ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/18
   12 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠧᠤ ᠬᠠᠶ ᠮᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠪᠥᠬᠦᠳᠡ ᠬᠤᠷᠠᠯ ᠢ ᠬᠤᠷᠠᠯᠳᠤᠭᠤᠯᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢᠦ ᠽᠧᠩ ᠰᠢ᠂ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢ ᠶᠦᠩ ᠱᠧᠩ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠱᠧᠨ ᠶᠠᠨ ᠮᠢᠨ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠲᠠ ᠶᠢᠨ ᠤᠯᠤᠰ ᠤᠨ ᠠᠮᠤᠷ ᠲᠦᠪᠰᠢᠨ ᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠵᠢᠴᠢ ᠰᠤᠮᠤᠨ ᠤ ᠡᠯ᠎ᠡ ᠵᠡᠭᠡᠯᠢ ᠭᠤᠳᠤᠮᠵᠢ ᠶᠢᠨ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠳ ᠬᠤᠷᠠᠯ ᠳᠤ ᠣᠷᠣᠯᠴᠠᠪᠠ᠃

   ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠤᠳᠤᠷᠢᠳᠬᠤ ᠺᠠᠳ᠋ᠷ ᠤᠨ

ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ

ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠲᠦᠷᠦ ᠬᠠᠤᠯᠢ ᠴᠠᠭᠠᠵᠠ ᠶᠢᠨ

ᠡᠯ᠎ᠡ ᠨᠢᠭᠡᠴᠡ᠂ ᠦᠨᠳᠦᠰᠦᠨ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠤ ᠠᠵᠢᠯ ᠤᠨ ᠬᠠᠷᠢᠭᠤ

ᠮᠡᠳᠡᠭᠦᠯᠦᠯᠲᠡ ᠶᠢ ᠰᠣᠨᠣᠰᠪᠠ᠃

   ᠵᠧᠦ ᠬᠠᠢ ᠮᠢᠨ  ᠂ ᠬᠦᠴᠦᠨ ᠢᠶᠠᠨ ᠲᠥᠪᠯᠡᠷᠡᠭᠦᠯᠦᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ

ᠠᠵᠢᠯ ᠢ ᠰᠠᠶᠢᠲᠤᠷ ᠬᠢᠵᠦ᠂ ᠠᠰᠠᠭᠤᠳᠠᠯ ᠤᠨ ᠨᠠᠷᠢᠨ ᠳᠠᠩᠰᠠ ᠶᠢ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ ᠵᠦᠢᠯ

ᠳᠠᠷᠠᠭᠠᠯᠠᠨ ᠲᠣᠳᠣᠷᠬᠠᠶᠢᠯᠠᠵᠤ᠂ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠲᠣᠭᠤᠷᠢᠨ

ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠵᠤ᠂

ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ

ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ ᠭᠡᠵᠦ  ᠴᠢᠬᠤᠯᠠᠴᠢᠯᠠᠪᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号