ᠬᠤᠤᠯᠢᠩᠭᠤᠤᠯ ᠬᠤᠲᠠ 2024 ᠣᠨ ᠤ ᠬᠤᠲᠠ ᠪᠠᠯᠭᠠᠰᠤᠨ ᠤ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠭᠰᠡᠨ ᠦᠷ᠎ᠡ ᠪᠦᠲᠦᠭᠡᠯ ᠤᠨ ᠭᠡᠷᠡᠴᠢᠯᠡᠭᠡ ᠰᠣᠨᠣᠰᠬᠤ ᠬᠤᠷᠠᠯ ᠤᠨ ᠠᠯᠪᠠᠨ ᠵᠠᠷ
ᠨᠡᠶᠢᠲᠡᠯᠡᠭᠰᠡᠨ ᠴᠠᠭ᠄
2024/12/13
   ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠪᠠ ᠠᠷᠠᠳᠴᠢᠯᠠᠯ ᠤᠨ ᠴᠢᠨᠠᠷ ᠢ ᠳᠡᠭᠡᠭᠰᠢᠯᠡᠭᠦᠯᠵᠦ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠤᠲᠠ ᠪᠠᠯᠭᠠᠰᠤᠨ ᠤ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠭᠰᠡᠨ ᠦᠷ᠎ᠡ ᠪᠦᠲᠦᠭᠡᠯ ᠤᠨ ᠲᠤᠬᠠᠶ ᠰᠠᠨᠠᠯ ᠪᠠ ᠰᠠᠨᠠᠭᠤᠯᠭ᠎ᠠ ᠶᠢ ᠥᠷᠭᠡᠨ ᠢᠶᠠᠷ ᠰᠣᠨᠣᠰᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ︵2019 ᠣᠨ ᠳᠤ ᠵᠠᠰᠠᠪᠤᠷᠢ ᠣᠷᠣᠭᠤᠯᠤᠭᠰᠠᠨ᠂ ︽ᠪᠠᠶᠢᠭᠠᠯᠢ ᠶᠢᠨ ᠡᠬᠢ ᠪᠠᠶᠠᠯᠢᠭ ᠤᠨ ᠭᠡᠷᠡᠴᠢᠯᠡᠭᠡ ᠰᠣᠨᠣᠰᠬᠤ ᠲᠣᠭᠲᠠᠭᠠᠯ︾ ︵2020 ᠣᠨ ᠳᠤ ᠵᠠᠰᠠᠪᠤᠷᠢ ᠣᠷᠣᠭᠤᠯᠪᠠ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠲᠣᠪᠴᠢᠶ᠎ᠠ ᠬᠤᠤᠯᠢᠩᠭᠤᠤᠯ ᠬᠤᠲᠠ ᠶᠢᠨ 2024 ᠣᠨ ᠤ ᠬᠤᠲᠠ ᠪᠠᠯᠭᠠᠰᠤᠨ ᠤ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠭᠰᠡᠨ ᠦᠷ᠎ᠡ ᠪᠦᠲᠦᠭᠡᠯ ᠤᠨ ᠭᠡᠷᠡᠴᠢᠯᠡᠭᠡ ᠰᠣᠨᠣᠰᠬᠤ ᠬᠤᠷᠠᠯ ᠢ ᠬᠢᠬᠦ ᠪᠠᠷ ᠲᠥᠯᠥᠪᠯᠡᠵᠦ ᠪᠠᠶᠢᠨ᠎ᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠭᠡᠷᠡᠴᠢᠯᠡᠭᠡ ᠰᠣᠨᠣᠰᠬᠤ ᠵᠦᠢᠯᠡᠰ᠄ ᠬᠤᠤᠯᠢᠩᠭᠤᠤᠯ ᠬᠤᠲᠠ 2024 ᠣᠨ ᠤ ᠬᠤᠲᠠ ᠪᠠᠯᠭᠠᠰᠤᠨ ᠤ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠭᠰᠡᠨ ᠦᠷ᠎ᠡ ᠪᠦᠲᠦᠭᠡᠯ ᠤᠨ ᠭᠡᠷᠡᠴᠢᠯᠡᠭᠡ ᠰᠣᠨᠣᠰᠬᠤ ᠬᠤᠷᠠᠯ    ᠬᠤᠶᠠᠷ᠂ ᠭᠡᠷᠡᠴᠢᠯᠡᠭᠡ ᠰᠣᠨᠣᠰᠬᠤ ᠬᠤᠷᠠᠯ ᠤᠨ ᠴᠠᠭ᠄ 2025 ᠣᠨ ᠤ 1 ᠰᠠᠷ᠎ᠠ ᠶᠢᠨ 10 ᠤ ᠡᠳᠦᠷ ᠤᠨ 09 ᠴᠠᠭ    ᠭᠤᠷᠪᠠ᠂ ᠭᠡᠷᠡᠴᠢᠯᠡᠭᠡ ᠰᠣᠨᠣᠰᠬᠤ ᠬᠤᠷᠠᠯ ᠤᠨ ᠭᠠᠵᠠᠷ᠄ ᠬᠤᠤᠯᠢᠩᠭᠤᠤᠯ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠷᠪᠠᠳᠤᠭᠠᠷ ᠳᠠᠪᠬᠤᠷᠯᠢᠭ ᠤᠨ ᠬᠤᠷᠠᠯ ᠤᠨ ᠬᠡᠷ    ᠬᠡᠷᠪᠡ ᠬᠤᠷᠠᠯ ᠤᠨ ᠴᠠᠭ ᠪᠤᠶᠤ ᠭᠠᠵᠠᠷ ᠲᠤ ᠬᠤᠪᠢᠷᠠᠯᠲᠠ ᠭᠠᠷᠪᠠᠯ ᠮᠠᠨ ᠤ ᠲᠣᠪᠴᠢᠶ᠎ᠠ ᠠᠰ ᠲᠤᠨᠢ ᠮᠡᠳᠡᠭᠳᠡᠯ ᠭᠠᠷᠭᠠᠵᠤ᠂ ᠲᠤᠬᠠᠶ ᠶᠢᠨ ᠦᠶ᠎ᠡ ᠳᠤ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃    ᠳᠥᠷᠪᠡ᠂ ᠭᠡᠷᠡᠴᠢᠯᠡᠭᠡ ᠰᠣᠨᠣᠰᠬᠤ ᠬᠤᠷᠠᠯ ᠤᠨ ᠬᠤᠯᠪᠣᠭᠳᠠᠯ ᠪᠥᠬᠦᠶ ᠬᠤᠷᠠᠯ ᠳᠤ ᠣᠷᠣᠯᠴᠠᠭᠰᠠᠳ ᠤᠨ ᠨᠡᠷᠡᠰ    ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠲᠥᠯᠥᠭᠡᠯᠡᠭᠴᠢ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠲᠥᠯᠥᠭᠡᠯᠡᠭᠴᠢ ᠂ ᠡᠯ᠎ᠡ ᠪᠠᠯᠭᠠᠰᠤ ︵ᠰᠤᠮᠤ᠂ ᠵᠡᠭᠡᠯᠢ ᠭᠤᠳᠤᠮᠵᠢ︶ ᠶᠢᠨ ᠲᠥᠯᠥᠭᠡᠯᠡᠭᠴᠢ᠂ ᠬᠤᠪᠢ ᠬᠥᠮᠦᠨ ᠤ ᠲᠥᠯᠥᠭᠡᠯᠡᠭᠴᠢ ᠵᠢᠴᠢ ᠲᠣᠰ ᠭᠡᠷᠡᠴᠢᠯᠡᠭᠡ ᠰᠣᠨᠣᠰᠬᠤ ᠵᠦᠢᠯᠡᠰ ᠲᠤ ᠬᠤᠯᠪᠣᠭᠳᠠᠬᠤ ᠪᠤᠰᠤᠳ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠤᠨ ᠲᠥᠯᠥᠭᠡᠯᠡᠭᠴᠢ᠃    ᠲᠠᠪᠤ᠂ ᠲᠣᠰ ᠤᠳᠠᠭᠠᠨ ᠤ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠬᠤ ᠳᠤ ᠡᠷᠬᠡᠪᠰᠢ ᠮᠡᠳᠡᠬᠦ ᠬᠡᠷᠡᠭᠲᠡᠶ᠄    ︵ᠨᠢᠭᠡ︶ ᠮᠠᠨ ᠤ ᠬᠤᠲᠠ ᠳᠤ ᠰᠠᠭᠤᠷᠢᠰᠢᠭᠰᠠᠨ ᠪᠤᠶᠤ ᠠᠵᠢᠯᠯᠠᠭᠠᠳ ᠪᠦᠬᠦᠯᠢ 18 ᠨᠠᠰᠤ ᠬᠦᠷᠴᠦ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠠᠷᠠᠳ ᠢᠷᠭᠡᠨ ᠪᠦᠬᠦᠨ ᠳᠤ ᠴᠥᠮ ᠨᠡᠷ᠎ᠡ ᠮᠡᠳᠡᠭᠦᠯᠵᠦ ᠪᠣᠯᠣᠨ᠎ᠠ    ︵ᠬᠤᠶᠠᠷ︶ ᠭᠡᠷᠡᠴᠢᠯᠡᠭᠡ ᠰᠤᠨᠤᠰᠬᠤ ᠬᠤᠷᠠᠯ ᠤᠨ ᠲᠦᠯᠦᠭᠡᠯᠡᠭᠴᠢ ᠶᠢ ᠠᠷᠠᠳ ᠢᠷᠭᠡᠨ᠂ ᠬᠠᠤᠯᠢ ᠶᠢᠨ ᠡᠷᠭᠡᠳᠡᠨ ᠪᠠ ᠪᠤᠰᠤᠳ ᠵᠤᠬᠢᠶᠠᠨ ᠪᠠᠶᠢᠭᠤᠯᠤᠯᠲᠠ ᠠᠴᠠ ᠰᠣᠩᠭᠤᠨ ᠭᠠᠷᠭᠠᠵᠤ ᠪᠤᠯᠤᠨ᠎ᠠ    ︵ᠭᠤᠷᠪᠠ︶ ᠬᠤᠷᠠᠯ ᠤᠨ ᠲᠥᠯᠥᠭᠡᠯᠡᠭᠴᠢ ᠭᠠᠵᠠᠷ ᠤᠨ ᠦᠨ᠎ᠡ ᠶᠢᠨ ᠦᠨᠳᠦᠰᠦᠨ ᠪᠠᠷᠢᠮᠵᠢᠶᠠᠲᠤ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠬᠤ ᠶᠢᠨ ᠬᠠᠮᠲᠤ ᠲᠣᠰ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠠᠩᠬᠠᠷᠴᠤ᠂ ᠳᠡᠭᠡᠷ᠎ᠡ ᠳᠤᠷᠠᠳᠤᠭᠰᠠᠨ ᠬᠥᠮᠥᠰ ᠢ ᠠᠳᠠᠯᠢ ᠪᠤᠰᠤ ᠠᠵᠢᠯ ᠮᠡᠷᠭᠡᠵᠢᠯ᠂ ᠠᠳᠠᠯᠢ ᠪᠤᠰᠤ ᠭᠠᠵᠠᠷ ᠣᠷᠣᠨ ᠤ ᠨᠡᠷ᠎ᠡ ᠮᠡᠳᠡᠭᠦᠯᠬᠦ ᠭᠤᠶᠤᠴᠢᠯᠠᠯ ᠤᠨ ᠳᠣᠲᠣᠷ᠎ᠠ ᠠᠴᠠ ᠲᠣᠭᠲᠠᠭᠠᠵᠤ᠂ ᠨᠡᠷ᠎ᠡ ᠮᠡᠳᠡᠭᠦᠯᠦᠭᠰᠡᠨ ᠬᠥᠮᠥᠨ ᠬᠦᠷᠦᠯᠴᠡᠬᠦ ᠦᠭᠡᠢ ᠦᠶ᠎ᠡ ᠳᠤ᠂ ᠡᠯ᠎ᠡ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠲᠠᠨᠢᠯᠴᠠᠭᠤᠯᠬᠤ ᠪᠤᠶᠤ ᠮᠠᠨ ᠤ ᠲᠣᠪᠴᠢᠶ᠎ᠠ ᠠᠴᠠ ᠤᠷᠢᠵᠤ ᠭᠠᠷᠭᠠᠬᠤ ᠬᠡᠷᠡᠭᠲᠡᠢ    ︵ᠲᠦᠷᠪᠡ︶ ᠭᠡᠷᠡᠴᠢ ᠰᠣᠨᠣᠰᠬᠤ ᠬᠤᠷᠠᠯ ᠤᠨ ᠲᠥᠯᠥᠭᠡᠯᠡᠭᠴᠢ ᠵᠢᠭᠠᠨ ᠲᠣᠭᠲᠠᠭᠠᠭᠳᠠᠮᠠᠭᠴᠠ ᠪᠡᠶ᠎ᠡ ᠪᠠᠷ ᠢᠶᠠᠨ ᠭᠡᠷᠡᠴᠢᠯᠡᠭᠡ ᠰᠣᠨᠣᠰᠬᠤ ᠳᠤ ᠣᠷᠣᠯᠴᠠᠬᠤ ᠶᠢᠨ ᠬᠠᠮᠲᠤ ᠭᠡᠷᠡᠴᠢᠯᠡᠭᠡ ᠰᠣᠨᠣᠰᠤᠭᠰᠠᠨ ᠲᠡᠮᠳᠡᠭᠯᠡᠯ ᠢᠶᠠᠨ ᠠᠯᠳᠠᠭ᠎ᠠ ᠦᠭᠡᠶ ᠭᠡᠵᠦ ᠨᠤᠲᠠᠯᠠᠭᠰᠠᠨ ᠤ ᠳᠠᠷᠠᠭ᠎ᠠ ᠲᠡᠷᠡ ᠳᠠᠷᠤᠶ ᠳᠤᠨᠢ ᠭᠠᠷ ᠤᠨ ᠦᠰᠦᠭ ᠵᠢᠷᠤᠬᠤ ᠬᠡᠷᠡᠭᠲᠡᠶ᠃    ᠵᠢᠷᠭᠤᠭ᠎ᠠ᠂ ᠨᠡᠷ᠎ᠡ ᠮᠡᠳᠡᠭᠦᠯᠬᠦ ᠴᠠᠭ ᠪᠠ ᠠᠷᠭ᠎ᠠ ᠮᠠᠶ᠋ᠢᠭ    ᠳᠡᠭᠡᠷ᠎ᠡ ᠳᠤᠷᠠᠳᠤᠭᠰᠠᠨ ᠡᠷᠬᠡᠪᠰᠢ ᠮᠡᠳᠡᠬᠦ ᠱᠠᠭᠠᠷᠳᠠᠯᠭ᠎ᠠ ᠳᠤ ᠨᠡᠶᠢᠴᠡᠭᠰᠡᠨ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠬᠤ ᠪᠠᠷ ᠭᠤᠶᠤᠴᠢᠯᠠᠬᠤ ᠶᠢ ᠪᠠᠶᠠᠷᠯᠠᠨ ᠤᠭᠲᠤᠨ᠎ᠠ ︵2025 ᠣᠨ ᠤ 1 ᠰᠠᠷ᠎ᠠ ᠶᠢᠨ 03 ᠤ ᠡᠳᠦᠷ︶ ᠡᠮᠦᠨ᠎ᠡ ᠪᠡᠶ᠎ᠡ ᠶᠢᠨ ᠦᠨᠡᠮᠯᠡᠯ ᠪᠤᠶᠤ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠢᠶᠠᠨ ᠠᠪᠴᠤ ᠮᠠᠨ ᠤ ᠲᠣᠪᠴᠢᠶ᠎ᠠ ᠳᠤ ᠭᠤᠶᠤᠴᠢᠯᠠᠭᠠᠷᠠᠢ᠃ ᠭᠡᠷᠡᠴᠢᠯᠡᠭᠡ ᠰᠣᠨᠣᠰᠬᠤ ᠪᠠᠷ ᠪᠠᠶᠢᠭ᠎ᠠ ᠵᠦᠢᠯᠡᠰ ᠢ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠯᠤᠭ᠎ᠠ ᠭᠤᠶᠤᠴᠢᠯᠠᠭᠰᠠᠨ ᠪᠠᠶᠢᠳᠠᠯ ᠢ ᠦᠨᠳᠦᠰᠦᠯᠡᠨ᠂ ᠮᠠᠨ ᠤ ᠲᠣᠪᠴᠢᠶ᠎ᠠ ᠠᠴᠠ ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢ ᠵᠢᠭᠠᠨ ᠲᠣᠭᠲᠠᠭᠠᠨ᠎ᠠ᠃    ᠭᠡᠷᠡᠴᠢᠯᠡᠯᠲᠡ ᠰᠣᠨᠣᠰᠬᠤ ᠬᠤᠷᠠᠯ ᠳᠤ ᠣᠷᠣᠯᠴᠠᠭᠰᠠᠳ ᠤᠨ ᠪᠠᠶᠢᠭ᠎ᠠ ᠨᠢᠭᠡᠴᠡ ᠨᠢ ᠲᠤᠰ ᠨᠢᠭᠡᠴᠡ ᠶᠢᠨ ᠲᠣᠭᠲᠠᠭᠠᠭᠰᠠᠨ ᠬᠥᠮᠦᠰ ᠢᠶᠠᠨ ᠳᠡᠮᠵᠢᠵᠦ ᠪᠠᠶᠢᠭᠠᠳ ᠭᠡᠷᠡᠴᠢ ᠰᠣᠨᠣᠰᠬᠤ ᠬᠤᠷᠠᠯ ᠳᠤ ᠴᠠᠭ ᠬᠤᠭᠤᠴᠠᠭ᠎ᠠ ᠶᠣᠰᠣᠭᠠᠷ ᠣᠷᠣᠯᠴᠠᠭᠤᠯᠬᠤ ᠬᠡᠷᠡᠭᠲᠡᠶ᠃    ᠬᠠᠷᠢᠯᠴᠠᠬᠤ ᠬᠥᠮᠦᠨ᠄ ᠵᠠᠩ ᠴᠢᠩ ᠵᠢᠶᠠᠩ    ᠬᠠᠷᠢᠯᠴᠠᠬᠤ ᠤᠲᠠᠰᠤ᠄ 13654752521    ᠣᠨᠴᠠᠭᠠᠶᠢᠯᠠᠨ ᠵᠠᠷᠯᠠᠨ ᠨᠡᠶᠢᠲᠡᠯᠡᠪᠡ᠃          ᠬᠤᠤᠯᠢᠩᠭᠤᠤᠯ ᠬᠤᠲᠠ ᠶᠢᠨ ᠪᠠᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ          2024 ᠣᠨ ᠤ 12 ᠰᠠᠷ᠎ᠠ ᠶᠢᠨ 9 ᠤ ᠡᠳᠦᠷ
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号