11 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠲᠠ ᠡᠪᠦᠯ ᠤᠨ ᠤᠯᠠᠷᠢᠯ ᠠᠴᠠ ᠡᠮᠦᠨᠡᠬᠢ | ᠬᠤᠶᠠᠳᠤᠭᠠᠷ ᠤᠳᠠᠭᠠᠨ ᠤ ᠴᠠᠰᠤ ᠣᠷᠣᠵᠤ᠂ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠯᠠᠭ᠎ᠠ | ᠮᠥᠴᠢᠷ ᠴᠠᠰᠤ ᠪᠠᠷ ᠵᠠᠷᠯᠢᠭ ᠪᠣᠯᠭᠠᠵᠤ᠂ ᠴᠠᠰᠤ ᠶᠢ ᠰᠣᠨᠣᠰᠤᠮᠠᠭᠴᠠ ᠬᠥᠳᠡᠯᠦᠯᠴᠡᠵᠦ᠂ ᠴᠠᠰᠤ ᠣᠷᠣᠬᠤ ᠠᠭᠤᠷ | ᠠᠮᠢᠰᠬᠤᠯ ᠢ ᠢᠳᠡᠪᠬᠢᠲᠡᠶ ᠠᠷᠭᠠᠴᠠᠵᠤ᠂ ᠪᠣᠷᠣᠭᠠᠨ ᠴᠠᠰᠤ ᠣᠷᠣᠵᠤ᠂ ᠵᠠᠮ ᠳᠡᠭᠡᠷ᠎ᠡ ᠴᠠᠰᠤ ᠴᠡᠪᠡᠷᠯᠡᠵᠦ ᠰᠠᠭᠠᠳ | ᠥᠬᠡᠶ ᠨᠡᠪᠲᠡᠷᠡᠬᠦ ᠶᠢ ᠪᠠᠲᠤᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠠᠷᠠᠳ ᠣᠯᠠᠨ ᠤ ᠦᠢᠯᠡᠳᠪᠦᠷᠢᠯᠡᠯ | ᠠᠮᠢᠳᠤᠷᠠᠯ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠪᠠ᠃ | | | | | | | | | | | | ᠬᠤᠲᠠ ᠶᠢᠨ ᠣᠷᠴᠢᠨ ᠲᠣᠭᠤᠷᠢᠨ ᠤ ᠡᠮᠬᠢ ᠳᠢᠭᠯᠢᠮ ᠢ ᠬᠠᠮᠠᠭᠠᠯᠠᠵᠤ᠂ ᠰᠠᠭᠤᠭᠠᠯᠢ ᠠᠷᠠᠳ ᠤᠨ ᠶᠠᠪᠤᠵᠤ | ᠰᠠᠭᠤᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠴᠠᠰᠤ ᠠᠷᠢᠯᠭᠠᠬᠤ ᠲᠥᠬᠦᠭᠡᠷᠦᠮᠵᠢ ᠶᠢ ᠨᠢᠭᠡᠳᠦᠯᠲᠡᠶ | ᠬᠥᠮᠥᠷᠭᠡ ᠠᠴᠠ ᠭᠠᠷᠭᠠᠵᠤ᠂ ᠴᠠᠰᠤ ᠬᠠᠶᠢᠯᠠᠭᠤᠯᠬᠤ ᠮᠠᠰᠢᠨ ᠢ ᠳᠦᠭᠦᠷᠲᠡᠯ᠎ᠡ ᠤᠭᠰᠠᠷᠠᠵᠤ ᠳᠠᠭᠤᠰᠬᠠᠬᠤ ᠶᠢᠨ | ᠲᠥᠯᠥᠭᠡ᠂ ᠴᠠᠰᠤ ᠣᠷᠣᠬᠤ ᠮᠠᠰᠢᠨ ᠢᠶᠠᠨ ᠶᠡᠬᠡᠰᠬᠡᠵᠦ᠂ ᠵᠠᠮ ᠳᠡᠭᠡᠷ᠎ᠡ ᠮᠥᠰᠥ ᠬᠥᠯᠳᠡᠬᠦ ᠪᠠᠶᠢᠳᠠᠯ ᠭᠠᠷᠴᠤ᠂ ᠰᠠᠪ | ᠮᠠᠰᠢᠨ ᠵᠠᠮ ᠳᠡᠭᠡᠷ᠎ᠡ ᠠᠵᠢᠯᠯᠠᠵᠤ᠂ ᠴᠠᠰᠤ ᠬᠠᠶᠢᠯᠠᠭᠤᠯᠬᠤ ᠡᠳ᠋ ᠰᠠᠴᠤᠵᠤ᠂ ᠪᠤᠰᠤᠳ ᠴᠠᠰᠤ ᠴᠡᠪᠡᠷᠯᠡᠬᠦ | ᠲᠥᠬᠦᠭᠡᠷᠦᠮᠵᠢ ᠨᠢ ︽ᠭᠤᠤᠯ ᠵᠠᠮ ᠢ ᠳᠣᠪᠤᠶᠢᠯᠭᠠᠬᠤ᠂ ᠡᠷᠭᠢᠨ ᠲᠣᠭᠤᠷᠢᠨ ᠢ ᠨᠥᠯᠥᠭᠡᠯᠡᠬᠦ᠂ ᠴᠡᠪᠡᠷᠯᠡᠭᠡ ᠶᠢᠨ ᠳᠠᠭᠠᠤ | ᠲᠡᠭᠡᠭᠡᠪᠦᠷᠢᠯᠡᠬᠦ︾ ᠠᠵᠢᠯ ᠤᠨ ᠵᠠᠷᠴᠢᠮ ᠶᠣᠰᠣᠭᠠᠷ᠂ ᠭᠤᠤᠯ ᠵᠠᠮ᠂ ᠲᠣᠨᠣᠯᠵᠢᠨ ᠵᠠᠮ᠂ ᠨᠠᠯᠠᠤ ᠵᠠᠮ ᠵᠡᠷᠭᠡ | ᠭᠤᠤᠯᠳᠠᠯᠭ᠎ᠠ ᠲᠠᠢ ᠬᠡᠰᠡᠭ ᠲᠤ ᠤᠷᠢᠳᠠᠪᠠᠷ ᠴᠡᠪᠡᠷᠯᠡᠵᠦ᠂ ᠴᠠᠰᠤ ᠴᠡᠪᠡᠷᠯᠡᠬᠦ ᠠᠵᠢᠯ ᠢ ᠡᠮᠬᠢ ᠵᠢᠷᠤᠮ ᠲᠠᠢ ᠪᠠᠷ | ᠥᠷᠨᠢᠭᠦᠯᠪᠡ᠃ ᠣᠳᠣᠬᠠᠨ ᠳᠤ᠂ ᠨᠡᠶᠢᠲᠡ 15 ᠴᠠᠰᠤ ᠠᠷᠢᠯᠭᠠᠬᠤ ᠲᠥᠬᠦᠭᠡᠷᠦᠮᠵᠢ ᠶᠢ ᠬᠥᠳᠡᠯᠭᠡᠵᠦ᠂ ᠨᠡᠶᠢᠲᠡ | 500 ᠭᠠᠷᠤᠶ ᠬᠥᠮᠦᠨ ᠤᠳᠠᠭ᠎ᠠ ᠬᠥᠳᠡᠯᠭᠡᠵᠦ᠂ 30 ᠭᠠᠷᠤᠶ ᠲᠣᠨ ᠴᠠᠰᠤ ᠬᠠᠶᠢᠯᠠᠭᠤᠯᠬᠤ ᠡᠳ᠋ ᠭᠠᠷᠭᠠᠵᠤ᠂ 35 | ᠵᠠᠮ ᠢ ᠪᠦᠷᠬᠦᠪᠡ᠃ ᠣᠳᠣ ᠶᠢᠨ ᠬᠤᠳᠠ ᠶᠢᠨ ᠭᠤᠣᠯ ᠵᠠᠮ ᠤᠨ ᠴᠠᠰᠤ ᠠᠷᠢᠯᠭᠠᠬᠤ ᠠᠵᠢᠯ ᠢ ᠨᠢᠭᠡᠨᠲᠡ ᠳᠠᠭᠤᠰᠬᠠᠵᠤ | ᠂ ᠬᠦᠴᠦᠨ ᠢᠶᠠᠨ ᠲᠥᠪᠯᠡᠷᠡᠭᠦᠯᠦᠨ ᠳᠡᠳ᠋ ᠭᠤᠣᠯ ᠵᠠᠮ᠂ ᠶᠠᠪᠠᠭᠠᠨ ᠬᠥᠮᠦᠨ ᠤ ᠵᠠᠮ ᠤᠨ ᠭᠠᠳᠠᠷᠭᠤ ᠵᠢᠴᠢ ᠴᠠᠰᠤ | ᠠᠷᠢᠯᠭᠠᠬᠤ ᠪᠤᠰᠤᠳ ᠲᠣᠨᠤᠭ ᠲᠥᠬᠦᠭᠡᠷᠦᠮᠵᠢ ᠶᠢ ᠴᠡᠪᠡᠷᠯᠡᠬᠦ ᠠᠵᠢᠯ ᠤᠨ ᠲᠣᠭᠤᠷᠢᠭ ᠢ ᠴᠡᠪᠡᠷᠯᠡᠵᠦ ᠪᠠᠶᠢᠨ᠎ᠠ᠃ | | | | | |
|
| ᠣᠳᠣ ᠪᠣᠯᠲᠠᠯ᠎ᠠ᠂ ᠴᠠᠰᠤ ᠣᠷᠣᠬᠤ ᠶᠠᠪᠤᠳᠠᠯ ᠨᠢᠭᠡᠨᠲᠡ ᠵᠣᠭᠰᠣᠵᠤ᠂ ᠴᠠᠰᠤ ᠠᠷᠢᠯᠭᠠᠬᠤ ᠠᠵᠢᠯ ᠶᠠᠭ ᠡᠮᠬᠢ
| ᠵᠢᠷᠤᠮ ᠲᠠᠢ ᠶᠠᠪᠤᠭᠳᠠᠵᠤ ᠪᠠᠶᠢᠨ᠎ᠠ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠠᠴᠠ
| ᠴᠠᠰᠤ ᠠᠷᠢᠯᠭᠠᠬᠤ ᠮᠠᠰᠢᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠶᠢ ᠪᠠᠷᠢᠮᠲᠠᠯᠠᠵᠤ᠂ ᠴᠠᠰᠤ ᠠᠷᠢᠯᠭᠠᠬᠤ
| ᠬᠥᠮᠦᠰ ᠢ ᠵᠦᠶ ᠵᠣᠬᠢᠰᠲᠠᠶ ᠬᠤᠪᠢᠶᠠᠷᠢᠯᠠᠵᠤ᠂ ᠴᠠᠰᠤ ᠠᠷᠢᠯᠭᠠᠬᠤ ᠦᠷ᠎ᠡ ᠪᠦᠲᠦᠮᠵᠢ ᠶᠢ ᠪᠥᠬᠦ ᠲᠠᠯ᠎ᠠ ᠪᠠᠷ
| ᠳᠡᠭᠡᠭᠰᠢᠯᠡᠭᠦᠯᠵᠦ᠂ ᠮᠥᠰᠥ ᠬᠥᠯᠳᠡᠭᠰᠡᠨ ᠵᠠᠮ᠂ ᠬᠥᠭᠦᠷᠭᠡ᠂ ᠡᠭᠴᠡ ᠬᠥᠲᠥᠯ ᠵᠢᠴᠢ ᠴᠢᠬᠤᠯᠠ ᠵᠠᠮ ᠬᠠᠷᠢᠯᠴᠠᠭᠠᠨ ᠤ
| ᠠᠭᠤᠯᠵᠠᠷ ᠢ ᠴᠢᠩᠭ᠎ᠠ ᠠᠩᠬᠠᠷᠴᠤ᠂ ᠪᠥᠬᠦ ᠬᠦᠴᠦᠨ ᠢᠶᠠᠷ ᠢᠶᠠᠨ ᠬᠤᠲᠠ ᠶᠢᠨ ᠠᠷᠠᠳ ᠲᠤ ᠴᠡᠪᠡᠷ ᠲᠡᠭᠰᠢ ᠡᠮᠬᠢ
| ᠵᠢᠷᠤᠮ ᠲᠠᠢ᠂ ᠠᠮᠤᠷ ᠲᠦᠪᠰᠢᠨ ᠰᠠᠭᠠᠳ ᠥᠬᠡᠶ ᠶᠠᠪᠤᠵᠤ ᠰᠠᠭᠤᠬᠤ ᠣᠷᠴᠢᠨ ᠲᠣᠭᠤᠷᠢᠨ ᠢ ᠬᠠᠩᠭᠠᠨ᠎ᠠ᠃
|
|
| | | |
|
|
|