ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠥᠪᠯᠡᠯ ᠤᠨ ᠶᠠᠪᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/12
   12 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠥᠪᠯᠡᠯ ᠤᠨ ᠶᠠᠪᠤᠳᠠᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠧᠤ ᠬᠠᠶ ᠮᠢᠨ ᠬᠤᠷᠠᠯ ᠡᠷᠭᠢᠯᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠡᠯ᠎ᠡ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

   ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠭᠤᠸᠠᠩᠳᠦ᠋ᠩ ᠤᠨ ᠵᠦᠬᠠᠶ ᠬᠤᠲᠠ ᠶᠢᠨ ᠲᠡᠷᠭᠡ

ᠵᠢᠯᠣᠭᠤᠳᠴᠤ ᠬᠥᠮᠦᠨ ᠮᠥᠷᠭᠦᠯᠳᠦᠭᠰᠡᠨ ᠬᠡᠷᠡᠭ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ

ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠪ ᠤᠨ ᠤᠯᠤᠰ ᠲᠥᠷᠥ ᠬᠠᠤᠯᠢ

ᠴᠠᠭᠠᠵᠠ ᠶᠢᠨ ᠬᠤᠷᠢᠶᠠᠨ ᠤ ᠱᠦᠵᠢ ᠴᠧᠨ ᠸᠧᠨ ᠴᠢᠩ ᠤᠨ ᠬᠤᠪᠧᠶ ᠳᠤ ᠪᠠᠶᠢᠴᠠᠭᠠᠨ ᠰᠤᠳᠤᠯᠤᠯᠲᠠ ᠶᠢᠨ

ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ

ᠲᠣᠬᠢᠷᠠᠭᠤᠯᠤᠯᠲᠠ ᠶᠢ ᠰᠤᠳᠤᠯᠤᠨ ᠪᠠᠶᠢᠷᠢᠯᠠᠭᠤᠯᠪᠠ᠃

   ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ

ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠠᠮᠤᠷ

ᠲᠦᠪᠰᠢᠨ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠪᠣᠯᠬᠤ ᠶᠢ ᠢᠮᠠᠭᠲᠠ ᠪᠠᠲᠤ ᠴᠡᠭᠡᠵᠢᠯᠡᠵᠦ᠂ ᠨᠡᠩ

ᠶᠡᠭᠡ ᠡᠷᠴᠢᠮ᠂ ᠨᠡᠩ ᠪᠦᠲᠦᠮᠵᠢᠲᠡᠢ ᠠᠷᠭ᠎ᠠ ᠬᠡᠮᠵᠢᠶ᠎ᠡ ᠪᠠᠷ ᠨᠡᠶᠢᠭᠡᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ

ᠲᠣᠣᠷ ᠢ ᠴᠢᠩᠭ᠎ᠠ ᠰᠠᠶᠢᠲᠤᠷ ᠠᠳᠬᠤᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ

ᠦᠨᠡᠨᠬᠦ ᠪᠠᠲᠤᠯᠠᠬᠤ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠬᠦᠨ ᠨᠡᠷ ᠬᠠᠮᠵᠢᠯᠴᠠᠭ᠎ᠠ ᠪᠠᠨ ᠴᠢᠩᠭᠠᠳᠬᠠᠵᠤ᠂

ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠮᠠᠨ ᠤ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ

ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠬᠡᠵᠡᠢ᠃ ᠡᠯ᠎ᠡ

ᠲᠠᠰᠤᠭ ᠤᠨ ᠬᠠᠷᠢᠭᠤᠴᠠᠯᠭᠠᠲᠠᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢᠨ ᠳᠠᠭᠠᠭᠤᠯᠭ᠎ᠠ ᠳᠣᠣᠷ᠎ᠠ᠂

ᠤᠯᠤᠰ ᠲᠦᠷᠦ ᠬᠠᠤᠯᠢ ᠴᠠᠭᠠᠵᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ

ᠠᠬᠢᠭᠤᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠤᠯᠤᠰ ᠲᠦᠷᠦ ᠬᠠᠤᠯᠢ ᠴᠠᠭᠠᠵᠠ ᠶᠢᠨ

ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠷᠠᠯᠲᠠ ᠪᠠᠨ ᠲᠣᠳᠣᠷᠬᠠᠶᠢᠯᠠᠵᠤ᠂ ᠰᠡᠳᠬᠢᠴᠡ ᠪᠠᠨ

ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠨ᠎ᠡ ᠶᠢ ᠡᠭᠦᠳᠦᠨ ᠤᠷᠤᠭᠰᠢᠯᠠᠵᠤ᠂ ᠰᠢᠨ᠎ᠡ

ᠴᠠᠭ ᠦᠶ᠎ᠡ ᠰᠢᠨ᠎ᠡ ᠠᠶᠠᠨ ᠤ ᠬᠤᠤᠯᠢᠩᠭᠤᠤᠯ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ

ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号