︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠪᠣᠯᠤᠨ ᠳᠡᠭᠡᠳᠦ ᠱᠠᠲᠤᠨ ᠤ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ | ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ᠶᠢᠨ | ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ 2024 ᠣᠨ ᠤ 12 ᠰᠠᠷ᠎ᠠ ᠶᠢᠨ 16 ᠤ ᠡᠳᠦᠷ᠂ ᠬᠤᠲᠠ ᠶᠢᠨ | ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠠᠯᠪᠠᠨ ᠬᠡᠷ ︵ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ | ᠲᠣᠪᠴᠢᠶ᠎ᠠ︶ ᠤᠨ ᠰᠢᠪᠠᠳᠠᠨ ᠪᠠᠶᠢᠴᠠᠭᠠᠬᠤ ᠳᠤᠭᠤᠶᠢᠯᠠᠩ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠵᠦᠰᠬᠤᠸᠠ ᠵᠡᠭᠡᠯᠢ ᠭᠤᠳᠤᠮᠵᠢ᠂ | ᠮᠦᠰᠦᠲᠠᠢ ᠵᠡᠭᠡᠯᠢ ᠭᠤᠳᠤᠮᠵᠢ ᠵᠡᠷᠭᠡ ᠰᠠᠯᠠᠭ᠎ᠠ ᠮᠥᠴᠢᠷ ᠨᠢᠭᠡᠴᠡ ᠳᠤ ᠬᠦᠷᠴᠦ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠬᠠᠤᠯᠢ ᠪᠠᠷ ᠵᠠᠰᠠᠬᠤ ᠲᠤᠰᠬᠠᠶ ᠰᠢᠪᠠᠳᠠᠨ ᠪᠠᠶᠢᠴᠠᠭᠠᠯᠲᠠ ᠥᠷᠨᠢᠭᠦᠯᠪᠡ᠃ | | | | | ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠤᠳᠤᠷᠢᠳᠬᠤ ᠪᠠᠭ ᠪᠠ ᠵᠠᠩᠭᠢᠯᠠᠭ᠎ᠠ ᠶᠢᠨ | ᠺᠠᠳ᠋ᠷ ᠢᠶᠠᠷ ᠪᠦᠷᠢᠯᠳᠦᠭᠰᠡᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠲᠤᠬᠠᠶ ᠶᠢᠨ ᠭᠠᠵᠠᠷ ᠲᠤᠨᠢ | ᠰᠤᠷᠪᠤᠯᠵᠢᠯᠠᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠠᠷᠭ᠎ᠠ ᠮᠠᠶ᠋ᠢᠭ ᠢᠶᠠᠷ ᠬᠢᠨᠠᠨ | ᠵᠢᠯᠣᠭᠤᠳᠴᠤ ᠪᠠᠶᠢᠴᠠᠭᠠᠬᠤ ᠠᠵᠢᠯ ᠥᠷᠨᠢᠭᠦᠯᠵᠦ᠂ ᠬᠠᠷᠢᠭᠤ ᠮᠡᠳᠡᠭᠦᠯᠦᠯᠲᠡ ᠰᠣᠨᠣᠰᠬᠤ ᠥᠬᠡᠶ᠂ ᠭᠤᠤᠯ | ᠤᠳᠤᠷᠢᠳᠤᠯᠭ᠎ᠠ ᠪᠠᠷ᠎ᠠ ᠪᠤᠯᠬᠤ ᠢ ᠱᠠᠭᠠᠷᠳᠠᠭᠰᠠᠨ ᠥᠬᠡᠶ ᠪᠠᠷ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠵᠦᠰᠬᠤᠸᠠ ᠵᠡᠭᠡᠯᠢ | ᠭᠤᠳᠤᠮᠵᠢ᠂ ᠮᠦᠰᠦᠳᠠᠢ ᠵᠡᠭᠡᠯᠢ ᠭᠤᠳᠤᠮᠵᠢ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ︽ | ᠵᠠᠮ ᠱᠤᠭᠤᠮ ᠤᠨ ᠵᠢᠷᠤᠭ︾ ᠪᠠ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠢ ᠤᠬᠠᠭᠤᠯᠤᠨ | ᠨᠠᠶᠢᠳᠠᠪᠤᠷᠢᠵᠢᠭᠤᠯᠤᠭᠰᠠᠨ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠢᠷᠤᠮᠵᠢᠭᠤᠯᠤᠨ ᠭᠥᠯᠢᠶᠡᠨ ᠠᠪᠴᠤ | ᠰᠢᠢᠳᠪᠦᠷᠢᠯᠡᠭᠰᠡᠨ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠭᠡᠭᠰᠡᠨ᠂ ᠵᠠᠬᠢᠳᠠᠯ ᠰᠤᠷᠪᠤᠯᠵᠢᠯᠠᠭ᠎ᠠ ᠶᠢᠨ | ᠵᠥᠷᠢᠴᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠠᠷᠢᠯᠭᠠᠭᠰᠠᠨ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ | ᠭᠤᠤᠯᠳᠠᠯᠭ᠎ᠠ ᠲᠠᠢ ᠪᠠᠶᠢᠴᠠᠭᠠᠭᠰᠠᠨ ᠪᠥᠭᠡᠳ ᠡᠯ᠎ᠡ ᠰᠠᠯᠠᠭ᠎ᠠ ᠮᠥᠴᠢᠷ ᠨᠢᠭᠡᠴᠡ ᠶᠢᠨ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠪᠠᠶᠢᠳᠠᠯ ᠳᠤ ᠰᠠᠨᠠᠯ ᠰᠠᠨᠠᠭᠤᠯᠭ᠎ᠠ ᠳᠤᠷᠠᠳᠪᠠ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠠᠯᠪᠠᠨ ᠬᠡᠷ ︵ | ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ︶ ᠨᠢ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠲᠦᠷᠢᠮ︾ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠬᠠᠤᠯᠢᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠰᠢᠨ᠎ᠡ ᠴᠠᠭ ᠦᠶ᠎ᠡ ᠶᠢᠨ ᠹᠧᠩᠴᠢᠶᠤᠤ ᠶᠢᠨ | ᠲᠤᠷᠰᠢᠯᠭ᠎ᠠ ᠶᠢ ᠦᠢᠯᠡᠳᠦᠯᠭᠡᠵᠢᠭᠦᠯᠵᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠵᠢᠯᠣᠭᠤᠳᠬᠤ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ | ᠵᠠᠰᠠᠬᠤ ᠶᠢ ᠴᠢᠩᠭᠠᠳᠬᠠᠨ᠂ ︽ᠵᠠᠮ ᠱᠤᠭᠤᠮ ᠤᠨ ᠵᠢᠷᠤᠭ︾ ᠢ ᠨᠡᠪᠲᠡᠷᠡᠭᠦᠯᠵᠦ ᠭᠥᠯᠢᠶᠡᠨ ᠠᠪᠴᠤ ᠰᠢᠢᠳᠪᠦᠷᠢᠯᠡᠬᠦ᠂ | ᠰᠢᠢᠳᠪᠦᠷᠢᠯᠡᠬᠦ ᠶᠢ ᠵᠢᠷᠤᠮᠵᠢᠭᠤᠯᠬᠤ ᠶᠢ ᠳᠥᠯᠭᠢᠨ ᠠᠬᠢᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ | ᠨᠢᠭᠡᠪᠦᠷᠢ ᠶᠢ ᠴᠥᠮ ᠰᠢᠢᠳᠪᠦᠷᠢᠯᠡᠬᠦ ᠬᠥᠮᠦᠨ ᠲᠠᠢ᠂ ᠬᠠᠤᠯᠢ ᠶᠣᠰᠣᠭᠠᠷ ᠳᠥᠯᠭᠢᠨ ᠠᠬᠢᠭᠤᠯᠵᠤ᠂ ᠴᠥᠮ | ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ ᠭᠡᠪᠡ᠃ | | |