12 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠬᠤᠤᠯᠢᠩᠭᠤᠤᠯ ᠬᠤᠲᠠ ︽ᠵᠥᠷᠢᠴᠡᠯ ᠠᠶᠤᠯ | ᠲᠦᠭᠰᠢᠭᠦᠷᠢ ᠶᠢ ᠠᠷᠢᠯᠭᠠᠵᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ︾ ᠠᠵᠢᠯ ᠢ ᠠᠬᠢᠭᠤᠯᠬᠤ ᠬᠤᠷᠠᠯ | ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠵᠧᠤ ᠬᠠᠶ ᠮᠢᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠵᠠᠰᠠᠭ ᠤᠨ | ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢᠦ ᠽᠧᠩ ᠰᠢ᠂ | ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢ ᠶᠦᠩ ᠱᠧᠩ᠂ ᠬᠤᠲᠠ ᠶᠢᠨ ᠠᠷᠠᠳ ᠤᠨ | ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠱᠧᠨ ᠶᠠᠨ ᠮᠢᠨ᠂ ᠬᠤᠲᠠ ᠶᠢᠨ ᠠᠵᠢᠯ ᠲᠥᠷᠥᠯ ᠤᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠵᠢᠴᠢ ᠰᠤᠮᠤᠨ ᠤ ᠡᠯ᠎ᠡ ᠵᠡᠭᠡᠯᠢ ᠭᠤᠳᠤᠮᠵᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | | | | | ᠬᠤᠷᠠᠯ ᠠᠴᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠠᠤᠯᠢ ᠴᠠᠭᠠᠵᠠ ᠶᠢᠨ | ᠲᠣᠪᠴᠢᠶ᠎ᠠ᠂ ᠮᠦᠰᠦᠲᠠᠢ ᠵᠡᠭᠡᠯᠢ ᠭᠤᠳᠤᠮᠵᠢ᠂ ᠪᠣᠷᠣᠬᠤᠵᠢᠷ ᠵᠡᠭᠡᠯᠢ ᠭᠤᠳᠤᠮᠵᠢ ᠶᠢᠨ ᠠᠵᠢᠯ ᠤᠨ ᠠᠬᠢᠴᠠ ᠶᠢᠨ | ᠪᠠᠶᠢᠳᠠᠯ ᠢ ᠰᠣᠨᠣᠰᠤᠭᠰᠠᠨ ᠪᠥᠭᠡᠳ ︽ᠵᠥᠷᠢᠴᠡᠯ ᠠᠶᠤᠯ ᠲᠦᠭᠰᠢᠭᠦᠷᠢ ᠶᠢ ᠨᠠᠮᠳᠠᠭᠤᠯᠵᠤ ᠨᠡᠶᠢᠭᠡᠮ ᠤᠨ ᠲᠣᠭᠲᠠᠭᠤᠨ | ᠪᠠᠶᠢᠳᠠᠯ ᠢ ᠬᠠᠮᠠᠭᠠᠯᠠᠬᠤ︾ ᠶᠢ ᠰᠢᠮᠳᠠᠭᠤᠯᠤᠨ ᠵᠢᠯᠣᠭᠤᠳᠴᠤ ᠪᠠᠶᠢᠴᠠᠭᠠᠭᠰᠠᠨ ᠪᠠᠶᠢᠳᠠᠯ ᠢ ᠮᠡᠳᠡᠭᠳᠡᠪᠡ᠃ | ᠵᠧᠦ ᠬᠠᠢ ᠮᠢᠨ ᠂ ᠲᠤᠰᠬᠠᠢ ᠵᠠᠰᠠᠯᠲᠠ ᠶᠢᠨ ᠠᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ | ᠭᠦᠢᠴᠡᠳ ᠲᠠᠨᠢᠵᠤ᠂ ︽ᠨᠢᠭᠡ ᠬᠥᠯᠭᠡ ᠰᠢᠳᠠᠷ᠎ᠠ︾ ᠶᠢᠨ ᠤᠬᠠᠮᠰᠠᠷ ᠢ ᠪᠠᠲᠤ ᠪᠤᠢ ᠪᠣᠯᠭᠠᠵᠤ᠂ ᠡᠭᠦᠷᠭᠡ ᠬᠠᠷᠠᠯᠲᠠ ᠶᠢ | ᠴᠢᠩᠭ᠎ᠠ ᠠᠩᠬᠠᠷᠴᠤ᠂ ᠱᠠᠳᠤ ᠱᠠᠳᠤ ᠪᠠᠷ ᠳᠠᠷᠤᠯᠲᠠ ᠥᠭᠴᠦ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠡᠬᠢᠯᠡᠯᠲᠡ ᠶᠢᠨ ᠦᠶ᠎ᠡ ᠳᠤ ᠰᠢᠪᠲᠤᠯᠤᠯᠲᠠ ᠬᠢᠵᠦ᠂ ᠡᠬᠢᠯᠡᠮᠡᠭᠴᠡ ᠲᠦᠷᠭᠡᠳᠬᠡᠬᠦ ᠡᠷᠴᠢ | ᠵᠣᠷᠢᠭ ᠢᠶᠠᠷ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠦᠨᠡᠨ ᠪᠣᠳᠠᠲᠠᠢ | ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠯ᠎ᠡ ᠲᠥᠷᠥᠯ ᠤᠨ ᠨᠡᠶᠢᠭᠡᠮ ᠤᠨ | ᠵᠥᠷᠢᠴᠡᠯ ᠵᠢᠭᠤᠷᠠᠯᠳᠤᠭᠠᠨ ᠢ ᠭᠤᠤᠯᠳᠠᠯᠭ᠎ᠠ ᠲᠠᠢ ᠬᠠᠮᠲᠤᠯᠢᠭ ᠲᠤ ᠨᠢᠭᠡ ᠤᠳᠠᠭ᠎ᠠ ᠪᠥᠬᠦ ᠲᠠᠯ᠎ᠠ ᠶᠢᠨ᠂ ᠥᠨᠴᠥᠭ | ᠪᠤᠯᠤᠩ ᠥᠬᠡᠶ ᠲᠦᠢᠯᠪᠤᠷᠢᠲᠠᠶ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠵᠥᠷᠢᠴᠡᠯ ᠤᠨ ᠠᠶᠤᠯ | ᠲᠦᠭᠰᠢᠭᠦᠷᠢ ᠨᠢᠭᠡᠪᠦᠷᠢ ᠶᠢ ᠴᠥᠮ ᠵᠢᠭᠰᠠᠭᠠᠨ ᠪᠠᠶᠢᠴᠠᠭᠠᠵᠤ᠂ ᠡᠴᠦᠰ ᠲᠤᠨᠢ ᠲᠤᠯᠲᠠᠯ᠎ᠠ ᠲᠣᠭᠠᠯᠠᠵᠤ᠂ ᠪᠠᠶᠢᠳᠠᠯ ᠢ | ᠲᠣᠳᠣᠷᠬᠠᠶᠢᠯᠠᠬᠤ ᠶᠢᠨ ᠬᠠᠮᠲᠤ ᠪᠦᠲᠦᠮᠵᠢᠲᠡᠶ ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠬᠤ ᠲᠣᠭᠲᠠᠴᠠ ᠶᠢ | ᠪᠠᠶᠢᠭᠤᠯᠵᠤ᠂ ᠬᠠᠷᠢᠶᠠᠲᠤ ᠣᠷᠣᠨ ᠤ ᠳᠣᠲᠣᠷᠠᠬᠢ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠤ ᠳᠠᠯᠳᠠ | ᠬᠡᠮ ᠤᠨ ᠠᠶᠤᠯ ᠲᠦᠭᠰᠢᠭᠦᠷᠢ ᠶᠢᠨ ᠪᠠᠶᠢᠳᠠᠯ ᠢ ᠬᠥᠳᠡᠯᠦᠩᠭᠦᠶ ᠪᠠᠷ ᠡᠵᠡᠮᠰᠢᠬᠦ ᠬᠡᠷᠡᠭᠲᠡᠶ᠃ ᠰᠤᠮᠤ ︵ᠵᠡᠭᠡᠯᠢ | ᠭᠤᠳᠤᠮᠵᠢ︶᠂ ᠬᠤᠲᠠ ᠬᠤᠶᠠᠷ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ | ᠶᠡᠬᠡᠪᠡᠷ ᠠᠬᠢᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠳᠠᠩᠰᠠᠯᠠᠬᠤ᠂ ᠭᠥᠯᠢᠶᠡᠨ ᠠᠪᠴᠤ | ᠰᠢᠢᠳᠪᠦᠷᠢᠯᠡᠬᠦ᠂ ᠰᠢᠢᠳᠪᠦᠷᠢᠯᠡᠬᠦ ᠵᠡᠷᠭᠡ ᠠᠵᠢᠯ ᠢ ᠪᠥᠬᠦ ᠶᠠᠪᠤᠴᠠ ᠪᠠᠷ ᠲᠡᠭᠦᠯᠳᠡᠷᠵᠢᠭᠦᠯᠵᠦ᠂ ᠵᠥᠷᠢᠴᠡᠯ | ᠵᠢᠭᠤᠷᠠᠯᠳᠤᠭᠠᠨ ᠢ ᠰᠢᠢᠳᠪᠦᠷᠢᠯᠡᠬᠦ ︽ᠬᠠᠮᠤᠭ ᠢᠯᠡᠭᠦᠦ ᠳᠡᠭᠡᠨ ᠨᠢᠭᠡ ᠭᠠᠵᠠᠷ ᠶᠠᠪᠤᠬᠤ︾ ᠶᠢ ᠴᠢᠷᠮᠠᠶᠢᠨ ᠪᠡᠶᠡᠯᠡᠭᠦᠯᠬᠦ | ᠬᠡᠷᠡᠭᠲᠡᠢ᠃ ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠵᠢᠯᠳᠠᠨ ᠵᠡᠷᠭᠡ ᠤᠯᠠᠨ ᠢᠶᠠᠷ ᠢᠶᠠᠨ ᠰᠡᠷᠭᠡᠶᠢᠯᠡᠵᠦ | ᠤᠯᠠᠨ ᠢᠶᠠᠷ ᠢᠶᠠᠨ ᠵᠠᠰᠠᠬᠤ ᠬᠦᠴᠦᠨ ᠢ ᠪᠦᠲᠦᠮᠵᠢᠲᠡᠢ ᠵᠣᠬᠢᠶᠠᠨ ᠪᠠᠶᠢᠭᠤᠯᠵᠤ ᠲᠣᠭᠤᠷᠢᠨ ᠰᠡᠷᠭᠡᠶᠢᠯᠡᠬᠦ ᠵᠢᠵᠢᠭᠦᠷᠯᠡᠨ | ᠰᠠᠬᠢᠬᠤ ᠳᠤ ᠣᠷᠣᠯᠴᠠᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ | ᠪᠡᠯᠡᠳᠬᠡᠯ ᠢ ᠴᠢᠩᠭᠠᠳᠬᠠᠵᠤ᠂ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠲᠣᠣᠷ ᠢ ᠪᠠᠲᠤ ᠪᠠᠬᠢ ᠪᠠᠶᠢᠭᠤᠯᠬᠤ | ᠬᠡᠷᠡᠭᠲᠡᠢ ᠬᠡᠵᠦ ᠵᠢᠭᠠᠵᠦ ᠭᠠᠷᠭᠠᠪᠠ᠃ | |