ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠤᠨ ︽ᠡᠨᠧᠷᠭᠢ ᠬᠠᠳᠠᠭᠠᠯᠠᠬᠤ ᠪᠠ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ︾ ᠤᠨ ᠬᠦᠷᠢᠶᠡᠨ ᠳᠤ  — ᠬᠤᠤᠯᠢᠩᠭᠤᠤᠯ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠣᠯᠠᠨ ᠡᠰᠢᠲᠦ ᠡᠨᠧᠷᠭᠢ ᠬᠠᠳᠠᠭᠠᠯᠠᠬᠤ ᠶᠢ ᠬᠠᠮᠵᠢᠯᠴᠠᠨ ᠡᠵᠡᠮᠳᠡᠬᠦ ᠰᠢᠰᠲ᠋ᠧᠮ ᠤᠨ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠦᠨ ᠬᠡᠷᠡᠭᠯᠡᠬᠦ ᠲᠥᠷᠥᠯ ᠵᠦᠢᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/12/18
   12 ᠰᠠᠷ᠎ᠠ ᠶᠢᠨ 13 ᠤ ᠡᠳᠤᠷ᠂ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠳᠠ ᠶᠢᠨ ᠢᠨᠵᠧᠨᠧᠷᠢᠩ ᠤᠨ ︽ᠡᠨᠧᠷᠬᠢ ᠨᠦᠬᠡᠴᠡᠯᠡᠬᠦ ᠪᠠ ᠰᠢᠨ᠎ᠠ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ︾ ᠤᠨ ᠬᠦᠷᠢᠶᠡᠨ   ᠳᠤ — ᠬᠤᠤᠯᠢᠩᠭᠤᠤᠯ ᠬᠤᠳᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠤᠬᠢᠷᠳᠤᠯ ᠦᠭᠡᠢ ᠴᠠᠬᠢᠯᠭᠠᠨ ᠬᠠᠩᠭᠠᠬᠤ ᠤᠯᠠᠨ ᠡᠰᠢᠳᠤ ᠡᠨᠧᠷᠬᠢ ᠨᠦᠬᠡᠴᠡᠯᠡᠬᠦ ᠶᠢ ᠬᠠᠮᠵᠢᠯᠴᠠᠭᠤᠯᠤᠨ ᠡᠵᠡᠮᠳᠡᠬᠦ ᠰᠢᠰᠲ᠋ᠧᠮ ᠢ ᠰᠤᠳᠤᠯᠤᠨ ᠨᠡᠭᠡᠭᠡᠬᠦ ᠪᠠ ᠵᠢᠱᠢᠶ᠎ᠠ ᠦᠵᠡᠬᠦᠯᠬᠦ ᠬᠡᠷᠡᠭᠯᠡᠭᠡᠨ ᠤ ᠲᠦᠷᠦᠯ ᠵᠦᠢᠯ ᠤᠨ ᠡᠬᠢᠯᠡᠯᠳᠡ ᠶᠢᠨ ᠶᠤᠰᠤᠯᠠᠯ ᠬᠦᠬᠡᠬᠤᠳᠠ ᠳᠤ ᠶᠠᠪᠤᠭᠳᠠᠪᠠ᠃ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠼᠤᠤ ᠶᠢᠨ ᠱᠠᠨ᠂ ᠲᠦᠡᠭᠯᠢᠶᠤᠤ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ᠂ ᠬᠤᠤᠯᠢᠨ ᠭᠤᠤᠯ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠭᠤᠤ ᠵᠢᠢ ᠶᠧ᠂ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠲᠡᠳ᠋ ᠵᠠᠬᠢᠷᠤᠯ ᠬᠦᠸᠧ ᠬᠤᠩ ᠹᠸᠢ᠂ ᠲᠦᠡᠭᠯᠢᠶᠤᠤ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠭᠦᠨ᠂ ᠲᠡᠳ᠋ ᠲᠤᠪᠴᠢᠶᠠᠨ ᠲᠠᠷᠤᠭ᠎ᠠ ᠯᠠᠢ ᠹᠦ᠋ ᠴᠢᠤᠸᠠᠨ᠂ ᠬᠤᠳᠠ ᠶᠢᠨ ᠲᠡᠳ᠋ ᠲᠠᠷᠤᠭ᠎ᠠ ᠯᠢᠥ ᠯᠢᠶᠠᠨ ᠾᠧᠩ᠂ ᠦᠪᠤᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠴᠠᠬᠢᠯᠭᠠᠨ ᠬᠦᠴᠦᠨ ᠤ ᠲᠡᠬᠡᠳᠤ ᠰᠤᠷᠭᠠᠭᠤᠯᠢ ᠶᠢᠨ ᠲᠡᠳ᠋ ᠫᠷᠤᠹᠧᠰᠰᠤᠷ ᠰᠢᠤᠢ ᠶᠠᠨ ᠬᠤᠷᠠᠯ ᠳᠤ ᠤᠷᠤᠯᠴᠠᠪᠠ᠃ ᠬᠤᠣᠯᠢᠩᠭᠤᠣᠯ ᠬᠤᠳᠠ ᠶᠢᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠯᠢ ᠭᠦᠸᠧ ᡁᠢ ᠬᠤᠷᠠᠯ ᠡᠷᠬᠢᠯᠡᠪᠡ᠃

   ᠬᠤᠷᠠᠯ ᠳᠡᠭᠡᠷ᠎ᠡ᠂ ᠼᠤᠤ ᠶᠢᠨ ᠱᠠᠨ᠂ ᠭᠤᠤ ᠵᠢᠶ ᠶᠧ᠂ ᠭᠦᠸᠧ ᠬᠤᠩ ᠹᠸᠢ ᠲᠣᠰ ᠲᠣᠰ ᠪᠠᠶᠠᠷ ᠤᠨ ᠦᠭᠡ

ᠬᠡᠯᠡᠵᠦ᠂ ᠯᠢᠦ ᠭᠤᠸᠠᠩ ᠴᠧᠨ ᠲᠥᠷᠥᠯ ᠵᠦᠢᠯ ᠤᠨ ᠪᠦᠬᠦᠯᠢ ᠴᠣᠭᠴᠠ ᠶᠢᠨ ᠪᠠᠶᠢᠳᠠᠯ ᠢ ᠲᠠᠨᠢᠯᠴᠠᠭᠤᠯᠪᠠ᠃

ᠳᠠᠷᠠᠭ᠎ᠠ ᠨᠢ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠠᠮᠲᠤ ᠪᠠᠷ ᠬᠤᠤᠯᠢᠩᠭᠤᠤᠯ ᠬᠤᠲᠠ ᠶᠢᠨ ︽ᠠᠵᠤ

ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠣᠯᠠᠨ ᠡᠰᠢᠲᠦ ᠡᠨᠧᠷᠭᠢ

ᠬᠠᠳᠠᠭᠠᠯᠠᠬᠤ ᠶᠢ ᠬᠠᠮᠵᠢᠯᠴᠠᠨ ᠡᠵᠡᠮᠳᠡᠬᠦ ᠰᠢᠰᠲ᠋ᠧᠮ ᠢ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠦᠨ ᠬᠡᠷᠡᠭᠯᠡᠬᠦ︾

ᠲᠥᠷᠥᠯ ᠵᠦᠢᠯ ᠢ ᠡᠬᠢᠯᠡᠭᠦᠯᠦᠭᠰᠡᠨ ᠪᠥᠭᠡᠳ rtds ᠳᠠᠭᠤᠷᠢᠶᠠᠮᠠᠯ ᠲᠠᠪᠴᠠᠩ ᠢ ᠲᠣᠭᠤᠷᠢᠨ ᠦᠵᠡᠪᠡ᠃

   ᠭᠤᠤ ᠵᠢᠢ ᠶᠧ ᠪᠠᠶᠠᠷ ᠤᠨ ᠦᠭᠡ ᠳᠡᠭᠡᠨ ᠤᠷᠳᠤ ᠬᠤᠭᠤᠴᠠᠭᠠᠨ ᠤ ᠲᠤᠷᠰᠢ ᠬᠤᠤᠯᠢᠩᠭᠤᠤᠯ ᠬᠤᠳᠠ ᠶᠢᠨ

ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠲᠢᠶᠠᠨᠵᠢᠨ

ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠵᠢᠴᠢ ᠡᠯ᠎ᠡ ᠡᠲᠡᠭᠡᠳ ᠤᠨ

ᠤᠳᠤᠷᠢᠳᠤᠯᠭ᠎ᠠ᠂ ᠲᠤᠰᠬᠠᠢ ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯ ᠤᠨ ᠲᠥᠯᠥᠭᠡᠯᠡᠭᠴᠢᠳ ᠲᠤ ᠲᠠᠯᠠᠷᠬᠠᠵᠤ

ᠪᠠᠶᠢᠬᠤ ᠪᠠᠨ ᠢᠯᠡᠳᠬᠡᠪᠡ᠃ ᠲᠡᠷᠡ᠂ ᠲᠣᠰ ᠤᠳᠠᠭ᠎ᠠ ᠡᠬᠢᠯᠡᠭᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ︽

ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠲᠥᠷᠥᠯ ᠵᠦᠢᠯ ᠨᠢ ᠮᠠᠨ ᠤ ᠬᠤᠲᠠ ᠶᠢᠨ ᠳᠡᠭᠡᠳᠦ ᠰᠢᠨ᠎ᠡ

ᠮᠡᠷᠭᠡᠵᠢᠯ ᠤᠨ ᠲᠣᠭᠤᠷᠢᠭ ᠤᠨ ᠳᠠᠬᠢᠨ ᠡᠭᠦᠰᠴᠦ ᠪᠣᠯᠬᠤ ᠡᠨᠧᠷᠭᠢ ᠪᠠᠷ ᠴᠠᠬᠢᠯᠭᠠᠨ ᠬᠠᠩᠭᠠᠬᠤ ᠬᠠᠷᠢᠴᠠᠯ ᠢ

ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠴᠠᠬᠢᠯᠭᠠᠨ ᠡᠨᠧᠷᠭᠢ ᠶᠢ ᠰᠢᠯᠢᠳᠡᠭᠵᠢᠭᠦᠯᠦᠨ ᠠᠰᠢᠭᠯᠠᠬᠤ ᠶᠢ

ᠪᠡᠶᠡᠯᠡᠭᠦᠯᠵᠦ᠂ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠨᠡᠭᠦᠷᠡᠰᠦᠲᠥ᠋ᠷᠥᠭᠴᠢ

ᠭᠠᠳᠠᠭᠰᠢᠯᠠᠭᠤᠯᠬᠤ ᠬᠡᠮᠵᠢᠶ᠎ᠡ ᠶᠢ ᠪᠠᠭᠤᠷᠠᠭᠤᠯᠵᠤ᠂ ᠡᠨᠧᠷᠭᠢ ᠶᠡᠭᠡ ᠵᠠᠷᠤᠴᠠᠭᠤᠯᠬᠤ ᠠᠵᠤ ᠦᠢᠯᠡᠳᠪᠦᠷᠢ ᠶᠢᠨ

ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠳᠤ

ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠮᠠᠰᠢ ᠴᠢᠩᠭ᠎ᠠ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ

ᠦᠢᠯᠡᠳᠦᠯ ᠲᠠᠢ ᠶᠤᠮ᠃ ᠬᠤᠣᠯᠢᠩᠭᠤᠣᠯ ᠬᠤᠳᠠ ᠦᠷᠭᠦᠯᠵᠢᠯᠡᠨ ᠦᠪᠡᠷᠳᠡᠬᠡᠨ ᠵᠠᠰᠠᠬᠤ ᠣᠷᠣᠨ᠂ ᠲᠦᠩᠯᠢᠶᠣᠣ

ᠬᠤᠳᠠ ᠶᠢᠨ ᠵᠢᠯᠣᠭᠤᠳᠣᠯᠭ᠎ᠠ ᠲᠣᠣᠷ᠎ᠠ᠂ ᠳᠣᠰ ᠳᠦᠷᠦᠯ ᠵᠦᠢᠯ ᠤᠨ ᠣᠷᠣᠭᠰᠢᠳᠠᠢ ᠶᠠᠪᠣᠭᠳᠠᠬᠤ ᠶᠢ ᠪᠦᠬᠦ

ᠬᠦᠴᠦᠨ ᠢᠶᠠᠷ ᠪᠠᠳᠣᠯᠠᠵᠣ᠂ ᠰᠢᠨ᠎ᠡ ᠶᠢ ᠡᠬᠦᠳᠬᠦ ᠪᠠᠷ ᠬᠦᠳᠡᠯᠬᠡᠬᠦ ᠬᠦᠴᠦᠨ ᠪᠣᠯᠭᠠᠬᠤ ᠬᠦᠭᠵᠢᠯᠳᠡ ᠶᠢᠨ ᠪᠠᠶᠢᠯᠳᠣᠬᠤ

ᠪᠣᠳᠣᠯᠭ᠎ᠠ ᠶᠢ ᠪᠠᠷᠢᠮᠳᠠᠯᠠᠵᠣ᠂ ᠰᠢᠨ᠎ᠡ ᠤᠷᠤᠯᠳᠤᠭᠠᠨ ᠤ ᠵᠠᠮ ᠢ ᠳᠠᠰᠣᠷᠠᠯᠳᠠ ᠦᠬᠡᠢ ᠨᠡᠭᠡᠭᠡᠵᠣ᠂ ᠰᠢᠨ᠎ᠡ ᠬᠦᠳᠡᠯᠬᠡᠬᠦ

ᠡᠨᠧᠷᠬᠢ ᠶᠢ ᠪᠤᠶᠢᠵᠢᠭᠤᠯᠵᠣ᠂ ᠣᠯᠠᠮᠵᠢᠯᠠᠯᠳᠣ ᠠᠵᠣ ᠦᠢᠯᠡᠰ᠂ ᠰᠢᠨ᠎ᠡ ᠪᠠᠷ ᠮᠠᠨᠳᠣᠵᠣ ᠪᠠᠶᠢᠭ᠎ᠠ ᠠᠵᠣ ᠦᠢᠯᠡᠰ᠂

ᠢᠷᠡᠭᠡᠲᠦᠢ ᠶᠢᠨ ᠠᠵᠣ ᠦᠢᠯᠡᠰ ᠬᠠᠮᠵᠢᠯᠴᠠᠨ ᠬᠦᠳᠡᠯᠦᠯᠴᠡᠬᠦ ᠬᠦᠭᠵᠢᠯᠳᠡ ᠶᠢᠨ ᠰᠢᠨ᠎ᠡ ᠪᠠᠶᠢᠳᠠᠯ ᠢ ᠠᠭᠠᠵᠢᠮ ᠢᠶᠠᠷ

ᠪᠣᠢ ᠪᠣᠯᠭᠠᠨ᠎ᠠ ᠭᠡᠵᠠᠢ᠃

 

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号