12 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠲᠦᠩᠯᠢᠶᠣᠤ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ | ᠭᠤᠤ ᠵᠢᠶ ᠶᠧ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ 114 ᠤᠳᠠᠭᠠᠨ ᠤ | ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | | | | | | | ᠬᠤᠷᠠᠯ ᠠᠴᠠ 12 ᠰᠠᠷ᠎ᠠ ᠶᠢᠨ 9 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠪᠥᠬᠦ ᠬᠤᠲᠠ ᠶᠢᠨ 2024 ᠣᠨ ᠤ ᠲᠤᠭ᠎ᠠ ᠪᠦᠷᠢᠳᠬᠡᠯ ᠤᠨ ᠠᠵᠢᠯ ᠤᠨ ᠪᠠᠶᠢᠳᠠᠯ᠂ ᠪᠥᠬᠦ ᠬᠤᠲᠠ ᠶᠢᠨ 2024 | ᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠪᠣᠯᠤᠨ ᠪᠥᠬᠦ ᠬᠤᠲᠠ ᠶᠢᠨ | 2024 ᠣᠨ ᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠭᠤᠤᠯ ᠠᠭᠤᠯᠭ᠎ᠠ ᠶᠢ ᠣᠨᠣᠪᠴᠢᠲᠠᠶ ᠡᠵᠡᠮᠳᠡᠵᠦ᠂ | ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠠᠯᠠ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ | ᠠᠩᠬᠠᠷᠴᠤ᠂ ᠪᠠᠯᠠ ᠮᠥᠩᠭᠦ ᠪᠠ ᠲᠥᠷᠥᠯ ᠵᠦᠢᠯ ᠤᠨ ᠳᠡᠮᠵᠢᠯᠭᠡ ᠶᠢ ᠢᠳᠡᠪᠬᠢᠲᠡᠶ ᠣᠯᠵᠤ᠂ ᠲᠥᠷᠥ ᠶᠢᠨ | ᠪᠣᠳᠣᠯᠭ᠎ᠠ ᠶᠢᠨ ᠠᠵᠠ ᠲᠣᠬᠢᠶᠠᠯ ᠢ ᠦᠨᠡᠨ ᠬᠦ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠣᠯᠭᠠᠨ | ᠬᠤᠪᠢᠷᠠᠭᠤᠯᠵᠤ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠠᠬᠢᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ︽ᠬᠤᠶᠠᠷ ᠢ ᠬᠠᠮᠠᠭᠠᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ | ᠲᠥᠷᠥ ᠶᠢᠨ ᠬᠢᠨᠠᠯᠲᠠ ᠶᠢ ᠴᠢᠩᠭᠠᠳᠬᠠᠵᠤ᠂ ᠴᠢᠩᠭ᠎ᠠ ᠦᠨᠳᠦᠰᠦᠨ ᠰᠠᠨᠠᠭ᠎ᠠ ᠶᠢ ᠲᠤᠭᠤᠰᠢᠲᠠᠢ ᠪᠠᠷᠢᠮᠲᠠᠯᠠᠵᠤ᠂ | ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠨᠢᠭᠡᠳᠦᠯᠲᠡᠢ ᠲᠥᠯᠥᠪᠵᠢᠭᠦᠯᠦᠨ ᠳᠡᠭᠡᠭᠰᠢᠯᠡᠭᠦᠯᠵᠦ᠂ | ᠬᠤᠤᠯᠢᠩᠭᠤᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠢ ᠭᠡᠵᠠᠢ᠃ | ︽ᠬᠤᠶᠠᠷ ᠶᠡᠭᠡ ᠶᠠᠪᠤᠳᠠᠯ︾ ᠪᠠ ᠪᠥᠬᠦ ᠬᠤᠲᠠ ᠶᠢᠨ ᠭᠤᠤᠯ ᠠᠵᠢᠯ ᠤᠨ ᠲᠣᠭᠤᠷᠢᠨ ᠳᠤ ᠲᠤᠭ᠎ᠠ | ᠪᠦᠷᠢᠳᠬᠡᠯ ᠤᠨ ᠦᠢᠯᠡᠴᠢᠯᠡᠭᠡᠨ ᠤ ᠬᠢᠷᠢ ᠲᠦᠪᠰᠢᠨ ᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠬᠢᠨᠠᠨ | ᠬᠡᠮᠵᠢᠯᠲᠡ ᠶᠢᠨ ᠴᠠᠭ ᠲᠤᠬᠠᠢᠢᠴᠢ ᠴᠢᠨᠠᠷ ᠪᠠ ᠪᠠᠷᠠᠭᠠᠯᠬᠢᠯᠠᠯᠳᠤ ᠴᠢᠨᠠᠷ ᠢ ᠳᠡᠭᠡᠭᠰᠢᠯᠡᠭᠦᠯᠦᠨ᠂ ᠮᠠᠨ ᠤ ᠬᠤᠲᠠ ᠶᠢᠨ | ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠵᠤ᠂ ᠲᠤᠭ᠎ᠠ | ᠪᠦᠷᠢᠳᠬᠡᠯ ᠤᠨ ᠵᠠᠳᠠᠯᠤᠯᠲᠠ ᠶᠢᠨ ᠭᠦᠨᠴᠡ ᠪᠠ ᠥᠷᠭᠡᠴᠡ ᠶᠢ ᠥᠷᠭᠡᠳᠬᠡᠨ᠂ ᠭᠤᠤᠯ ᠪᠣᠯᠬᠤ ᠠᠵᠤ ᠠᠬᠤᠶ ᠶᠢᠨ | ᠭᠦᠢᠴᠡᠳᠬᠡᠯ ᠲᠤᠭ᠎ᠠ ᠶᠢᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠣᠯᠵᠤ᠂ ᠠᠵᠤ ᠠᠬᠤᠶ ᠶᠢᠨ | ᠠᠵᠢᠯᠯᠠᠭᠠᠨ ᠢ ᠤᠷᠢᠳᠴᠢᠯᠠᠨ ᠰᠡᠷᠡᠮᠵᠢᠯᠡᠭᠦᠯᠬᠦ ᠪᠠ ᠰᠤᠳᠤᠯᠤᠨ ᠮᠠᠭᠠᠳᠯᠠᠬᠤ ᠶᠢ ᠴᠢᠩᠭᠠᠳᠬᠠᠨ᠂ ᠥᠨᠳᠥᠷ ᠬᠢᠷᠢ | ᠲᠦᠪᠰᠢᠨ ᠪᠥᠬᠦᠶ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠴᠢᠳᠠᠪᠤᠷᠢ ᠪᠠᠷ ᠮᠠᠨ ᠤ ᠬᠤᠲᠠ ᠶᠢᠨ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ᠃ | ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠭᠤᠣᠯᠳᠠᠯᠭ᠎ᠠ ᠲᠠᠢ | ᠠᠰᠠᠭᠤᠳᠠᠯ ᠢ ᠵᠠᠰᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠬᠠᠤᠯᠢ ᠶᠣᠰᠣᠭᠠᠷ ᠬᠢᠨᠠᠨ ᠬᠠᠮᠢᠶᠠᠷᠬᠤ᠂ ᠢᠯᠡ | ᠲᠣᠳᠣ᠂ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠬᠢᠨᠠᠨ ᠬᠠᠮᠢᠶᠠᠷᠬᠤ ᠦᠢᠯᠡᠳᠦᠯ ᠴᠢᠳᠠᠪᠤᠷᠢ ᠪᠠ ᠲᠦᠪᠰᠢᠨ ᠢ | ᠴᠢᠨᠠᠭᠰᠢᠳᠠ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠭᠤᠭᠴᠤᠭ᠎ᠠ ᠶᠢᠨ ᠬᠠᠤᠯᠢ | ᠬᠡᠷᠡᠭᠵᠢᠭᠦᠯᠬᠦ ᠠᠵᠢᠯ ᠤᠨ ᠡᠷᠴᠢᠮ ᠪᠠ ᠤᠳᠠᠭ᠎ᠠ ᠶᠢ ᠦᠷᠭᠦᠯᠵᠢᠯᠡᠨ ᠴᠢᠩᠭᠠᠷᠠᠭᠤᠯᠵᠤ᠂ ᠢᠳᠡᠭᠡᠨ ᠪᠠ ᠡᠮ ᠤᠨ | ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠢᠳᠡᠭᠡᠨ ᠪᠠ | ᠡᠮ ᠤᠨ ᠵᠦᠢᠯ ᠤᠨ ᠠᠮᠤᠷ ᠲᠦᠪᠰᠢᠨ ᠤ ᠲᠣᠭᠲᠠᠭᠠᠯ ᠳᠤ ᠨᠡᠶᠢᠴᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ | ᠬᠡᠷᠡᠭᠲᠡᠢ᠃ | ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠵᠢᠮ᠎ᠡ ᠶᠣᠰᠣ ᠶᠢ ᠵᠢᠷᠤᠮᠯᠠᠬᠤ ᠶᠢ ᠪᠠᠷᠢᠮᠲᠠᠯᠠᠵᠤ᠂ ᠭᠤᠣᠯ | ᠰᠡᠳᠦᠪᠲᠦ ᠤᠬᠠᠭᠤᠯᠭ᠎ᠠ ᠬᠥᠮᠦᠵᠢᠯ᠂ ᠵᠥᠪ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ᠂ ᠠᠵᠢᠯᠯᠠᠭ᠎ᠠ ᠶᠢᠨ | ᠠᠴᠢᠶᠠᠯᠠᠪᠤᠷᠢ ᠶᠢ ᠪᠠᠶᠢᠭᠤᠯᠬᠤ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠮᠠᠨ ᠤ ᠬᠤᠲᠠ ᠶᠢᠨ ᠴᠢᠨᠠᠷ ᠰᠠᠶᠢᠲᠠᠢ | ᠬᠥᠭᠵᠢᠯᠲᠡ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ᠂ ᠠᠰᠢᠭᠲᠠᠢ ᠰᠣᠶᠣᠯ ᠤᠨ ᠨᠥᠬᠦᠴᠡᠯ᠂ | ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠴᠢᠳᠠᠯ ᠬᠠᠩᠭᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | |