12 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠬᠤᠲᠠ ᠶᠢᠨ ᠳᠠᠷᠤᠭ᠎ᠠ ᠵᠢᠢ ᠬᠠᠢ ᠶᠠᠩ ᠪᠥᠬᠦ ᠬᠤᠲᠠ ᠶᠢᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠱᠠᠨ ᠯᠢᠶᠠᠨ ᠾᠧᠩ᠂ ᠸᠠᠩ ᠮᠢᠶᠣᠣ᠂ ᠯᠢᠦ | ᠽᠧᠩ ᠰᠢ᠂ ᠸᠠᠩ ᠵᠢᠶᠦ᠋ᠨ ᠭᠦᠸᠧ᠂ ᠰᠥᠩ ᠴᠢ ᠵᠧ᠂ ᠵᠣᠣ ᠱᠢ ᠶᠢᠨ᠂ ᠬᠤᠲᠠ ᠶᠢᠨ ᠵᠠᠰᠠᠭ ᠤᠨ ᠣᠷᠳᠣᠨ ᠤ | ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠶ᠃ | | | | | ᠬᠤᠷᠠᠯ ᠠᠴᠠ ᠮᠠᠨ ᠤ ᠬᠤᠲᠠ ᠶᠢᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ | ᠪᠠᠶᠢᠳᠠᠯ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ᠂ ᠭᠤᠣᠯᠳᠠᠯᠭ᠎ᠠ ᠲᠠᠢ ᠲᠦᠷᠦᠯ ᠵᠦᠢᠯ ᠤᠨ ᠭᠠᠷᠳᠠᠮ ᠢ | ᠭᠦᠢᠴᠡᠳᠬᠡᠭᠰᠡᠨ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ | ᠪᠠᠶᠢᠷᠢᠯᠠᠭᠤᠯᠵᠠᠢ᠃ | ᠵᠢᠢ ᠬᠠᠶ ᠶᠠᠩ ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠨᠦᠭᠦᠳ ᠦᠵᠡᠯ ᠰᠠᠨᠠᠭ᠎ᠠ | ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ | ᠲᠣᠪᠤᠶᠢᠮ᠎ᠠ ᠪᠠᠶᠢᠷᠢᠨ ᠳᠤ ᠲᠠᠯᠪᠢᠵᠤ᠂ ᠳᠡᠭᠡᠳᠦ ᠱᠠᠲᠤᠨ ᠤ ᠬᠢᠨᠠᠨ ᠰᠢᠯᠭᠠᠬᠤ ᠱᠠᠭᠠᠷᠳᠠᠯᠭ᠎ᠠ ᠲᠠᠢ ᠬᠢᠨᠠᠮᠠᠭᠠᠶ | ᠬᠠᠷᠢᠴᠠᠭᠤᠯᠤᠨ᠂ ᠳᠡᠭᠡᠳᠦ ᠳᠣᠤᠷᠠᠳᠤ ᠱᠠᠲᠤ ᠪᠠᠷ ᠢᠶᠠᠨ ᠨᠡᠪᠲᠡᠷᠡᠯᠴᠡᠵᠦ᠂ ᠬᠤᠯᠪᠣᠭᠠᠯᠠᠨ ᠬᠥᠳᠡᠯᠦᠯᠴᠡᠵᠦ ᠨᠢᠭᠡ | ᠴᠣᠭᠴᠠᠵᠢᠬᠤ ᠶᠢ ᠪᠠᠷᠢᠮᠲᠠᠯᠠᠨ᠂ ᠥᠭᠡᠷᠡᠴᠢᠯᠡᠯᠲᠡ ᠶᠢ ᠠᠬᠢᠭᠤᠯᠬᠤ ᠶᠢ ᠴᠢᠩᠭ᠎ᠠ ᠠᠳᠬᠤᠵᠤ᠂ ᠠᠵᠢᠯ ᠤᠨ ᠪᠣᠳᠠᠲᠤ | ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠢ ᠤᠨᠢᠨ ᠳᠡᠭᠡᠷ᠎ᠡ ᠨᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠤᠨ ᠲᠣᠭᠲᠠᠴᠠ ᠪᠣᠯᠤᠨ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ᠡᠯ᠎ᠡ ᠵᠦᠢᠯ ᠤᠨ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ ᠠᠵᠢᠯ ᠤᠨ ᠠᠷᠭ᠎ᠠ | ᠬᠡᠮᠵᠢᠶ᠎ᠡ ᠶᠢ ᠨᠠᠷᠢᠯᠢᠬᠵᠢᠭᠤᠯᠵᠤ᠂ ᠡᠷᠬᠡᠪᠰᠢ ᠲᠦᠷᠦᠯ ᠵᠦᠢᠯ ᠤᠨ ᠲᠣᠭᠲᠠᠭᠰᠠᠨ ᠬᠤᠭᠤᠴᠠᠭᠠᠨ ᠳᠤ ᠠᠵᠢᠯ | ᠡᠬᠢᠯᠡᠭᠦᠯᠦᠨ ᠪᠦᠳᠦᠭᠡᠨ ᠪᠠᠶᠢᠭᠤᠯᠬᠤ ᠶᠢ ᠪᠠᠲᠤᠯᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠲᠤᠰᠬᠠᠶᠢᠵᠢᠭᠰᠠᠨ ᠠᠷᠠᠯᠵᠢᠶᠠᠴᠢᠨ ᠤᠷᠢᠬᠤ ᠡᠩᠨᠡᠭᠡ ᠶᠢ | ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠴᠠᠭᠠᠷᠠᠭᠰᠠᠨ ᠴᠢᠳᠠᠪᠤᠷᠢ ᠪᠠᠨ | ᠳᠠᠪᠲᠠᠨ ᠪᠣᠯᠪᠠᠰᠤᠷᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠯ᠎ᠡ ᠵᠦᠢᠯ ᠤᠨ ᠠᠵᠢᠯ ᠤᠨ ᠡᠮᠬᠢ | ᠵᠢᠷᠤᠮ ᠲᠠᠢ ᠥᠷᠨᠢᠬᠦ ᠶᠢ ᠴᠢᠩᠭ᠎ᠠ᠂ ᠪᠣᠳᠠᠲᠠᠢ᠂ ᠨᠠᠷᠢᠯᠢᠭ ᠠᠬᠢᠭᠤᠯᠵᠤ᠂ ᠨᠢᠭᠡ ᠪᠦᠯᠦᠭ ᠰᠠᠶᠢᠨ ᠲᠦᠷᠦᠯ ᠵᠦᠢᠯ ᠢ | ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ᠬᠤᠤᠯᠢᠩᠭᠤᠤᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ ᠨᠡᠮᠡᠷᠢᠯᠡᠵᠦ᠂ ᠠᠮᠢᠵᠢᠷᠠᠯ ᠤᠨ ᠬᠦᠴᠦᠨ | ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ |