ᠠᠯᠪᠠᠨ ᠵᠠᠷ | ᠥᠷᠭᠡᠨ ᠣᠯᠠᠨ ᠬᠤᠲᠠ ᠶᠢᠨ ᠠᠷᠠᠳ ᠲᠦᠮᠡᠨ ᠴᠠᠭᠠᠨ ᠰᠠᠷ᠎ᠠ ᠪᠠᠨ ᠪᠠᠶᠠᠷ ᠪᠠᠶᠠᠰᠬᠤᠯᠠᠩ ᠲᠠᠢ ᠥᠩᠭᠡᠷᠡᠭᠡᠬᠦ ᠶᠢ | ᠦᠨᠡᠨ ᠬᠦ ᠪᠠᠲᠤᠯᠠᠵᠤ᠂ ᠭᠠᠯ ᠤᠨ ᠠᠶᠤᠯ ᠪᠠ ᠬᠥᠮᠦᠨ ᠤ ᠪᠡᠶ᠎ᠡ ᠶᠢᠨ ᠰᠠᠨᠠᠭᠠᠨ ᠳᠤ ᠦᠭᠡᠢ ᠰᠢᠷᠬᠠᠳᠤᠯ ᠤᠨ ᠠᠳᠡᠯ | ᠭᠠᠷᠬᠤ ᠶᠢ ᠤᠷᠢᠳᠴᠢᠯᠠᠨ ᠰᠡᠷᠭᠡᠶᠢᠯᠡᠵᠦ᠂ ᠬᠤᠸᠠᠷ ᠫᠤᠤᠵᠢᠩ ᠤᠨ ᠡᠵᠡᠩᠨᠡᠯᠲᠡ ᠶᠢᠨ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠪᠠᠲᠤᠯᠠᠬᠤ ᠶᠢᠨ ᠲᠥᠯᠥᠭᠡ᠂ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠬᠤᠤᠯᠢᠩᠭᠤᠤᠯ | ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠸᠠᠷ ᠫᠤᠤᠵᠢᠩ ᠤᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠬᠤᠣᠯᠢᠩᠭᠤᠣᠯ ᠬᠤᠲᠠ ᠶᠢᠨ ᠬᠦᠷᠢᠶ᠎ᠡ ᠬᠡᠪᠴᠢᠶᠠᠨ ᠳᠤ ᠵᠦᠪᠰᠢᠶᠡᠷᠡᠯ ᠦᠬᠡᠢ᠂ ᠶᠠᠮᠠᠷᠪᠠ ᠨᠢᠭᠡᠴᠡ ᠪᠠ ᠬᠤᠪᠢ | ᠬᠦᠮᠦᠨ ᠤ ᠬᠤᠸᠠᠷ ᠫᠤᠤᠵᠢᠩ ᠦᠢᠯᠡᠳᠪᠦᠷᠢᠯᠡᠬᠦ᠂ ᠬᠠᠳᠠᠭᠠᠯᠠᠬᠤ᠂ ᠵᠦᠭᠡᠭᠡᠪᠦᠷᠢᠯᠡᠬᠦ᠂ ᠡᠵᠡᠩᠨᠡᠬᠦ ᠶᠢ ᠴᠠᠭᠠᠵᠠᠯᠠᠨ᠎ᠠ᠂ | ᠰᠠᠩ ᠬᠦᠮᠦᠷᠭᠡ᠂ ᠦᠢᠯᠡᠳᠪᠣᠷᠢ ᠶᠢᠨ ᠭᠡᠷ ᠪᠠᠶᠢᠰᠢᠩ᠂ ᠭᠡᠷ ᠪᠠᠶᠢᠰᠢᠩ ᠢ ᠳᠤᠷ᠎ᠠ ᠪᠠᠷ ᠢᠶᠠᠨ ᠲᠦᠷᠢᠶᠡᠰᠦᠯᠡᠬᠦᠯᠵᠦ | ᠪᠣᠰᠣᠳ ᠲᠤ ᠬᠤᠸᠠᠷ ᠫᠣᠣᠵᠢᠩ ᠦᠢᠯᠡᠳᠪᠣᠷᠢᠯᠡᠭᠦ᠂ ᠡᠵᠡᠩᠨᠡᠵᠤ᠂ ᠨᠦᠬᠡᠴᠡᠯᠡᠵᠦ ᠪᠣᠯᠬᠤ ᠦᠭᠡᠢ᠃ ᠬᠤᠸᠠᠷ | ᠫᠤᠤᠵᠢᠩ ᠲᠠᠯᠪᠢᠬᠤ ᠦᠶ᠎ᠡ ᠳᠤ ᠭᠠᠵᠠᠷ ᠭᠠᠵᠠᠷ ᠠᠭᠤᠳᠠᠮ ᠪᠠᠶᠢᠵᠤ᠂ ᠬᠥᠮᠦᠨ ᠬᠠᠷ᠎ᠠ ᠬᠤᠷᠠᠨ ᠴᠤᠭᠯᠠᠷᠠᠭᠰᠠᠨ | ᠲᠠᠯᠠᠪᠤᠷ ᠭᠠᠵᠠᠷ᠂ ᠪᠠᠷᠢᠯᠭ᠎ᠠ᠂ ᠨᠣᠴᠣᠮᠠᠲᠠᠭᠠᠶ ᠳᠡᠯᠪᠡᠷᠡᠮᠡᠲᠡᠭᠡᠶ ᠲᠠᠯᠠᠪᠤᠷ ᠭᠠᠵᠠᠷ ︵ᠲᠣᠰᠣ ᠨᠡᠮᠡᠬᠦ ᠬᠡᠶ ᠨᠡᠮᠡᠬᠦ | ᠥᠷᠲᠡᠭᠡ᠂ ᠨᠡᠭᠦᠷᠡᠰᠦ ᠣᠪᠣᠭᠠᠯᠠᠬᠤ ᠣᠷᠣᠨ ᠪᠦᠰᠡ᠂ ᠠᠶᠤᠯᠲᠠᠶ ᠪᠣᠳᠠᠰ ᠢ ᠬᠠᠳᠠᠭᠠᠯᠠᠬᠤ ᠣᠷᠣᠨ ᠪᠦᠰᠡ᠂ | ᠨᠠᠮᠤᠭ ᠤᠨ ᠬᠡᠶ ᠲᠥᠪᠯᠡᠷᠡᠭᠰᠡᠨ ᠤᠰᠤᠨ ᠤ ᠬᠤᠭᠤᠯᠠᠶ ᠵᠡᠷᠭᠡ ᠬᠠᠤᠯᠢ ᠴᠠᠭᠠᠵᠠ ᠳᠤ ᠰᠢᠲᠠᠭᠠᠬᠤ ᠶᠢ ᠴᠠᠭᠠᠵᠠᠯᠠᠬᠤ | ᠭᠠᠵᠠᠷ ᠲᠠᠯᠪᠢᠵᠦ ᠪᠣᠯᠬᠤ ᠥᠬᠡᠶ᠃ | ᠬᠠᠤᠯᠢ ᠪᠤᠰᠤ ᠪᠠᠷ ᠦᠢᠯᠡᠳᠪᠦᠷᠢᠯᠡᠵᠦ᠂ ᠡᠵᠡᠩᠨᠡᠭᠰᠡᠨ ᠨᠢᠭᠡᠴᠡ ᠪᠣᠯᠤᠨ ᠬᠤᠪᠢ ᠬᠥᠮᠦᠨ ︽ᠬᠤᠸᠠᠷ | ᠫᠤᠤᠵᠢᠩ ᠤᠨ ᠠᠶᠤᠯ ᠦᠭᠡᠶ ᠶᠢᠨ ᠬᠠᠮᠢᠶᠠᠷᠤᠯᠲᠠ ᠶᠢᠨ ᠳᠦᠷᠢᠮ︾ ᠤᠨ ᠶᠣᠰᠣᠭᠠᠷ ᠬᠠᠤᠯᠢ ᠪᠤᠰᠤ ᠪᠠᠷ | ᠦᠢᠯᠡᠳᠪᠦᠷᠢᠯᠡᠬᠦ᠂ ᠡᠵᠡᠩᠨᠡᠬᠦ ᠠᠵᠢᠯᠯᠠᠭ᠎ᠠ ᠶᠢ ᠵᠠᠷᠯᠢᠭᠳᠠᠨ ᠵᠣᠭᠰᠣᠭᠠᠵᠤ᠂ 2 ᠲᠦᠮᠡᠨ ᠲᠥᠭᠦᠷᠢᠭ ᠠᠴᠠ ᠳᠡᠭᠡᠭᠰᠢ | 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠶᠢᠨ ᠬᠠᠮᠲᠤ ᠬᠠᠤᠯᠢ ᠪᠤᠰᠤ ᠪᠠᠷ | ᠦᠢᠯᠡᠳᠪᠦᠷᠢᠯᠡᠭᠰᠡᠨ᠂ ᠡᠵᠡᠩᠨᠡᠭᠰᠡᠨ ᠡᠳ᠋ ᠪᠣᠳᠠᠰ ᠵᠢᠴᠢ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ | ᠬᠤᠷᠢᠶᠠᠮᠵᠢᠯᠠᠨ ᠠᠪᠬᠤ ᠬᠡᠷᠡᠭᠲᠡᠶ᠃ ᠬᠤᠸᠠᠷ ᠫᠤᠤᠵᠢᠩ ᠬᠠᠤᠯᠢ ᠪᠤᠰᠤ ᠪᠠᠷ ᠬᠠᠳᠠᠭᠠᠯᠠᠬᠤ᠂ ᠫᠤᠤᠵᠢᠩ ᠲᠠᠯᠪᠢᠬᠤ ᠶᠢ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠣᠷᠭᠠᠭᠤᠯᠢ ᠶᠢᠨ ᠳᠦᠷᠢᠮ︾ ᠤᠨ ᠶᠣᠰᠣᠭᠠᠷ 15 | ᠡᠳᠦᠷ ᠠᠴᠠ ᠳᠣᠭᠤᠭᠰᠢ ᠲᠦᠷ ᠬᠤᠷᠢᠬᠤ᠂ 200 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠤᠶᠤ | ᠳᠣᠩᠭᠤᠳᠬᠤ ᠪᠠᠷ ᠰᠢᠳᠬᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠥᠷᠭᠡᠨ ᠣᠯᠠᠨ ᠬᠤᠲᠠ ᠶᠢᠨ ᠠᠷᠠᠳ ᠢᠳᠡᠪᠬᠢᠲᠡᠶ ᠬᠥᠳᠡᠯᠦᠯᠴᠡᠵᠦ᠂ ᠬᠤᠸᠠᠷ ᠫᠤᠤᠵᠢᠩ ᠬᠠᠤᠯᠢ ᠪᠤᠰᠤ ᠪᠠᠷ | ᠦᠢᠯᠡᠳᠪᠦᠷᠢᠯᠡᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠡᠵᠡᠩᠨᠡᠬᠦ᠂ ᠲᠠᠯᠪᠢᠬᠤ ᠦᠢᠯᠡ ᠠᠵᠢᠯᠯᠠᠭ᠎ᠠ ᠶᠢ | ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠪᠠ ᠢᠳᠡᠪᠬᠢᠲᠡᠶ ᠢᠯᠡᠴᠢᠯᠡᠨ ᠮᠡᠳᠡᠭᠦᠯᠵᠦ᠂ ᠠᠮᠤᠷ ᠲᠦᠪᠰᠢᠨ᠂ | ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠬᠤ ᠶᠢ ᠬᠦᠰᠡᠵᠦ ᠪᠠᠶᠢᠨ᠎ᠠ᠃ | ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠤᠲᠠᠰᠤ᠄ | 0475 - 7921682 | ᠬᠤᠤᠯᠢᠩᠭᠤᠤᠯ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ |