤᠴᠠᠭᠠᠨ ᠳᠤ᠂ ᠮᠠᠨ ᠤ ᠣᠷᠣᠨ ᠤ ᠠᠷᠠᠳ ᠣᠯᠠᠨ ᠤ ᠠᠮᠢᠳᠤᠷᠠᠯ ᠤᠨ ᠲᠦᠪᠰᠢᠨ ᠨᠡᠯᠢᠶᠡᠳ ᠳᠣᠣᠷ᠎ᠠ ᠪᠠᠶᠢᠵᠤ᠂ ᠢᠳᠡᠵᠦ ᠡᠮᠦᠰᠬᠦ ᠪᠠᠨ ᠠᠷᠭᠠᠴᠠᠭᠠᠬᠤ ᠵᠡᠷᠭᠡ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠬᠠᠷᠠᠬᠠᠨ ᠬᠠᠩᠭᠠᠵᠤ ᠳᠡᠶᠢᠯᠬᠦ ᠦᠭᠡᠢ ᠪᠠᠶᠢᠪᠠ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠲᠦᠪᠰᠢᠨ ᠵᠠᠯᠭᠠᠭ᠎ᠠ ᠪᠠᠷ ᠬᠡᠳᠦᠨ ᠳᠡᠭᠲᠡᠷ ᠢ ᠳᠠᠪᠠᠵᠤ᠂ ᠶᠠᠳᠠᠭᠤ ᠬᠦᠴᠢᠷᠳᠡᠯ ᠢ ᠦᠨᠳᠦᠰᠦᠨ ᠳᠤ ᠪᠠᠨ ᠠᠷᠢᠯᠭᠠᠵᠤ ᠪᠠᠶᠢᠭᠰᠠᠨ ᠠᠴᠠ ᠢᠳᠡᠵᠦ ᠡᠮᠦᠰᠬᠦ ᠪᠠᠨ ᠠᠷᠭᠠᠴᠠᠭᠠᠬᠤ ᠠᠰᠠᠭᠤᠳᠠᠯ ᠢ ᠰᠢᠢᠳᠪᠦᠷᠢᠯᠡᠬᠦ ᠬᠦᠷᠲᠡᠯ᠎ᠡ ᠵᠠᠯᠭᠠᠭᠠᠳ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠦᠷᠲᠡᠯ᠎ᠡ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠣᠳᠠᠰ ᠤᠨ ᠪᠠ ᠰᠣᠶᠣᠯ ᠤᠨ ᠠᠮᠢᠳᠤᠷᠠᠯ ᠳᠤ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠤᠭᠰᠠᠨ ᠪᠠᠶᠢᠨ᠎ᠠ᠃ 2023 ᠣᠨ ᠳᠤ ᠪᠥᠬᠦ ᠣᠷᠣᠨ ᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 48676 ᠲᠥᠭᠦᠷᠢᠭ ᠲᠤ ᠬᠦᠷᠴᠦ᠂ 1978 ᠣᠨ ᠤ ᠬᠢ ᠠᠴᠠ 160. 7 ᠳᠠᠬᠢᠨ ᠢᠶᠠᠷ ᠨᠡᠮᠡᠭᠳᠡᠵᠦ᠂ ᠵᠢᠯ ᠪᠦᠷᠢ ᠳᠤᠮᠳᠠᠴᠢ ᠪᠠᠷ 12% ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠨᠢ 21221 ᠲᠥᠭᠦᠷᠢᠭ ᠲᠤ ᠬᠦᠷᠴᠦ᠂ 1978 ᠣᠨ ᠤ ᠬᠢ ᠠᠴᠠ 211.2 ᠳᠠᠬᠢᠨ ᠢᠶᠠᠷ ᠨᠡᠮᠡᠭᠳᠡᠵᠦ᠂ ᠵᠢᠯ ᠪᠦᠷᠢ ᠳᠤᠮᠳᠠᠴᠢ ᠪᠠᠷ 12.6% ᠨᠡᠮᠡᠭᠳᠡᠪᠡ᠃    ︵ᠭᠤᠷᠪᠠ︶ ᠬᠤᠲᠠ ᠬᠥᠳᠡᠭᠡ ᠶᠢᠨ ᠣᠷᠣᠯᠭ᠎ᠠ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠲᠠᠷᠢᠶᠠᠯᠠᠩ ᠢ ᠲᠣᠭᠲᠠᠪᠤᠷᠢᠵᠢᠭᠤᠯᠤᠨ ᠲᠠᠷᠢᠶᠠᠴᠢᠳ ᠲᠤ ᠠᠰᠢᠭ ᠬᠦᠷᠲᠡᠭᠡᠬᠦ‍ ᠨᠢᠭᠡ ᠪᠦᠯᠦᠭ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠬᠦᠴᠦᠲᠡᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠳᠤ ᠠᠰᠢᠭ ᠬᠦᠷᠲᠡᠭᠡᠬᠦ ᠣᠯᠠᠨ ᠵᠦᠢᠯ ᠤᠨ ᠢᠨᠵᠧᠨᠧᠷᠢᠩ ᠤᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠤᠨ ᠠᠮᠢᠵᠢᠷᠠᠯ ᠤᠨ ᠬᠦᠴᠦᠨ ᠢ ᠴᠢᠩᠭᠠᠷᠠᠭᠤᠯᠪᠠ᠃ ᠡᠭᠦᠨ ᠤ ᠬᠠᠮᠲᠤ᠂ ᠮᠠᠯᠵᠢᠬᠤ ᠲᠠᠷᠢᠶᠠᠯᠠᠬᠤ ᠣᠷᠣᠨ ᠳᠤ ᠰᠤᠷᠭᠠᠨ ᠬᠥᠮᠦᠵᠢᠯ ᠢᠶᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠰᠤᠷᠭᠠᠨ ᠬᠥᠮᠦᠵᠢᠯ ᠤᠨ ᠵᠠᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠪᠡ︔ ᠡᠮᠴᠢᠯᠡᠭᠡ ᠪᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠡᠪᠡᠳᠴᠢᠨ ᠠᠴᠠ ᠪᠣᠯᠵᠣ ᠪᠤᠴᠠᠭᠠᠳ ᠶᠠᠳᠠᠭᠤᠷᠠᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ︔ ᠶᠠᠳᠠᠭᠤ ᠶᠢ ᠲᠡᠳᠬᠦᠵᠦ ᠠᠷᠠᠳ ᠲᠤ ᠠᠰᠢᠭ ᠬᠦᠷᠲᠡᠭᠡᠬᠦ ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠯᠢᠶᠡᠳ ᠲᠦᠷᠭᠡᠨ ᠨᠡᠮᠡᠭᠳᠡᠭᠦᠯᠪᠡ︔ ᠠᠷᠠᠳ ᠲᠤ ᠠᠰᠢᠭ ᠬᠦᠷᠲᠡᠭᠡᠬᠦ ᠠᠮᠤᠭᠤᠯᠠᠩ ᠰᠠᠭᠤᠴᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠮᠠᠯᠴᠢᠨ ᠲᠠᠷᠢᠶᠠᠴᠢᠨ ᠤ ᠠᠮᠤᠷ ᠲᠠᠶᠢᠪᠤᠩ ᠠᠵᠤ ᠲᠦᠷᠦᠭᠦ ᠶᠢ ᠨᠠᠩ ᠪᠠᠲᠤᠯᠠᠭ᠎ᠠ ᠲᠠᠢ ᠪᠣᠯᠭᠠᠪᠠ᠃ ᠪᠦᠬᠦ ᠣᠷᠣᠨ ᠤ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠠᠬᠢᠴᠠ ᠶᠢᠨ ᠲᠦᠷᠭᠡᠳᠭᠡᠭᠰᠡᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠶᠢ ᠪᠠᠭᠠᠰᠬᠠᠬᠤ ᠳᠤ ᠠᠰᠢᠭᠲᠠᠢ ᠠᠯᠢ ᠣᠯᠠᠨ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠳᠠᠭᠠᠯᠳᠤᠨ᠂ ᠮᠠᠨ ᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠣᠷᠣᠯᠭ᠎ᠠ ᠶᠢᠨ ᠵᠥᠷᠢᠶ᠎ᠡ ᠨᠢ ᠵᠢᠯ ᠳᠠᠷᠠᠭᠠᠯᠠᠨ ᠪᠠᠭᠠᠰᠴᠤ᠂ 2010 ᠣᠨ ᠳᠤ 3.12 ᠪᠠᠶᠢᠭᠰᠠᠨ ᠠᠴᠠ 2023 ᠣᠨ ᠳᠤ 2.29 ᠪᠣᠯᠵᠤ ᠪᠠᠭᠤᠷᠠᠪᠠ᠃      ︵ᠲᠦᠷᠪᠡ︶ ᠰᠠᠭᠤᠭᠠᠯᠢ ᠠᠷᠠᠳ ᠤᠨ ᠬᠡᠷᠡᠭᠯᠡᠭᠡ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠨᠢᠭᠡ ᠲᠠᠯ᠎ᠠ ᠪᠠᠷ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠠᠮᠢᠳᠤᠷᠠᠯ ᠤᠨ ᠬᠡᠷᠡᠭᠯᠡᠭᠡ ᠶᠢᠨ ᠵᠠᠷᠤᠯᠭ᠎ᠠ ᠨᠢ 1957 ᠣᠨ ᠳᠤ 192 ᠲᠥᠭᠦᠷᠢᠭ ᠪᠠᠶᠢᠭᠰᠠᠨ ᠠᠴᠠ 2018 ᠣᠨ ᠳᠤ 24437 ᠲᠥᠭᠦᠷᠢᠭ ᠪᠣᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 8.4% ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠠᠮᠢᠳᠤᠷᠠᠯ ᠤᠨ ᠬᠡᠷᠡᠭᠯᠡᠭᠡ ᠶᠢᠨ ᠵᠠᠷᠤᠯᠭ᠎ᠠ ᠨᠢ 1957 ᠣᠨ ᠳᠤ 76 ᠲᠥᠭᠦᠷᠢᠭ ᠪᠠᠶᠢᠭᠰᠠᠨ ᠠᠴᠠ ᠪᠠᠨ 2018 ᠣᠨ ᠳᠤ 12661 ᠲᠥᠭᠦᠷᠢᠭ ᠪᠣᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 8.9% ᠨᠡᠮᠡᠭᠳᠡᠪᠡ᠃ ᠨᠥᠭᠦᠭᠡ ᠲᠠᠯ᠎ᠠ ᠪᠠᠷ᠂ ᠡᠩᠭᠧᠯ ᠤᠨ ᠢᠯᠡᠳᠬᠡᠮᠵᠢ ᠲᠦᠷᠭᠡᠨ ᠪᠠᠭᠤᠷᠠᠵᠤ᠂ ᠬᠡᠷᠡᠭᠯᠡᠭᠡ ᠶᠢᠨ ᠪᠦᠲᠦᠴᠡ ᠢᠯᠡᠳᠲᠡ ᠰᠠᠶᠢᠵᠢᠷᠠᠨ᠂ ᠮᠠᠨ ᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠶᠠᠳᠠᠭᠤ ᠬᠦᠴᠢᠷᠳᠡᠯᠲᠡᠢ᠂ ᠢᠳᠡᠵᠦ ᠡᠮᠦᠰᠬᠦ ᠪᠠᠨ ᠠᠷᠭᠠᠴᠠᠭᠠᠵᠤ ᠪᠠᠶᠢᠭᠰᠠᠨ ᠠᠴᠠ ᠴᠢᠨᠡᠭᠡᠯᠢᠭ ᠠᠮᠢᠳᠤᠷᠠᠬᠤ ᠪᠣᠯᠵᠤ᠂ ᠴᠢᠨᠠᠭᠰᠢᠳᠠ ᠪᠦᠬᠦᠯᠢ ᠴᠣᠭᠴᠠ ᠪᠠᠷ ᠢᠶᠠᠨ ᠪᠠᠶᠠᠵᠢᠨ ᠴᠢᠨᠡᠭᠡᠯᠢᠭᠵᠢᠭᠰᠡᠨ ᠲᠡᠦᠬᠡᠲᠦ ᠴᠢᠨᠠᠷᠲᠠᠶ ᠦᠰᠦᠷᠦᠯᠲᠡ ᠶᠢ ᠪᠡᠶᠡᠯᠡᠭᠦᠯᠪᠡ᠃ 2023 ᠣᠨ ᠳᠤ᠂ ᠪᠦᠬᠦ ᠰᠠᠭᠤᠭᠠᠯᠢ ᠠᠷᠠᠳ ᠤᠨ ᠡᠩᠭᠧᠯ ᠤᠨ ᠢᠯᠡᠳᠬᠡᠮᠵᠢ 27.6% ᠪᠣᠯᠵᠤ᠂ 2000 ᠣᠨ ᠤ ᠬᠢ ᠠᠴᠠ 10.1 ᠵᠠᠭᠤᠨ ᠤ ᠴᠡᠭ ᠪᠠᠭᠤᠷᠠᠪᠠ᠃      ᠬᠤᠶᠠᠷ᠂ ᠨᠡᠶᠢᠭᠡᠮ ᠠᠷᠠᠳ ᠤᠨ ᠠᠮᠢᠳᠤᠷᠠᠯ ᠤᠨ ᠦᠢᠯᠡᠰ ᠲᠦᠷᠭᠡᠨ ᠳᠠᠪᠰᠢᠯᠲᠠ ᠲᠠᠢ ᠪᠣᠯᠪᠠ   ︵ᠨᠢᠭᠡ︶ ᠰᠤᠷᠭᠠᠨ ᠬᠦᠮᠦᠵᠢᠯ ᠤᠨ ᠦᠢᠯᠡᠰ ᠲᠣᠪᠤᠶᠢᠮ᠎ᠠ ᠠᠮᠵᠢᠯᠲᠠ ᠣᠯᠪᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠲᠥᠭᠡᠮᠡᠯᠵᠢᠵᠦ ᠲᠦᠭᠡᠮᠡᠯ ᠬᠠᠷᠠᠭᠠᠯᠵᠠᠯᠲᠠᠢ ᠬᠦᠭᠵᠢᠪᠡ᠃ 75 ᠵᠢᠯ ᠤᠨ ᠲᠤᠷᠰᠢ᠂ ᠮᠠᠨ ᠤ ᠣᠷᠣᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠬᠠᠲᠠᠭᠤ ᠬᠡᠷᠡᠭᠰᠡᠯ᠂ ᠵᠥᠭᠡᠯᠡᠨ ᠬᠡᠷᠡᠭᠰᠡᠯ᠂ ᠪᠠᠭᠰᠢ ᠶᠢᠨ ᠬᠦᠴᠦᠨ ᠵᠡᠷᠭᠡ ᠲᠠᠯ᠎ᠠ ᠪᠠᠷ ᠭᠠᠷᠳᠠᠭᠰᠠᠨ ᠠᠴᠠ᠂ ᠪᠥᠬᠦ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠯᠤᠲᠤ ᠶᠡᠭᠡ ᠬᠤᠪᠢᠷᠠᠯᠲᠠ ᠭᠠᠷᠪᠠ᠃ 2023 ᠣᠨ ᠳᠤ ᠂ ᠪᠥᠬᠦ ᠣᠷᠣᠨ ᠤ ᠬᠡᠦᠬᠡᠳ ᠤᠨ ᠴᠡᠴᠡᠷᠯᠢᠭ ᠤᠨ ᠲᠤᠭ᠎ᠠ 3958 ᠳᠤ ᠬᠦᠷᠴᠦ᠂ 1949 ᠣᠨ ᠤ 990 ᠳᠠᠬᠢᠨ ᠪᠣᠯᠵᠤ᠂ ᠴᠡᠴᠡᠷᠯᠢᠭ ᠤᠨ ᠬᠡᠦᠬᠡᠳ ᠤᠨ ᠲᠤᠭ᠎ᠠ 55.4 ᠲᠦᠮᠡᠨ ᠬᠥᠮᠦᠨ᠂ ᠲᠤᠰᠬᠠᠶ ᠪᠠᠭᠰᠢ 5.2 ᠲᠦᠮᠡᠨ ᠬᠥᠮᠦᠨ ᠳᠤ ᠬᠦᠷᠴᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠴᠡᠴᠡᠷᠯᠢᠭ ᠲᠤ ᠣᠷᠤᠭᠰᠠᠨ ᠪᠥᠬᠦ ᠨᠣᠷᠮ᠎ᠠ 95.3% ᠳᠤ ᠬᠦᠷᠴᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠦᠷᠬᠦᠴᠡ ᠶᠢᠨ ᠨᠣᠷᠮ᠎ᠠ ᠢᠯᠡᠳᠲᠡ ᠳᠡᠭᠡᠭᠰᠢᠯᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠬᠢᠷᠢ ᠲᠦᠪᠰᠢᠨ ᠪᠦᠬᠦ ᠲᠠᠯ᠎ᠠ ᠪᠠᠷ ᠳᠡᠭᠡᠭᠰᠢᠯᠡᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠦᠶᠡᠰ᠂ ᠪᠦᠬᠦ ᠤᠷᠤᠨ ᠤ ᠪᠠᠭ᠎ᠠ ᠰᠤᠷᠭᠠᠭᠤᠯᠢ ᠶᠢᠨ ᠰᠤᠷᠤᠭᠴᠢ ᠵᠦᠪᠬᠡᠨ 35.3 ᠳᠦᠮᠡᠨ ᠬᠦᠮᠦᠨ ᠪᠠᠶᠢᠵᠦ᠂ ᠠᠩᠬ᠎ᠠ ᠵᠡᠷᠬᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ 6450 ᠬᠦᠮᠦᠨ ᠪᠠᠶᠢᠪᠠ᠃ 75 ᠵᠢᠯ ᠤᠨ ᠲᠤᠷᠰᠢ᠂ ᠮᠠᠨ ᠤ ᠣᠷᠣᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠵᠤ᠂ ᠪᠠᠭᠰᠢ ᠶᠢᠨ ᠬᠡᠪᠴᠢᠶ᠎ᠡ ᠪᠠ ᠬᠡᠪ ᠴᠢᠨᠠᠷ ᠢ ᠳᠡᠭᠡᠭᠰᠢᠯᠡᠭᠦᠯᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠥᠷᠭᠡᠳᠬᠡᠵᠦ᠂ ᠶᠢᠰᠦᠨ ᠵᠢᠯ ᠤᠨ ᠲᠦᠷᠢᠮᠲᠦ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠪᠦᠲᠦᠮᠵᠢᠲᠡᠶ ᠳᠡᠭᠡᠭᠰᠢᠯᠡᠪᠡ᠃ 2023 ᠣᠨ ᠳᠤ᠂ ᠪᠥᠬᠦ ᠣᠷᠣᠨ ᠤ ᠶᠢᠰᠦᠨ ᠵᠢᠯ ᠤᠨ ᠲᠦᠷᠢᠮᠲᠦ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 98.8% ᠬᠦᠷᠴᠦ᠂ ᠪᠠᠭ᠎ᠠ ᠰᠤᠷᠭᠠᠭᠤᠯᠢ ᠶᠢᠨ ᠰᠣᠷᠣᠭᠴᠢ 140.8 ᠲᠦᠮᠡᠨ ᠬᠥᠮᠦᠨ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ 66.3 ᠲᠦᠮᠡᠨ ᠬᠥᠮᠦᠨ ᠳᠤ ᠬᠦᠷᠴᠦ᠂ ᠪᠥᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠡᠶᠢᠳᠡᠮ ᠪᠦᠷᠬᠦᠭᠦᠯᠬᠦ ᠶᠢ ᠦᠨᠳᠦᠰᠦᠨ ᠳᠤ ᠪᠠᠨ ᠪᠡᠶᠡᠯᠡᠭᠦᠯᠪᠡ ᠃ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠬᠡᠪᠴᠢᠶ᠎ᠡ ᠲᠠᠰᠤᠷᠠᠯᠲᠠ ᠦᠭᠡᠢ ᠥᠷᠭᠡᠵᠢᠪᠡ᠃ 1952 ᠤᠨ ᠳᠤ ᠂ ᠮᠠᠨ ᠤ ᠤᠷᠤᠨ ᠡᠩ ᠤᠨ ᠶᠡᠭᠡ ᠳᠡᠬᠡᠳᠤ ᠰᠤᠷᠭᠠᠭᠤᠯᠢ ᠶᠢ 3 ᠪᠠᠶᠢᠭᠤᠯᠵᠦ᠂ ᠳᠡᠬᠡᠳᠤ ᠵᠡᠷᠬᠡ ᠶᠢᠨ ᠰᠤᠷᠭᠠᠨ ᠬᠦᠮᠦᠵᠢᠯ ᠦᠬᠡᠢ ᠪᠠᠶᠢᠭᠰᠠᠨ ᠠᠴᠠ ᠪᠠᠨ ᠪᠠᠶᠢᠬᠤ ᠪᠣᠯᠤᠭᠰᠠᠨ ᠲᠡᠦᠬᠡᠲᠦ ᠴᠢᠨᠠᠷᠲᠠᠢ ᠦᠰᠦᠷᠦᠯᠲᠡ ᠶᠢ ᠪᠡᠶᠡᠯᠡᠬᠦᠯᠪᠡ᠂ ᠳᠤᠬᠠᠢ ᠶᠢᠨ ᠦᠶ᠎ᠡ ᠳᠤ ᠵᠦᠪᠬᠡᠨ 616 ᠰᠣᠷᠣᠭᠴᠢ᠂ 70 ᠪᠠᠭᠰᠢ ᠲᠠᠢ ᠪᠠᠶᠢᠪᠠ᠃ 70 ᠭᠠᠷᠤᠢ ᠵᠢᠯ ᠤᠨ ᠬᠥᠭᠵᠢᠯᠲᠡ ᠪᠠᠷ ᠳᠠᠮᠵᠢᠨ᠂ ᠮᠠᠨ ᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠲᠦᠷᠭᠡᠨ ᠳᠠᠪᠰᠢᠯᠲᠠ ᠲᠠᠢ ᠪᠣᠯᠪᠠ᠃ 2023 ᠤᠨ ᠳᠤ᠂ ᠪᠦᠬᠦ ᠤᠷᠤᠨ ᠤ ᠡᠩ ᠤᠨ ᠳᠡᠬᠡᠳᠤ ᠵᠡᠷᠬᠡ ᠶᠢᠨ ᠰᠤᠷᠭᠠᠭᠤᠯᠢ 54᠂ ᠰᠤᠷᠭᠠᠭᠤᠯᠢ ᠶᠢᠨ ᠰᠤᠷᠤᠭᠴᠢ 54 ᠳᠦᠮᠡᠨ ᠬᠦᠮᠦᠨ ᠳᠤ ᠬᠦᠷᠴᠦ᠂ 1952 ᠤᠨ ᠤ 877 ᠳᠠᠬᠢᠨ ᠪᠣᠯᠪᠠ︔ ᠳᠤᠰᠬᠠᠢ ᠪᠠᠭᠰᠢ 3 ᠳᠦᠮᠡᠨ ᠬᠦᠮᠦᠨ ᠳᠤ ᠬᠦᠷᠴᠦ᠂ 1952 ᠤᠨ ᠤ 426 ᠳᠠᠬᠢᠨ ᠪᠣᠯᠵᠤ᠂ ᠪᠦᠬᠦ ᠤᠷᠤᠨ ᠤ ᠴᠢᠳᠠᠪᠤᠷᠢᠳᠠᠨ ᠢ ᠬᠦᠮᠦᠵᠢᠬᠦᠯᠬᠦ ᠳᠤ ᠪᠠᠳᠤ ᠪᠠᠬᠢ ᠰᠠᠭᠤᠷᠢ ᠶᠢ ᠳᠠᠯᠪᠢᠪᠠ᠃     ︵ᠬᠤᠶᠠᠷ︶ ᠡᠮᠴᠢᠯᠡᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ 75 ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠮᠠᠭᠲᠠ ᠠᠷᠠᠳ ᠲᠦᠮᠡᠨ ᠤ ᠡᠷᠡᠭᠦᠯ ᠮᠡᠨᠳᠦ ᠶᠢ ᠨᠢ ᠪᠠᠲᠤᠯᠠᠬᠤ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠡᠷᠡᠭᠦᠯ ᠮᠡᠨᠳᠦ ᠶᠢ ᠠᠬᠢᠭᠤᠯᠬᠤ ᠲᠦᠷᠦ ᠶᠢᠨ ᠪᠤᠳᠤᠯᠭ᠎ᠠ ᠪᠠᠨ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢᠯᠡᠳᠲᠡ ᠨᠡᠮᠡᠭᠳᠡᠪᠡ᠃ 2023 ᠣᠨ ᠳᠤ᠂ ᠪᠥᠬᠦ ᠣᠷᠣᠨ ᠳᠤ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ 25685 ᠪᠠᠶᠢᠵᠤ᠂ 1949 ᠣᠨ ᠤ 329 ᠳᠠᠬᠢᠨ ᠪᠣᠯᠵᠤ᠂ 2012 ᠣᠨ ᠤ ᠬᠢ ᠠᠴᠠ 11. 5% ᠪᠠᠷ ᠨᠡᠮᠡᠭᠳᠡᠪᠡ︔ ᠡᠪᠡᠳᠴᠢᠲᠡᠨ ᠤ ᠣᠷᠣ 17.3 ᠲᠦᠮᠡ ᠪᠣᠯᠵᠤ᠂ 1949 ᠣᠨ ᠤ 238 ᠳᠠᠬᠢᠨ ᠪᠣᠯᠪᠠ ᠃ 2023 ᠣᠨ ᠳᠤ᠂ ᠪᠥᠬᠦ ᠣᠷᠣᠨ ᠤ ᠲᠦᠮᠡᠨ ᠬᠥᠮᠦᠨ ᠠᠮᠠ ᠨᠢᠭᠡᠪᠦᠷᠢ ᠳᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠲᠤᠭ᠎ᠠ 11᠂ ᠲᠦᠮᠡᠨ ᠬᠥᠮᠦᠨ ᠨᠢᠭᠡᠪᠦᠷᠢ ᠳᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠠᠬᠢ ᠡᠪᠡᠳᠴᠢᠲᠡᠨ ᠤ ᠣᠷᠣ ᠶᠢᠨ ᠲᠤᠭ᠎ᠠ 72.3 ᠳᠤ ᠬᠦᠷᠴᠦ᠂ ᠲᠣᠰ ᠲᠣᠰ 1949 ᠣᠨ ᠤ ᠬᠢ ᠠᠴᠠ 10.9 ᠪᠠ 71.3 ᠨᠡᠮᠡᠭᠳᠡᠪᠡ᠃ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠮᠡᠳᠡᠭᠳᠡᠮ᠎ᠡ ᠠᠮᠵᠢᠯᠲᠠ ᠣᠯᠪᠠ᠃ 2023 ᠣᠨ ᠳᠤ᠂ ᠪᠥᠬᠦ ᠣᠷᠣᠨ ᠳᠤ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠰᠤᠷᠭᠠᠭᠤᠯᠢ 2 ᠪᠠᠶᠢᠵᠤ᠂ ᠰᠤᠷᠭᠠᠭᠤᠯᠢ ᠶᠢᠨ ᠰᠣᠷᠣᠭᠴᠢ 2.1 ᠲᠦᠮᠡᠨ ᠬᠥᠮᠦᠨ ᠪᠠᠶᠢᠪᠠ︔ ᠡᠯ᠎ᠡ ᠱᠠᠲᠤᠨ ᠤ ᠡᠯ᠎ᠡ ᠲᠥᠷᠥᠯ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯᠲᠠᠨ 28.4 ᠲᠦᠮᠡᠨ ᠬᠥᠮᠥᠨ ᠪᠠᠶᠢᠵᠤ᠂ 1949 ᠣᠨ ᠤ 38 ᠳᠠᠬᠢᠨ ᠪᠣᠯᠪᠠ︔ ᠡᠭᠦᠨ ᠳᠤ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ 23.5 ᠲᠦᠮᠡᠨ ᠬᠥᠮᠥᠨ ᠪᠠᠶᠢᠵᠤ᠂ 1949 ᠣᠨ ᠤ 33 ᠳᠠᠬᠢᠨ ᠪᠣᠯᠪᠠ︔ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ ᠤ ᠳᠣᠲᠣᠷ᠎ᠠ ᠡᠮᠴᠢ ︵ᠠᠵᠢᠯ ᠡᠷᠬᠢᠯᠡᠬᠦ ᠡᠮᠴᠢ ᠪᠠ ᠠᠵᠢᠯ ᠡᠷᠬᠢᠯᠡᠬᠦ ᠲᠤᠰᠠᠯᠠᠭᠴᠢ ᠡᠮᠴᠢ︶ 9.3 ᠲᠦᠮᠡᠨ ᠬᠥᠮᠥᠨ ᠪᠠᠶᠢᠵᠤ᠂ 1949 ᠣᠨ ᠤ 20 ᠳᠠᠬᠢᠨ ᠪᠣᠯᠪᠠ᠂ ᠳᠠᠩᠰᠠᠯᠠᠭᠤᠯᠤᠭᠰᠠᠨ ᠰᠤᠪᠢᠯᠠᠭᠴᠢ᠂ ᠰᠤᠪᠢᠯᠠᠭᠴᠢ 10.1 ᠲᠦᠮᠡᠨ ᠬᠥᠮᠥᠨ ᠪᠠᠶᠢᠵᠤ᠂ 1949 ᠣᠨ ᠤ 504 ᠳᠠᠬᠢᠨ ᠪᠣᠯᠪᠠ᠃ ᠠᠷᠠᠳ ᠲᠦᠮᠡᠨ ᠤ ᠡᠷᠡᠭᠦᠯ ᠮᠡᠨᠳᠦ ᠶᠢᠨ ᠲᠥᠪᠰᠢᠨ ᠦᠷᠭᠦᠯᠵᠢᠯᠡᠨ ᠳᠡᠭᠡᠭᠰᠢᠯᠡᠪᠡ᠃ 2020 ᠣᠨ ᠤ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠪᠥᠬᠦ ᠣᠷᠣᠨ ᠤ ᠬᠥᠮᠦᠨ ᠳᠤᠮᠳᠠᠴᠢ ᠶᠢᠨ ᠵᠢᠱᠢᠭᠰᠡᠨ ᠠᠮᠢ ᠨᠠᠰᠤ 77.56 % ᠳᠤ ᠬᠦᠷᠴᠦ᠂ 2010 ᠣᠨ ᠤ ᠵᠢᠷᠭᠤᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠦᠶ᠎ᠡ ᠶᠢᠨ ᠬᠢ ᠠᠴᠠ 3.12 ᠨᠠᠰᠤ ᠳᠡᠭᠡᠭᠰᠢᠯᠡᠪᠡ᠃ 2023 ᠤᠨ ᠳᠤ᠂ ᠪᠦᠬᠦ ᠤᠷᠤᠨ ᠤ ᠬᠦᠮᠦᠨ ᠠᠮᠠ ᠶᠢᠨ ᠦᠬᠦᠯᠳᠡ ᠶᠢᠨ ᠨᠤᠷᠮ᠎ᠡ 8.4% ᠪᠠᠶᠢᠵᠦ᠂ 1954 ᠤᠨ ᠤ ᠬᠢ ᠠᠴᠠ 12.5 ᠮᠢᠩᠭᠠᠨ ᠤ ᠴᠡᠭ ᠢᠶᠠᠷ ᠳᠤᠷᠤᠭᠰᠢᠯᠠᠪᠠ︔ ᠪᠦᠬᠦ ᠤᠷᠤᠨ ᠤ ᠨᠢᠯᠬ᠎ᠠ ᠬᠡᠦᠬᠡᠳ ᠤᠨ ᠦᠬᠦᠯᠳᠡ ᠶᠢᠨ ᠨᠤᠷᠮ᠎ᠡ 2.5% ᠪᠠᠶᠢᠵᠤ᠂ 1990 ᠤᠨ ᠤ ᠬᠢ ᠠᠴᠠ 54.7 ᠮᠢᠩᠭᠠᠨ ᠬᠤᠪᠢ ᠶᠢᠨ ᠴᠡᠭ ᠢᠶᠠᠷ ᠳᠤᠷᠤᠭᠰᠢᠯᠠᠵᠦ᠂ ᠵᠢᠷᠮᠦᠰᠦᠨ ᠡᠮᠡᠭᠳᠡᠢ ᠶᠢᠨ ᠦᠬᠦᠯᠳᠡ ᠶᠢᠨ ᠨᠤᠷᠮ᠎ᠡ 11. 73/10 ᠲᠦᠮᠡ ᠪᠠᠶᠢᠵᠤ 1990 ᠤᠨ ᠤ ᠬᠢ ᠠᠴᠠ 135.97/10 ᠲᠦᠮᠡ ᠪᠠᠷ ᠳᠤᠷᠤᠭᠰᠢᠯᠠᠪᠠ᠃     ︵ᠭᠤᠷᠪᠠ︶ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ 75 ᠵᠢᠯ ᠤᠨ ᠲᠤᠷᠰᠢ᠂ ᠮᠠᠨ ᠤ ᠣᠷᠣᠨ ᠨᠠᠰᠤᠵᠢᠯ ᠤᠨ ᠳᠠᠭᠠᠳᠬᠠᠯ ᠤᠨ ᠲᠣᠭᠲᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠣᠯᠠᠨ ᠲᠠᠰ ᠳᠠᠪᠬᠤᠷᠭ᠎ᠠ ᠲᠠᠢ ᠡᠮᠴᠢᠯᠡᠭᠡᠨ ᠤ ᠪᠠᠲᠤᠯᠠᠭ᠎ᠠ ᠶᠢ ᠡᠮᠬᠢ ᠵᠢᠷᠤᠮ ᠲᠠᠢ ᠵᠣᠯᠭᠠᠭᠤᠯᠬᠤ ᠶᠢ ᠠᠬᠢᠭᠤᠯᠵᠤ᠂ ᠲᠠᠰ ᠳᠠᠪᠬᠤᠷᠭ᠎ᠠ ᠪᠠ ᠲᠥᠷᠥᠯ ᠬᠤᠪᠢᠶᠠᠨ ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠪᠥᠬᠦ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠲᠠᠰᠤᠷᠠᠯᠲᠠ ᠦᠭᠡᠢ ᠦᠷᠭᠡᠵᠢᠪᠡ᠃ 2023 ᠣᠨ ᠳᠤ᠂ ᠪᠥᠬᠦ ᠣᠷᠣᠨ ᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 932.2 ᠲᠦᠮᠡ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 606.6 ᠲᠦᠮᠡ ᠪᠣᠯᠵᠤ᠂ ᠲᠣᠰ ᠲᠣᠰ 2002 ᠣᠨ ᠤ 4 ᠳᠠᠬᠢᠨ ᠪᠠ 3 ᠳᠠᠬᠢᠨ ᠪᠣᠯᠪᠠ᠃ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢᠨ ᠲᠠᠰᠤᠷᠠᠯᠲᠠ ᠥᠬᠡᠶ ᠲᠡᠭᠦᠯᠳᠡᠷᠵᠢᠬᠦ ᠶᠢ ᠳᠠᠭᠠᠯᠳᠤᠨ᠂ ᠮᠠᠨ ᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠨ ᠬᠥᠮᠦᠨ ᠤ ᠲᠤᠭ᠎ᠠ ᠶᠡᠭᠡ ᠪᠠᠷ ᠪᠠᠭᠤᠷᠠᠵᠤ᠂ 2023 ᠣᠨ ᠪᠣᠯᠬᠤ ᠳᠤ ᠪᠥᠬᠦ ᠣᠷᠣᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠨ ᠬᠥᠮᠦᠨ ᠤ ᠲᠤᠭ᠎ᠠ ᠪᠠᠭᠤᠷᠠᠭᠠᠳ 24.2 ᠲᠦᠮᠡ ᠪᠣᠯᠪᠠ᠃    ︵ᠲᠦᠷᠪᠡ︶ ᠪᠡᠶ᠎ᠡ ᠶᠢᠨ ᠲᠠᠮᠢᠷ ᠤᠨ ᠦᠢᠯᠡᠰ ᠥᠷᠨᠢᠨ ᠬᠥᠭᠵᠢᠪᠡ᠃ 75 ᠵᠢᠯ ᠤᠨ ᠲᠤᠷᠰᠢ᠂ ᠮᠠᠨ ᠤ ᠣᠷᠣᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠡᠢ ᠂ ᠤᠯᠠᠨ ᠲᠦᠮᠡᠨ ᠤ ᠪᠡᠶ᠎ᠡ ᠶᠢᠨ ᠲᠠᠮᠢᠷ ᠪᠤᠶᠤ ᠤᠷᠤᠯᠳᠤᠭᠠᠨ ᠤ ᠪᠡᠶ᠎ᠡ ᠶᠢᠨ ᠲᠠᠮᠢᠷ ᠭᠡᠰᠡᠨ ᠦᠭᠡᠢ ᠴᠥᠮ ᠦᠬᠡᠢ ᠪᠠᠶᠢᠭᠰᠠᠨ ᠠᠴᠠ ᠪᠠᠨ ᠪᠠᠶᠢᠬᠤ ᠪᠣᠯᠤᠭᠰᠠᠨ ᠪᠠ ᠪᠠᠭᠤᠷᠠᠢ ᠪᠠᠶᠢᠭᠰᠠᠨ ᠠᠴᠠ ᠪᠠᠨ ᠬᠦᠴᠦᠷᠬᠡᠭ ᠪᠣᠯᠤᠭᠰᠠᠨ ᠦᠨᠳᠦᠰᠦᠨ ᠴᠢᠨᠠᠷᠲᠠᠢ ᠳᠠᠪᠠᠯᠲᠠ ᠶᠢ ᠪᠡᠶᠡᠯᠡᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠭᠡᠳ᠂ ᠪᠦᠬᠦ ᠣᠷᠣᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠪᠡ᠃ ᠣᠯᠠᠨ ᠲᠦ᠋ᠮᠡᠨ ᠤ ᠪᠡᠶ᠎ᠡ ᠶᠢᠨ ᠲᠠᠮᠢᠷ ᠤᠨ ᠬᠡᠪᠴᠢᠶ᠎ᠡ ᠲᠠᠰᠤᠷᠠᠯᠲᠠ ᠦᠭᠡᠢ ᠥᠷᠭᠡᠵᠢᠪᠡ᠃ 2023 ᠣᠨ ᠳᠤ᠂ ᠪᠥᠬᠦ ᠣᠷᠣᠨ ᠤ ᠪᠡᠶ᠎ᠡ ᠶᠢᠨ ᠲᠠᠮᠢᠷ ᠤᠨ ᠲᠠᠯᠠᠪᠠᠶ 7 ᠲᠦᠮᠡ ᠪᠣᠯᠵᠤ᠂ 2001 ᠣᠨ ᠤ 3 ᠳᠠᠬᠢᠨ ᠪᠣᠯᠪᠠ᠃ ᠡᠬᠦᠨ ᠳᠤ ᠪᠡᠶ᠎ᠡ ᠶᠢᠨ ᠳᠠᠮᠢᠷ ᠤᠨ ᠳᠠᠯᠠᠪᠠᠢ 247᠂ ᠬᠦᠨᠳᠤ ᠬᠦᠡᠭᠭᠡᠨ ᠰᠫᠣᠷᠲ ᠤᠨ ᠳᠠᠯᠠᠪᠠᠢ 822᠂ ᠬᠦᠯ ᠪᠦᠮᠪᠦᠭᠡ ᠶᠢᠨ ᠳᠠᠯᠠᠪᠠᠢ 1061᠂ ᠰᠠᠭᠰᠤᠨ ᠪᠦᠮᠪᠦᠭᠡ ᠶᠢᠨ ᠳᠠᠯᠠᠪᠠᠢ 14171᠂ ᠤᠮᠪᠠᠯᠳᠠ ᠶᠢᠨ ᠤᠷᠳᠤᠨ 298᠂ ᠦᠳᠦᠨ ᠪᠦᠮᠪᠦᠭᠡ ᠶᠢᠨ ᠳᠠᠯᠠᠪᠠᠢ 1176᠂ ᠫᠢᠡᠭᠫᠠᠨᠭ᠌ ᠪᠦᠮᠪᠦᠭᠡ ᠶᠢᠨ ᠳᠠᠯᠠᠪᠠᠢ 5307 ᠪᠤᠢ᠃ ᠤᠷᠤᠯᠳᠤᠭᠠᠨ ᠤ ᠪᠡᠶ᠎ᠡ ᠶᠢᠨ ᠲᠠᠮᠢᠷ ᠤᠨ ᠴᠢᠳᠠᠪᠤᠷᠢᠲᠠᠨ ᠤ ᠲᠤᠭ᠎ᠠ ᠦᠷᠭᠦᠯᠵᠢᠯᠡᠨ ᠨᠡᠮᠡᠭᠳᠡᠪᠡ᠃ 2023 ᠣᠨ ᠳᠤ ᠂ ᠪᠥᠬᠦ ᠣᠷᠣᠨ ᠳᠤ ᠳᠡᠯᠡᠬᠡᠶ ᠶᠢᠨ ᠲᠠᠰ ᠤᠨ ᠪᠡᠶ᠎ᠡ ᠶᠢᠨ ᠲᠠᠮᠢᠷ ᠤᠨ ᠠᠪᠤᠷᠭᠤ 5᠂ ᠤᠯᠤᠰ ᠤᠨ ᠲᠠᠰ ᠤᠨ ᠲᠠᠮᠢᠷ ᠤᠨ ᠠᠪᠤᠷᠭᠤ 80 ᠬᠥᠮᠦᠨ᠂ ᠨᠢᠭᠡᠳᠦᠭᠡᠷ ᠲᠠᠰ ᠤᠨ ᠲᠠᠮᠢᠷᠴᠢᠨ 596 ᠬᠥᠮᠦᠨ᠂ ᠬᠤᠶᠠᠳᠤᠭᠠᠷ ᠲᠠᠰ ᠤᠨ ᠲᠠᠮᠢᠷᠴᠢᠨ 1696 ᠬᠥᠮᠦᠨ ᠪᠣᠯᠪᠠ᠃ ᠥᠨᠦᠬᠡᠨ ᠦᠨᠳᠦᠷᠯᠡᠭᠰᠡᠨ 2024 ᠣᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ᠂ ᠮᠠᠨ ᠤ ᠣᠷᠣᠨ ᠤ ᠠᠯᠬᠤᠭ᠎ᠠ ᠤᠷᠤᠯᠳᠤᠬᠤ ᠲᠠᠮᠢᠷᠴᠢᠨ ᠶᠠᠩ ᠵᠢᠶᠠ ᠢᠦᠢ᠂ ᠨᠢᠳᠤᠷᠭᠠᠨ ᠲᠡᠮᠡᠴᠡᠭᠡᠨ ᠤ ᠲᠠᠮᠢᠷᠴᠢᠨ ᠯᠢ ᠴᠢᠶᠠᠨ ᠤᠷᠢᠳ ᠬᠤᠵᠢᠳ ᠮᠠᠩᠯᠠᠶᠢᠯᠠᠵᠤ᠂ ᠥᠪᠥᠷ ᠮᠣᠩᠭᠤᠯ ᠤᠨ ᠠᠷᠠᠳ ᠲᠦᠮᠡᠨ ᠤ ᠵᠣᠷᠢᠭᠲᠠᠢ ᠪᠠᠷ ᠤᠷᠤᠯᠳᠤᠵᠤ ᠵᠣᠷᠢᠭᠲᠠᠢ ᠪᠠᠷ ᠲᠡᠮᠡᠴᠡᠵᠦ᠂ ᠢᠳᠡᠪᠬᠢᠲᠡᠢ ᠪᠠᠷ ᠤᠷᠤᠭᠰᠢᠯᠠᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃     ︵ᠲᠠᠪᠤ︶ ᠣᠯᠠᠨ ᠨᠡᠶᠢᠲᠡ ᠶᠢᠨ ᠦᠢᠯᠡᠴᠢᠯᠡᠭᠡ ᠡᠳᠦᠷ ᠢᠷᠡᠬᠦᠶ᠎ᠡ ᠲᠡᠭᠦᠯᠳᠡᠷᠵᠢᠪᠡ᠃ ᠬᠤᠲᠠ ᠪᠠᠯᠭᠠᠰᠤᠨ ᠤ ᠣᠯᠠᠨ ᠨᠡᠶᠢᠲᠡ ᠶᠢᠨ ᠰᠠᠭᠤᠷᠢ ᠪᠡᠯᠡᠳᠭᠡᠮᠵᠢ ᠶᠢᠨ ᠬᠢᠷᠢ ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠬᠤᠲᠠ ᠪᠠᠯᠭᠠᠰᠤᠨ ᠤ ᠬᠠᠮᠢᠶᠠᠷᠤᠯᠲᠠ ᠶᠢᠨ ᠬᠢᠷᠢ ᠲᠦᠪᠰᠢᠨ ᠴᠦ ᠵᠡᠷᠭᠡ ᠪᠠᠷ ᠳᠡᠭᠡᠭᠰᠢᠯᠡᠵᠦ᠂ ᠮᠡᠳᠡᠭᠡ ᠵᠠᠩᠭᠢᠴᠢᠯᠠᠯᠲᠠ᠂ ᠤᠶᠤᠨᠴᠢᠯᠠᠯᠲᠠ ᠪᠠ ᠳᠥᠭᠦᠮ ᠳᠥᠲᠡ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ 2023 ᠣᠨ ᠳᠤ᠂ ᠪᠥᠬᠦ ᠣᠷᠣᠨ ᠤ ᠬᠥᠮᠦᠨ ᠳᠤᠮᠳᠠᠴᠢ ᠬᠤᠲᠠ ᠪᠠᠯᠭᠠᠰᠤᠨ ᠤ ᠵᠠᠮ ᠤᠨ ᠲᠠᠯᠠᠪᠠᠶ 27.5 ᠺᠦᠸᠠᠳ᠋ ᠮᠧᠳ᠋ᠷ ᠪᠠᠶᠢᠵᠤ᠂ 2002 ᠣᠨ ᠤ 3.6 ᠳᠠᠬᠢᠨ ᠪᠣᠯᠪᠠ︔ ᠬᠥᠮᠦᠨ ᠳᠤᠮᠳᠠᠴᠢ ᠴᠡᠴᠡᠷᠯᠢᠭ ᠤᠨ ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠶ 20.6 ᠺᠦᠸᠠᠳ᠋ ᠮᠧᠳ᠋ᠷ ᠪᠠᠶᠢᠵᠤ᠂ 2002 ᠣᠨ ᠤ 3.6 ᠳᠠᠬᠢᠨ ᠪᠣᠯᠪᠠ︔ ᠤᠰᠤᠨ ᠤ ᠬᠠᠩᠭᠠᠯᠭ᠎ᠠ ᠶᠢᠨ ᠲᠦᠭᠡᠮᠡᠯᠵᠢᠭᠰᠡᠨ ᠨᠣᠷᠮ᠎ᠠ 98.9%᠂ ᠪᠣᠬᠢᠷ ᠤᠰᠤ ᠶᠢ ᠰᠢᠢᠳᠪᠦᠷᠢᠯᠡᠭᠰᠡᠨ ᠨᠣᠷᠮ᠎ᠠ 99.3%᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠭᠰᠡᠨ ᠨᠣᠷᠮ᠎ᠠ 99.9% ᠳᠤ ᠬᠦᠷᠴᠦ᠂ ᠲᠣᠰ ᠲᠣᠰ 2002 ᠣᠨ ᠤ ᠬᠢ ᠠᠴᠠ 21.7᠂ 62.6᠂ 66.6 ᠵᠠᠭᠤᠨ ᠤ ᠴᠡᠭ ᠳᠡᠭᠡᠭᠰᠢᠯᠡᠵᠡᠶ᠃ 2023 ᠣᠨ ᠳᠤ᠂ ᠬᠤᠲᠠ ᠪᠠᠯᠭᠠᠰᠤᠨ ᠤ ᠡᠯ᠎ᠡ ᠲᠥᠷᠥᠯ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠤᠨ 26867 ᠢᠵᠢ ᠳᠤ ᠥᠭᠡᠷᠡᠴᠢᠯᠡᠨ ᠪᠠᠶᠢᠭᠤᠯᠬᠤ ᠠᠵᠢᠯ ᠢ ᠡᠬᠢᠯᠡᠭᠦᠯᠵᠦ᠂ ᠬᠤᠲᠠ ᠪᠠᠯᠭᠠᠰᠤᠨ ᠤ ᠣᠷᠣᠯᠭ᠎ᠠ ᠪᠠᠭᠠᠲᠠᠶ ᠣᠯᠠᠨ ᠲᠦᠮᠡᠨ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠣᠷᠣᠨ ᠰᠠᠭᠤᠴᠠ ᠶᠢᠨ ᠨᠥᠬᠦᠴᠡᠯ ᠢ ᠲᠦᠢᠯ ᠤᠨ ᠶᠡᠭᠡ ᠪᠠᠷ ᠰᠠᠶᠢᠵᠢᠷᠠᠭᠤᠯᠪᠠ᠃ 75 ᠵᠢᠯ ᠳᠤ ᠬᠠᠷᠰᠢ ᠰᠠᠭᠠᠳ ᠢ ᠢᠯᠠᠨ ᠳᠠᠪᠠᠵᠤ᠂ 75 ᠵᠢᠯ ᠤᠨ ᠰᠠᠯᠬᠢ ᠪᠣᠷᠣᠭᠠᠨ ᠢ ᠰᠥᠷᠦᠨ ᠤᠷᠤᠭᠰᠢᠯᠠᠪᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠦᠬᠦ ᠣᠷᠣᠨ ᠢᠶᠠᠷ ᠢᠶᠠᠨ ᠬᠥᠮᠦᠨ ᠢᠶᠠᠷ ᠦᠨᠳᠦᠰᠦ ᠪᠣᠯᠭᠠᠬᠤ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠨᠡᠶᠢᠭᠡᠮ ᠤᠨ ᠠᠵᠢᠯ ᠦᠢᠯᠡᠰ ᠲᠤ ᠳᠡᠯᠡᠬᠡᠶ ᠨᠡᠶᠢᠲᠡ ᠶᠢᠨ ᠠᠩᠬᠠᠷᠤᠯ ᠢ ᠲᠠᠲᠠᠭᠰᠠᠨ ᠯᠤᠲᠤ ᠶᠡᠭᠡ ᠠᠮᠵᠢᠯᠲᠠ ᠣᠯᠪᠠ᠃     ᠰᠢᠨ᠎ᠡ ᠠᠶᠠᠨ ᠵᠠᠮ ᠳᠤ ᠴᠢᠭᠯᠡᠯ ᠢᠶᠠᠨ ᠬᠠᠨᠳᠤᠭᠤᠯᠵᠤ᠂ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠨ᠂ ᠮᠠᠨ ᠤ ᠣᠷᠣᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠮᠵᠢ ᠶᠢᠨ ᠣᠷᠣᠨ ᠢ ᠨᠡᠩ ᠦᠵᠡᠰᠭᠦᠯᠡᠩ ᠰᠠᠶᠢᠬᠠᠨ ᠪᠣᠯᠭᠠᠨ ᠪᠦᠳᠦᠭᠡᠨ ᠪᠠᠶᠢᠭᠤᠯᠤᠨ᠎ᠠ︕    ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号