ᠬᠤᠤᠯᠢᠩᠭᠤᠤᠯ ᠬᠤᠲᠠ ᠶᠢᠨ ᠠᠮᠤᠷ ᠲᠦᠪᠰᠢᠨ ᠢᠶᠠᠷ ᠬᠤᠸᠠᠷ ᠫᠤᠤᠵᠢᠩ ᠲᠠᠯᠪᠢᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2024/12/18
   ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠸᠠᠷ ᠫᠤᠤᠵᠢᠩ ᠲᠠᠯᠪᠢᠬᠤ ᠠᠴᠠ ᠪᠣᠯᠤᠭᠰᠠᠨ ᠭᠠᠯ ᠤᠨ ᠠᠶᠤᠯ᠂ ᠬᠥᠮᠦᠨ ᠦᠬᠦᠵᠦ ᠰᠢᠷᠬᠠᠲᠤᠬᠤ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠵᠤ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾᠂ ︽ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠵᠡᠷᠭᠡ ᠲᠣᠭᠲᠠᠭᠠᠯ ᠢ ᠦᠨᠳᠦᠰᠦᠯᠡᠨ᠂ ᠡᠳᠦᠭᠡ ᠪᠥᠬᠦ ᠬᠤᠲᠠ ᠶᠢᠨ ᠬᠤᠸᠠᠷ ᠫᠤᠤᠵᠢᠩ ᠲᠠᠯᠪᠢᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠳᠣᠤᠷᠠᠬᠢ ᠮᠡᠲᠦ ᠵᠠᠷᠯᠠᠶ᠎ᠠ᠄    ᠨᠢᠭᠡ᠂ ᠬᠤᠸᠠᠷ ᠫᠤᠤᠵᠢᠩ ᠲᠠᠯᠪᠢᠬᠤ ᠠᠮᠤᠷ ᠲᠦᠪᠰᠢᠨ ᠤ ᠬᠠᠮᠢᠶᠠᠷᠤᠯᠲᠠ ᠶᠢ ᠵᠢᠷᠤᠮᠵᠢᠭᠤᠯᠤᠨ᠎ᠠ    1. ᠰᠠᠭᠤᠭᠠᠯᠢ ᠠᠷᠠᠳ ᠤᠨ ᠠᠰᠠᠷ ᠤᠨ ᠨᠠᠷᠠᠪᠴᠢ᠂ ᠴᠣᠩᠬᠤ᠂ ᠠᠰᠠᠷ ᠤᠨ ᠵᠠᠮ᠂ ᠭᠡᠷ ᠤᠨ ᠣᠷᠣᠢ᠂ ᠲᠡᠷᠭᠡᠨ ᠵᠣᠭᠰᠣᠭᠠᠯ ᠳᠤ ᠬᠤᠸᠠᠷ ᠫᠤᠤᠵᠢᠩ ᠲᠠᠯᠪᠢᠵᠤ ᠪᠣᠯᠬᠤ ᠦᠭᠡᠢ᠂ ᠮᠠᠯᠵᠢᠬᠤ ᠲᠠᠷᠢᠶᠠᠯᠠᠬᠤ ᠣᠷᠣᠨ ᠳᠤ ᠮᠠᠯ ᠤᠨ ᠰᠠᠷᠠᠪᠴᠢ ᠵᠢᠴᠢ ᠡᠪᠡᠰᠦ ᠪᠣᠷᠳᠤᠭ᠎ᠠ ᠶᠢᠨ ᠲᠣᠭᠤᠷᠢᠨ ᠳᠤ ᠬᠤᠸᠠᠷ ᠫᠤᠤᠵᠢᠩ ᠲᠠᠯᠪᠢᠵᠤ ᠪᠣᠯᠬᠤ ᠦᠭᠡᠢ᠃    2. ᠬᠥᠮᠦᠰ᠂ ᠲᠡᠷᠭᠡ ᠬᠥᠰᠬᠡ᠂ ᠠᠭᠠᠷ ᠤᠨ ᠨᠢᠰᠦᠭᠦᠷ᠂ ᠪᠠᠷᠢᠯᠭ᠎ᠠ᠂ ᠤᠯᠠᠨ ᠨᠡᠶᠢᠲᠡ ᠶᠢᠨ ᠨᠣᠭᠤᠭᠠᠷᠠᠭᠤᠯᠤᠯᠲᠠ ᠶᠢᠨ ᠭᠠᠵᠠᠷ᠂ ᠤᠰᠤ ᠣᠷᠣᠭᠤᠯᠤᠭᠰᠠᠨ ᠬᠤᠳᠳᠤᠭ ᠵᠢᠴᠢ ᠬᠤᠭᠤᠯᠠᠢ᠂ ᠪᠤᠰᠤᠳ ᠭᠠᠵᠠᠷ ᠳᠣᠣᠷᠠᠬᠢ ᠬᠤᠭᠤᠯᠠᠢ ᠶᠢᠨ ᠲᠣᠣᠷ ᠲᠤ ᠬᠤᠸᠠᠷ ᠫᠤᠤᠵᠢᠩ ᠬᠠᠶᠠᠵᠤ ᠪᠣᠯᠬᠤ ᠦᠭᠡᠢ᠃    3᠂ ᠶᠠᠪᠠᠭᠠᠨ ᠬᠥᠮᠦᠨ᠂ ᠲᠡᠷᠭᠡ᠂ ᠠᠭᠠᠷ ᠤᠨ ᠨᠢᠰᠦᠭᠦᠷ ᠵᠡᠷᠭᠡ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠠᠮᠤᠷ ᠲᠦᠪᠰᠢᠨ ᠢᠶᠠᠷ ᠨᠡᠪᠲᠡᠷᠡᠬᠦ ᠶᠢ ᠬᠠᠷᠰᠢᠯᠠᠵᠤ ᠪᠣᠯᠬᠤ ᠦᠭᠡᠢ᠃    4. ᠤᠯᠤᠰ᠂ ᠬᠠᠮᠲᠤ ᠨᠡᠶᠢᠲᠡ ᠪᠠ ᠪᠤᠰᠤᠳ ᠤᠨ ᠪᠡᠶ᠎ᠡ᠂ ᠡᠳ᠋ ᠬᠥᠷᠥᠩᠭᠡ ᠶᠢᠨ ᠠᠮᠤᠷ ᠲᠦᠪᠰᠢᠨ ᠢ ᠬᠤᠬᠢᠷᠠᠭᠤᠯᠬᠤ ᠪᠤᠰᠤᠳ ᠠᠷᠭ᠎ᠠ ᠮᠠᠶ᠋ᠢᠭ ᠢᠶᠠᠷ ᠬᠤᠸᠠᠷ ᠫᠤᠤᠵᠢᠩ ᠲᠠᠯᠪᠢᠵᠤ ᠪᠣᠯᠬᠤ ᠦᠭᠡᠢ᠃    5. ᠳ᠋ᠤᠭᠠᠷ ᠰᠠᠷ᠎ᠠ ᠶᠢᠨ ᠪᠦᠬᠦᠯᠢ ᠠᠷᠪᠠᠨ ᠲᠦᠷᠪᠡᠨ ᠨᠠᠰᠤᠨ ᠠᠴᠠ ᠳᠤᠭᠤᠭᠰᠢᠬᠢ ᠨᠠᠰᠤᠨ ᠳᠤ ᠦᠯᠦ ᠬᠦᠷᠦᠭᠰᠡᠳ ᠬᠤᠸᠠᠷ ᠫᠤᠤᠵᠢᠩ ᠲᠠᠯᠪᠢᠪᠠᠯ᠂ ᠬᠠᠷᠠᠭᠠᠯᠵᠠᠨ ᠬᠠᠮᠠᠭᠠᠯᠠᠭᠴᠢ ᠪᠤᠶᠤ ᠪᠤᠰᠤᠳ ᠨᠠᠰᠤᠨ ᠳᠤ ᠬᠦᠷᠦᠭᠰᠡᠳ ᠪᠠᠷ᠎ᠠ ᠪᠤᠯᠵᠤ ᠬᠠᠷᠠᠵᠤ ᠬᠠᠮᠠᠭᠠᠯᠠᠬᠤ ᠬᠡᠷᠡᠭᠲᠡᠢ    6. ᠳᠣᠣᠷ᠎ᠠ ᠵᠢᠭᠰᠠᠭᠠᠭᠰᠠᠨ ᠣᠷᠣᠨ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ᠃    7. ᠡᠯ᠎ᠡ ᠰᠤᠮᠤ ᠵᠡᠭᠡᠯᠢ ᠭᠤᠳᠤᠮᠵᠢ᠂ ᠭᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠳᠠᠯ ᠠᠬᠤᠢ ᠶᠢᠨ ᠺᠣᠮᠫᠠᠨᠢ ᠨᠢ ᠰᠠᠭᠤᠭᠠᠯᠢ ᠠᠷᠠᠳ ᠤᠨ ᠲᠣᠭᠤᠷᠢᠭ ᠲᠤ ᠬᠤᠸᠠᠷ ᠫᠤᠤᠵᠢᠩ ᠤᠨ ︽ᠲᠥᠪᠯᠡᠷᠡᠭᠦᠯᠦᠨ ᠲᠠᠯᠪᠢᠬᠤ ᠣᠷᠣᠨ︾ ᠪᠠᠶᠢᠭᠤᠯᠬᠤ ᠶᠢᠨ ᠬᠠᠮᠲᠤ ᠢᠯᠡ ᠲᠣᠳᠣ ᠲᠡᠮᠳᠡᠭ ᠵᠣᠬᠢᠶᠠᠬᠤ ᠬᠡᠷᠡᠭᠲᠡᠢ᠃    9 . ᠬᠤᠸᠠᠷ ᠫᠤᠤᠵᠢᠩ ᠲᠠᠯᠪᠢᠬᠤ ᠳᠤ ᠲᠠᠯᠪᠢᠬᠤ ᠲᠤᠲᠤᠷᠬᠠᠶᠢᠯᠠᠯᠲᠠ ᠶᠢᠨ ᠲᠤᠲᠤᠷᠬᠠᠶᠢᠯᠠᠯᠲᠠ ᠶᠢᠨ ᠱᠠᠭᠠᠷᠲᠠᠯᠭ᠎ᠠ ᠶᠤᠰᠤᠭᠠᠷ ᠵᠦᠪ ᠣᠨᠤᠪᠴᠢᠲᠠᠢ ᠲᠠᠯᠪᠢᠬᠤ ᠬᠡᠷᠡᠭᠲᠡᠢ᠃   10᠂ ᠶᠠᠮᠠᠷᠪᠠ ᠨᠢᠭᠡᠴᠢ ᠪᠠ ᠬᠤᠪᠢ ᠬᠥᠮᠦᠨ ᠬᠤᠳᠠᠯᠳᠤᠨ ᠠᠪᠬᠤ᠂ ᠪᠣᠷᠣᠯᠠᠭᠤᠯᠬᠤ᠂ ᠲᠠᠯᠪᠢᠬᠤ ᠬᠡᠷᠡᠭᠴᠡᠭᠡ ᠶᠢ ᠨᠢ ᠲᠤᠰᠬᠠᠶ ᠮᠡᠷᠭᠡᠵᠢᠯ ᠤᠨ ᠬᠥᠮᠦᠨ ᠢᠶᠠᠷ ᠬᠤᠸᠠᠷ ᠫᠤᠤᠵᠢᠩ ᠤᠨ ᠪᠦᠲᠦᠭᠡᠭᠳᠡᠬᠦᠨ ᠬᠤᠳᠠᠯᠳᠤᠨ ᠠᠪᠴᠤ ᠪᠣᠯᠬᠤ ᠥᠬᠡᠶ᠂ ᠬᠠᠤᠯᠢ ᠪᠤᠰᠤ ᠠᠷᠭ᠎ᠠ ᠵᠠᠮ ᠢᠶᠠᠷ ᠳᠠᠮᠵᠢᠭᠤᠯᠤᠨ ᠬᠢᠷᠢ ᠲᠡᠩᠴᠡᠭᠰᠡᠨ ᠥᠬᠡᠶ ᠬᠤᠸᠠᠷ ᠫᠤᠤᠵᠢᠩ ᠤᠨ ᠪᠦᠲᠦᠭᠡᠭᠳᠡᠬᠦᠨ ᠢ ᠬᠤᠳᠠᠯᠳᠤᠨ ᠠᠪᠴᠤ ᠪᠣᠯᠬᠤ ᠥᠬᠡᠶ᠃   11᠂ ᠳᠣᠲᠣᠭᠠᠳᠤ ᠶᠢ ᠬᠠᠮᠠᠭᠠᠯᠠᠬᠤ ᠪᠠᠢᠭᠤᠯᠭ᠎ᠠ ᠶᠢᠨ ᠵᠥᠪᠱᠢᠶᠡᠷᠡᠯ ᠦᠭᠡᠢ ᠪᠠᠷ ᠶᠠᠮᠠᠷᠪᠠ ᠨᠢᠭᠡᠴᠢ ᠪᠠ ᠬᠤᠪᠢ ᠬᠥᠮᠦᠨ ᠬᠤᠸᠠᠷ ᠫᠤᠤᠵᠢᠩ ᠤᠨ ᠦᠳᠡᠱᠢᠯᠡᠭᠡ ᠪᠠ ᠪᠤᠰᠤᠳ ᠲᠣᠮᠣ ᠬᠡᠯᠪᠡᠷᠢ ᠶᠢᠨ ᠬᠤᠸᠠᠷ ᠫᠤᠤᠵᠢᠩ ᠲᠠᠯᠪᠢᠬᠤ ᠠᠵᠢᠯᠯᠠᠭ᠎ᠠ ᠬᠢᠵᠦ ᠪᠣᠯᠬᠤ ᠦᠭᠡᠢ᠃   12. ᠡᠯ᠎ᠡ ᠰᠤᠮᠤ ᠵᠡᠭᠡᠯᠢ ᠭᠤᠳᠤᠮᠵᠢ᠂ ᠬᠠᠷᠢᠶᠠᠲᠤ ᠣᠷᠣᠨ ᠤ ᠲᠣᠮᠢᠯᠠᠭᠰᠠᠨ ᠰᠠᠯᠪᠤᠷᠢ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠤᠳ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠪᠣᠳᠠᠲᠠᠶᠢᠵᠢᠭᠤᠯᠤᠭᠰᠠᠨ ᠥᠬᠡᠶ᠂ ᠠᠵᠢᠯ ᠢ ᠤᠳᠠᠭᠠᠰᠢᠷᠠᠭᠤᠯᠤᠭᠰᠠᠨ ᠠᠴᠠ ᠪᠣᠯᠵᠣ ᠠᠳᠡᠯ ᠭᠠᠷᠤᠭᠰᠠᠨ ᠨᠢᠭᠡᠴᠡ ᠶᠢ ᠵᠠᠷᠯᠠᠨ ᠮᠡᠳᠡᠭᠳᠡᠬᠦ ᠶᠢᠨ ᠬᠠᠮᠲᠤ ᠴᠢᠩᠭ᠎ᠠ ᠰᠢᠢᠳᠬᠡᠨ᠎ᠡ᠃    ᠬᠤᠶᠠᠷ᠂ ᠬᠤᠸᠠᠷ ᠫᠤᠤᠵᠢᠩ ᠬᠠᠤᠯᠢ ᠪᠤᠰᠤ ᠪᠠᠷ ᠦᠢᠯᠡᠳᠪᠦᠷᠢᠯᠡᠬᠦ᠂ ᠬᠠᠳᠠᠭᠠᠯᠠᠬᠤ᠂ ᠡᠵᠡᠩᠨᠡᠬᠦ᠂ ᠲᠡᠭᠡᠭᠡᠪᠦᠷᠢᠯᠡᠬᠦ ᠪᠠ ᠰᠢᠦᠳᠠᠨ ᠢᠶᠠᠷ ᠲᠠᠷᠬᠠᠭᠠᠬᠤ ᠶᠢ ᠴᠠᠭᠠᠵᠠᠯᠠᠨ᠎ᠠ᠃    1. ᠶᠠᠮᠠᠷᠪᠠ ᠨᠢᠭᠡᠴᠢ ᠪᠠ ᠬᠤᠪᠢ ᠬᠥᠮᠦᠨ ᠦᠨᠡᠮᠯᠡᠯ ᠦᠭᠡᠢ ᠪᠠᠷ ᠬᠤᠸᠠᠷ ᠫᠤᠤᠵᠢᠩ ᠦᠢᠯᠡᠳᠪᠦᠷᠢᠯᠡᠬᠦ᠂ ᠡᠵᠡᠩᠨᠡᠬᠦ ︵ᠵᠢᠵᠢᠭᠯᠡᠨ ᠬᠤᠳᠠᠯᠳᠤᠬᠤ᠂ ᠬᠠᠳᠠᠭᠠᠯᠠᠬᠤ᠂ ᠲᠡᠭᠡᠭᠡᠪᠦᠷᠢᠯᠡᠬᠦ ᠠᠵᠢᠯᠯᠠᠭ᠎ᠠ ᠬᠢᠬᠦ ᠶᠢ ᠴᠠᠭᠠᠵᠠᠯᠠᠨ᠎ᠠ᠂ ᠰᠢᠤᠳᠠᠨ ᠢᠶᠠᠷ ᠢᠯᠡᠭᠡᠬᠦ᠂ ᠡᠳ᠋ ᠪᠠᠷᠠᠭᠠᠨ ᠤ ᠭᠦᠢᠯᠭᠡᠭᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠬᠤᠸᠠᠷ ᠫᠤᠤᠵᠢᠩ ᠬᠤᠳᠠᠯᠳᠤᠨ ᠠᠪᠬᠤ ᠪᠠ ᠲᠡᠭᠡᠭᠡᠪᠦᠷᠢᠯᠡᠵᠦ ᠪᠣᠯᠬᠤ ᠦᠭᠡᠢ᠃ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠪᠠᠷᠢᠯᠭ᠎ᠠ ᠳᠤ ᠬᠤᠸᠠᠷ ᠫᠤᠤᠵᠢᠩ ᠲᠠᠯᠪᠢᠵᠤ ᠪᠣᠯᠬᠤ ᠦᠭᠡᠢ᠃ ᠵᠠᠮ ᠳᠡᠭᠡᠷ᠎ᠡ ᠬᠤᠸᠠᠷ ᠫᠤᠤᠵᠢᠩ ᠲᠡᠭᠡᠭᠡᠪᠦᠷᠢᠯᠡᠬᠦ ᠳᠤ ᠡᠷᠬᠡᠪᠰᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ᠃    2 ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠤᠸᠠᠷ ᠫᠤᠤᠵᠢᠩ ᠤᠨ ᠤᠯᠠᠨ ᠨᠡᠶᠢᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠸᠠᠷ ᠫᠤᠤᠵᠢᠩ ᠤᠨ ᠵᠠᠮ ᠲᠡᠭᠡᠭᠡᠪᠦᠷᠢ᠂ ᠬᠠᠳᠠᠭᠠᠯᠠᠬᠤ᠂ ᠫᠤᠤᠵᠢᠩ ᠲᠠᠯᠪᠢᠬᠤ ᠭᠤᠭᠴᠤᠭ᠎ᠠ ᠳᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠠᠪᠤᠭᠤᠯᠵᠤ᠂ ᠬᠤᠸᠠᠷ ᠫᠤᠤᠵᠢᠩ ᠤᠨ ᠬᠠᠨᠳᠤᠰᠢ ᠶᠢ ᠬᠢᠨᠠᠨ ᠡᠵᠡᠮᠳᠡᠨ᠎ᠡ᠃    3. ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠤᠸᠠᠷ ᠫᠤᠤᠵᠢᠩ ᠤᠨ ᠦᠢᠯᠡᠳᠪᠦᠷᠢᠯᠡᠯ᠂ ᠡᠵᠡᠩᠨᠡᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    6᠂ ᠪᠤᠰᠤᠳ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃    ᠭᠤᠷᠪᠠ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ᠃    1᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠣᠷᠣᠨ ᠬᠡᠪᠴᠢᠶᠡᠨ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠭᠰᠠᠨ ᠪᠠᠶᠢᠪᠠᠯ᠂ ︽ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠤᠨ ᠳᠥᠴᠢᠨ ᠬᠤᠶᠠᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠶᠣᠰᠣᠭᠠᠷ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠲᠠᠯᠪᠢᠬᠤ ᠶᠢ ᠵᠣᠭᠰᠣᠭᠠᠬᠤ ᠶᠢᠨ ᠬᠠᠮᠲᠤ ᠰᠢᠢᠳᠭᠡᠯ ᠥᠭᠭᠦᠨ᠎ᠡ᠃    2᠂ ᠵᠥᠪᠰᠢᠶᠡᠷᠡᠯ ᠣᠯᠤᠭᠰᠠᠨ ᠦᠭᠡᠢ᠂ ᠡᠵᠡᠩᠨᠡᠬᠦ ᠬᠡᠪᠴᠢᠶ᠎ᠡ ᠠᠴᠠ ᠳᠠᠪᠠᠭᠰᠠᠨ ᠪᠤᠶᠤ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠨᠢ ᠥᠩᠭᠡᠷᠡᠭᠡᠳ ᠬᠤᠸᠠᠷ ᠫᠤᠤᠵᠢᠩ ᠦᠷᠭᠦᠯᠵᠢᠯᠡᠨ ᠡᠵᠡᠩᠨᠡᠭᠰᠡᠨ ᠪᠠᠶᠢᠪᠠᠯ᠂ ︽ᠬᠤᠸᠠᠷ ᠫᠤᠤᠵᠢᠩ ᠡᠵᠡᠩᠨᠡᠬᠦ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠨᠢᠭᠡᠳᠦᠭᠡᠷ ᠵᠦᠢᠯ ᠤᠨ ᠲᠣᠭᠲᠠᠭᠠᠯ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠪᠤᠰᠤ ᠪᠠᠷ ᠡᠵᠡᠩᠨᠡᠬᠦ ᠠᠵᠢᠯᠯᠠᠭ᠎ᠠ ᠶᠢ ᠵᠣᠭᠰᠣᠭᠠᠬᠤ ᠶᠢᠨ ᠬᠠᠮᠲᠤ ᠰᠢᠢᠳᠬᠡᠯ ᠥᠭᠴᠦ᠂ ᠬᠠᠤᠯᠢ ᠪᠤᠰᠤ ᠪᠠᠷ ᠡᠵᠡᠩᠨᠡᠭᠰᠡᠨ ᠡᠳ᠋ ᠪᠣᠳᠠᠰ ᠵᠢᠴᠢ ᠬᠠᠤᠯᠢ ᠶᠢ ᠵᠥᠷᠢᠴᠡᠨ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ᠃    3᠂ ᠬᠠᠤᠯᠢ ᠪᠤᠰᠤ ᠪᠠᠷ ᠬᠤᠸᠠᠷ ᠫᠤᠤᠵᠢᠩ ᠬᠠᠳᠠᠭᠠᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ ᠶᠢᠨ ᠭᠤᠴᠢᠳᠤᠭᠠᠷ ᠵᠦᠢᠯ ᠤᠨ ᠲᠣᠭᠲᠠᠭᠠᠯ ᠶᠣᠰᠣᠭᠠᠷ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠠᠷᠪᠠᠨ ᠡᠳᠦᠷ ᠠᠴᠠ ᠳᠡᠭᠡᠭᠰᠢ ᠠᠷᠪᠠᠨ ᠲᠠᠪᠤᠨ ᠡᠳᠦᠷ ᠠᠴᠠ ᠳᠣᠭᠤᠭᠰᠢ ᠲᠦᠷ ᠬᠤᠷᠢᠬᠤ ᠪᠠᠷ ᠰᠢᠳᠬᠡᠨ᠎ᠡ᠃
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号