ᠪᠢᠨ ᠾᠧ ᠨᠡᠶᠢᠭᠡᠮ ᠲᠣᠭᠤᠷᠢᠭ ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠡᠷᠬᠢᠮᠯᠡᠬᠦ︾ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/10
 12 ᠰᠠᠷ᠎ᠠ ᠶᠢᠨ 3 ᠤ ᠡᠳᠦᠷ᠂ ᠪᠢᠨ ᠾᠧ ᠨᠡᠶᠢᠭᠡᠮ ᠲᠣᠭᠤᠷᠢᠭ ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠡᠷᠬᠢᠮᠯᠡᠬᠦ︾ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠲᠣᠰ ᠠᠵᠢᠯᠯᠠᠭ᠎ᠠ ᠳᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠶᠢ ᠤᠷᠢᠵᠤ ᠲᠠᠶᠢᠯᠤᠮᠵᠢ ᠬᠢᠯᠭᠡᠵᠦ᠂ ᠠᠭᠤᠯᠭ᠎ᠠ ᠨᠢ ᠦᠨᠳᠦᠰᠦᠨ ᠬᠠᠤᠯᠢ ᠶᠢᠨ ᠦᠨᠳᠦᠰᠦᠨ ᠵᠠᠷᠴᠢᠮ᠂ ᠠᠷᠠᠳ ᠢᠷᠭᠡᠳ ᠤᠨ ᠦᠨᠳᠦᠰᠦᠨ ᠡᠷᠬᠡ ᠪᠠ ᠡᠭᠦᠷᠭᠡ ᠵᠡᠷᠭᠡ ᠶᠢ ᠬᠠᠮᠤᠷᠤᠭᠰᠠᠨ ᠪᠥᠭᠡᠳ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠤᠷᠤᠭ ᠭᠡᠷ ᠪᠦᠯᠢ ᠶᠢᠨ ᠬᠠᠷᠢᠴᠠᠭ᠎ᠠ᠂ ᠬᠤᠪᠢ ᠶᠢᠨ ᠬᠤᠳᠠᠯᠳᠤᠭᠠᠨ ᠤ ᠭᠡᠷ᠎ᠡ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠵᠡᠪᠰᠡᠭ ᠢᠶᠠᠷ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠭᠤᠯᠪᠠ᠃  
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号