12 ᠰᠠᠷ᠎ᠠ ᠶᠢᠨ 2 ᠤ ᠡᠳᠦᠷ᠂ ᠵᠢᠩ ᠱᠠᠨ ᠨᠡᠢᠭᠡᠮ ᠲᠣᠭᠤᠷᠢᠭ ︽ᠪᠣᠯᠪᠠᠰᠤᠨ ᠵᠠᠮ ᠬᠠᠷᠢᠯᠴᠠᠭ᠎ᠠ ᠶᠢ ᠭᠠᠷ | ᠬᠤᠯᠪᠣᠨ ᠬᠠᠮᠲᠤᠪᠠᠷ ᠡᠭᠦᠳᠬᠦ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠵᠠᠮ ᠬᠠᠷᠢᠯᠴᠠᠭᠠᠨ ᠤ ᠠᠮᠤᠷ ᠲᠦᠪᠰᠢᠨ ᠤ | ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠰᠠᠭᠤᠭᠠᠯᠢ ᠠᠷᠠᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ | ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ ᠲᠡᠷᠭᠡ ᠲᠦᠷᠢᠶᠡᠰᠦᠯᠡᠬᠦ ᠵᠢᠯᠣᠭᠤᠴᠢ ᠶᠢᠨ ᠠᠵᠢᠯ ᠮᠡᠷᠭᠡᠵᠢᠯ ᠤᠨ | ᠣᠨᠴᠠᠯᠢᠭ ᠲᠤ ᠴᠢᠭᠯᠡᠭᠦᠯᠦᠨ᠂ ᠲᠡᠳᠡᠨ ᠳᠤ ᠲᠡᠷᠭᠡ ᠵᠣᠭᠰᠣᠭᠠᠬᠤ᠂ ᠶᠠᠪᠠᠭᠠᠨ ᠬᠥᠮᠦᠨ ᠳᠤ ᠶᠣᠰᠣᠷᠬᠠᠭ ᠬᠠᠨᠳᠤᠬᠤ | ᠵᠢᠴᠢ ᠶᠠᠳᠠᠷᠠᠭ᠎ᠠ ᠲᠠᠢ ᠲᠡᠷᠭᠡ ᠵᠢᠯᠣᠭᠤᠳᠬᠤ ᠠᠴᠠ ᠵᠠᠶᠢᠯᠠᠰᠬᠢᠬᠦ ᠵᠡᠷᠭᠡ ᠶᠢ ᠤᠬᠠᠭᠤᠯᠪᠠ᠃ ᠲᠣᠰ ᠤᠳᠠᠭᠠᠨ ᠤ | ᠠᠵᠢᠯᠯᠠᠭ᠎ᠠ ᠨᠢ ᠰᠠᠭᠤᠭᠠᠯᠢ ᠠᠷᠠᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠪᠠ ᠪᠣᠯᠪᠠᠰᠤᠨ | ᠶᠠᠪᠤᠵᠤ ᠰᠠᠭᠤᠬᠤ ᠬᠡᠪ ᠪᠣᠯᠪᠠᠰᠤᠷᠠᠯ ᠢ ᠪᠦᠲᠦᠮᠵᠢᠲᠡᠶ ᠳᠡᠭᠡᠭᠰᠢᠯᠡᠭᠦᠯᠵᠦ᠂ ᠪᠣᠯᠪᠠᠰᠤᠨ ᠵᠠᠮ ᠬᠠᠷᠢᠯᠴᠠᠭᠠᠨ ᠤ | ᠤᠬᠠᠮᠰᠠᠷ ᠢ ᠦᠨᠡᠨ ᠬᠦ ᠴᠢᠩᠭᠠᠳᠬᠠᠪᠠ᠃ |