ᠪᠦᠬᠦ ᠬᠤᠲᠠ ᠶᠢᠨ ︽ᠨᠠᠷᠠᠲᠤ ᠪᠠᠭᠰᠢ ᠶᠢᠨ ᠬᠢᠴᠢᠶᠡᠯ ᠤᠨ ᠲᠠᠩᠬᠢᠮ︾ ᠵᠢᠴᠢ 2024 ᠣᠨ ᠳᠤ ᠡᠮᠡᠭᠲᠡᠶ ᠺᠠᠳ᠋ᠷ ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/12/13
   12 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠠᠮᠲᠤᠷᠠᠨ ᠡᠷᠭᠢᠯᠡᠭᠰᠡᠨ ᠪᠥᠬᠦ ᠬᠤᠲᠠ ᠶᠢᠨ ︽ᠨᠠᠷᠠᠲᠤ ᠪᠠᠭᠰᠢ ᠶᠢᠨ ᠬᠢᠴᠢᠶᠡᠯ ᠤᠨ ᠲᠠᠩᠬᠢᠮ︾ ᠵᠢᠴᠢ 2024 ᠣᠨ ᠤ ᠡᠮᠡᠭᠲᠡᠶ ᠺᠠᠳ᠋ᠷ ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠬᠤᠲᠠ ᠶᠢᠨ ᠵᠠᠰᠠᠭ ᠵᠠᠬᠢᠷᠭᠠᠨ ᠤ ᠲᠥᠪ ᠤᠨ ᠨᠢᠭᠡᠳᠦᠭᠡᠷ ᠳᠠᠪᠬᠤᠷᠯᠢᠭ ᠤᠨ ᠣᠯᠠᠨ ᠴᠢᠳᠠᠮᠵᠢᠳᠤ ᠬᠤᠷᠠᠯ ᠤᠨ ᠬᠡᠷ ᠲᠤ ᠬᠢᠴᠢᠶᠡᠯ ᠡᠬᠢᠯᠡᠵᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠧᠤ ᠬᠠᠶ ᠮᠢᠨ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠪᠥᠬᠦ ᠬᠤᠲᠠ ᠶᠢᠨ ᠰᠠᠯᠠᠭᠠᠨ ᠤ ᠲᠠᠰ ᠤᠨ ᠡᠮᠡᠭᠲᠡᠶ ᠺᠠᠳ᠋ᠷ᠂ ᠰᠢᠯᠢᠳᠡᠭ ᠵᠠᠯᠠᠭᠤ ᠡᠮᠡᠭᠲᠡᠶ ᠺᠠᠳ᠋ᠷ᠂ ᠡᠯ᠎ᠡ ᠱᠠᠲᠤᠨ ᠤ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠺᠠᠳ᠋ᠷ ᠪᠣᠯᠪᠠᠰᠤᠷᠠᠯ ᠳᠤ ᠣᠷᠣᠯᠴᠠᠪᠠ᠃

   ᠪᠣᠯᠪᠠᠰᠤᠷᠠᠯ ᠤᠨ ᠶᠠᠪᠤᠴᠠ ᠳᠤ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠬᠤᠳᠠ ᠶᠢᠨ

ᠡᠮᠡᠭᠲᠡᠶᠢᠴᠦᠳ ᠤᠨ ᠬᠤᠯᠪᠣᠭ᠎ᠠ᠂ ᠬᠤᠳᠠ ᠶᠢᠨ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠠᠴᠠ ᠢᠷᠡᠭᠰᠡᠨ

ᠭᠤᠷᠪᠠᠨ ᠯᠧᠺᠲ᠋ᠣᠷ ᠠᠴᠠ ᠲᠤᠰ ᠲᠤᠰ ︽ᠠᠷᠠᠳ ᠤᠨ ᠠᠮᠢᠳᠤᠷᠠᠯ ᠤᠨ ᠲᠦᠷᠢᠮ ᠤᠨ ᠰᠢᠰᠲ᠋ᠧᠮ ᠢ ᠪᠦᠷᠢᠨᠰᠢᠬᠦᠯᠦᠨ

ᠰᠠᠶᠢᠵᠢᠷᠠᠭᠤᠯᠬᠤ - ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ

ᠰᠠᠨᠠᠭᠠᠨ ᠤ ᠲᠠᠶᠢᠯᠤᠮᠵᠢ︾᠂ ︽ᠰᠢᠨ᠎ᠡ ᠴᠠᠭ ᠦᠶ᠎ᠡ ᠶᠢᠨ ᠡᠮᠡᠭᠲᠡᠶᠢᠴᠦᠳ ᠬᠡᠦᠬᠡᠳ ᠪᠣᠯᠤᠨ ᠭᠡᠷ ᠪᠦᠯᠢ ᠶᠢᠨ

ᠠᠵᠢᠯ ᠢ ᠰᠠᠶᠢᠲᠤᠷ ᠬᠢᠬᠦ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ

ᠡᠮᠡᠭᠲᠡᠶᠢᠴᠦᠳ ᠤᠨ ᠬᠦᠴᠦᠨ ᠢ ᠨᠢᠭᠲᠠᠷᠠᠭᠤᠯᠬᠤ︾᠂ ︽ᠪᠠᠶᠢᠭᠤᠯᠭ᠎ᠠ ᠨᠢᠭᠡᠴᠡ ᠶᠢᠨ ᠨᠢᠭᠤᠴᠠ ᠶᠢ ᠬᠠᠮᠠᠭᠠᠯᠠᠬᠤ

ᠠᠵᠢᠯ︾ ᠢᠶᠠᠷ ᠭᠤᠣᠯ ᠰᠡᠳᠦᠪ ᠪᠣᠯᠭᠠᠨ ᠪᠤᠢ ᠪᠦᠬᠦᠢ ᠪᠣᠯᠪᠠᠰᠤᠷᠠᠯ ᠳᠤ ᠣᠷᠣᠯᠴᠠᠭᠰᠠᠳ ᠲᠤ ᠰᠢᠰᠲ᠋ᠧᠮ ᠲᠠᠢ

ᠲᠠᠶᠢᠯᠤᠮᠵᠢ ᠬᠢᠵᠡᠢ᠃ ᠪᠣᠯᠪᠠᠰᠤᠷᠠᠯ ᠨᠢ ᠨᠢᠭᠡ ᠡᠳᠦᠷ ᠶᠠᠪᠤᠭᠳᠠᠵᠤ᠂ ᠬᠢᠴᠢᠶᠡᠯ ᠤᠨ ᠠᠭᠤᠯᠭ᠎ᠠ ᠪᠠᠶᠠᠯᠢᠭ᠂ ᠠᠵᠢᠯ ᠤᠨ

ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠪᠠ᠃

   ᠵᠧᠦ ᠬᠠᠢ ᠮᠢᠨ᠂ ᠡᠮᠡᠭᠲᠡᠢ ᠺᠠᠳ᠋ᠷ ᠨᠠᠮ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠳᠤᠮᠳᠠᠬᠢ ᠴᠢᠬᠤᠯᠠ

ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠨᠠᠮ ᠤᠨ ᠳᠣᠲᠣᠭᠠᠳᠤ ᠶᠢᠨ ᠡᠯ᠎ᠡ ᠵᠦᠢᠯ ᠤᠨ ᠦᠢᠯᠡᠰ ᠤᠨ

ᠲᠠᠰᠤᠷᠠᠯᠲᠠ ᠦᠭᠡᠢ ᠤᠷᠤᠭᠰᠢ ᠬᠥᠭᠵᠢᠬᠦ ᠶᠢ ᠠᠬᠢᠭᠤᠯᠬᠤ ᠪᠠᠲᠤ ᠪᠠᠬᠢ ᠰᠠᠭᠤᠷᠢ ᠪᠠ ᠴᠢᠬᠤᠯᠠ ᠪᠠᠲᠤᠯᠠᠭ᠎ᠠ ᠪᠣᠯᠤᠨ᠎ᠠ

᠃ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢ ᠴᠢᠬᠤᠯᠠᠴᠢᠯᠠᠵᠤ᠂ ᠵᠣᠬᠢᠶᠠᠨ ᠪᠠᠶᠢᠭᠤᠯᠬᠤ ᠴᠢᠳᠠᠪᠤᠷᠢ ᠪᠠᠨ

ᠳᠡᠭᠡᠭᠰᠢᠯᠡᠭᠦᠯᠵᠦ᠂ ᠬᠥᠮᠦᠵᠢᠯ ᠪᠣᠯᠪᠠᠰᠤᠷᠠᠯ ᠪᠠ ᠦᠢᠯᠡᠳᠦᠯᠭᠡ ᠶᠢᠨ ᠬᠤᠪᠢᠷᠠᠭᠤᠯᠤᠯᠲᠠ ᠶᠢ ᠴᠢᠩᠭᠠᠳᠬᠠᠵᠤ᠂

ᠲᠠᠰᠤᠷᠠᠯᠲᠠ ᠦᠭᠡᠢ ᠰᠢᠨ᠎ᠡ ᠮᠡᠳᠡᠯᠭᠡ ᠶᠢ ᠰᠤᠷᠤᠯᠴᠠᠵᠤ᠂ ᠰᠢᠨ᠎ᠡ ᠤᠷ᠎ᠠ ᠴᠢᠳᠠᠪᠤᠷᠢ ᠶᠢ ᠡᠵᠡᠮᠰᠢᠵᠦ᠂ ᠲᠤᠰᠬᠠᠢ

ᠮᠡᠷᠭᠡᠵᠢᠯ ᠤᠨ ᠬᠡᠪ ᠪᠣᠯᠪᠠᠰᠤᠷᠠᠯ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ

ᠳᠡᠭᠡᠭᠰᠢᠯᠡᠭᠦᠯᠵᠦ᠂ ᠰᠤᠷᠤᠭᠰᠠᠨ ᠢᠶᠠᠨ ᠬᠡᠷᠡᠭᠯᠡᠵᠦ ᠪᠣᠯᠬᠤ ᠬᠡᠷᠡᠭᠲᠡᠢ᠃ ᠦᠢᠯᠡᠳᠦᠯᠭᠡ ᠶᠢᠨ ᠳᠠᠪᠲᠠᠯᠲᠠ ᠶᠢ

ᠴᠢᠬᠤᠯᠠᠴᠢᠯᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠨᠡᠮᠡᠭᠳᠡᠭᠦᠯᠦᠨ᠂ ᠬᠠᠷᠢᠯᠴᠠᠨ

ᠬᠥᠳᠡᠯᠦᠯᠴᠡᠵᠦ ᠵᠢᠭᠠᠨ ᠰᠤᠷᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠣᠷᠣᠭᠰᠠᠨ ᠮᠡᠳᠡᠯᠭᠡ ᠪᠠᠨ

ᠪᠣᠳᠠᠲᠠᠢ ᠠᠵᠢᠯ ᠤᠨ ᠠᠰᠠᠭᠤᠳᠠᠯ ᠳᠤ ᠬᠡᠷᠡᠭᠯᠡᠵᠦ᠂ ᠢᠳᠡᠪᠬᠢᠲᠡᠢ ᠪᠠᠷ ᠰᠡᠳᠬᠢᠵᠦ᠂ ᠵᠣᠷᠢᠭᠲᠠᠢ ᠪᠠᠷ

ᠦᠢᠯᠡᠳᠦᠯᠭᠡᠵᠢᠭᠦᠯᠵᠦ᠂ ᠪᠠᠶᠢᠭ᠎ᠠ ᠰᠠᠯᠠᠭ᠎ᠠ ᠮᠥᠴᠢᠷ᠂ ᠨᠢᠭᠡᠴᠡ ᠶᠢᠨ ᠠᠵᠢᠯ ᠢᠶᠠᠨ ᠠᠬᠢᠭᠤᠯᠬᠤ ᠳᠤ ᠤᠶᠤᠨ

ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃ ᠨᠠᠰᠤᠨ ᠲᠤᠷᠰᠢᠳᠠ ᠰᠤᠷᠤᠯᠴᠠᠬᠤ

ᠣᠶᠢᠯᠠᠭᠠᠭᠳᠠᠬᠤᠨ ᠢ ᠪᠤᠢ ᠪᠣᠯᠭᠠᠵᠤ᠂ ᠥᠪᠡᠷ ᠢ ᠪᠠᠨ ᠲᠠᠰᠤᠷᠠᠯᠲᠠ ᠦᠭᠡᠢ ᠳᠠᠪᠠᠵᠤ᠂ ᠰᠢ ᠶᠢᠨ ᠫᠢᠩ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ

ᠰᠤᠷᠤᠯᠴᠠᠨ ᠲᠤᠤᠱᠯᠠᠭᠤᠯᠵᠤ᠂ ᠤᠭ ᠵᠣᠬᠢᠶᠠᠯ ᠢ ᠤᠩᠰᠢᠵᠤ᠂ ᠤᠭ ᠵᠣᠬᠢᠶᠠᠯ ᠢ ᠰᠤᠷᠤᠯᠴᠠᠵᠤ᠂ ᠤᠭ ᠶᠣᠰᠣ ᠶᠢ

ᠣᠶᠢᠯᠠᠭᠠᠵᠤ᠂ ᠴᠢᠩᠭ᠎ᠠ ᠤᠩᠰᠢᠵᠤ ᠴᠢᠩᠭ᠎ᠠ ᠴᠡᠭᠡᠵᠢᠯᠡᠨ᠂ ᠪᠠᠶᠢᠩᠭᠤ ᠰᠤᠷᠤᠯᠴᠠᠵᠤ ᠪᠠᠶᠢᠩᠭᠤ ᠬᠡᠷᠡᠭᠵᠢᠭᠦᠯᠵᠦ᠂

ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠵᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠵᠦ᠂

ᠶᠡᠷᠦᠩᠬᠡᠶᠢᠯᠡᠭᠰᠡᠨ ᠬᠡᠪ ᠴᠢᠨᠠᠷ ᠪᠠ ᠤᠯᠤᠰ ᠲᠦᠷᠦ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂

ᠪᠣᠳᠠᠲᠤ ᠠᠵᠢᠯᠯᠠᠭ᠎ᠠ ᠪᠠᠷ ᠢᠶᠠᠨ ᠮᠠᠨ ᠤ ᠬᠤᠲᠠ ᠶᠢᠨ ᠰᠢᠨ᠎ᠡ ᠴᠠᠭ ᠦᠶ᠎ᠡ ᠶᠢᠨ ᠰᠢᠨ᠎ᠡ ᠡᠮᠡᠭᠲᠡᠶᠢᠴᠦᠳ ᠤᠨ ᠰᠠᠶᠢᠨ

ᠰᠠᠶᠢᠬᠠᠨ ᠳᠦᠷᠰᠦ ᠪᠠᠶᠢᠳᠠᠯ ᠢ ᠪᠦᠬᠦ ᠲᠠᠯ᠎ᠠ ᠪᠠᠷ ᠢᠯᠡᠷᠡᠭᠦᠯᠬᠦ ᠬᠡᠷᠡᠭᠲᠡᠢ ᠭᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号