ᠬᠤᠤᠯᠢᠩᠭᠤᠤᠯ ᠬᠤᠲᠠ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠲᠤᠰᠬᠠᠶ ᠳᠤᠭᠤᠶᠢᠯᠠᠩ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/19
    12 ᠰᠠᠷ᠎ᠠ ᠶᠢᠨ 18 ᠤ ᠡᠳᠤᠷ᠂ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠸᠤ ᠬᠠᠢ ᠮᠢᠨ ᠡᠭᠡ ᠤᠯᠤᠰ ᠤᠨ ᠤᠮᠠᠷᠠᠳᠤ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠬᠤ ᠲᠤᠰᠬᠠᠢ ᠲᠤᠭᠤᠢᠢᠯᠠᠩ ᠤᠨ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ ᠬᠤᠷᠠᠯᠳᠤᠭᠤᠯᠵᠤ᠂ ᠬᠤᠳᠠ ᠶᠢᠨ ᠵᠠᠰᠠᠭ ᠤᠨ ᠤᠷᠳᠤᠨ ᠤ ᠲᠡᠳ᠋ ᠲᠠᠷᠤᠭ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠲᠠᠷᠤᠭ᠎ᠠ ᠯᠢᠤ ᠽᠧᠩ ᠰᠢ᠂ ᠬᠤᠳᠠ ᠶᠢᠨ ᠠᠷᠠᠳ ᠤᠨ ᠰᠢᠬᠦᠬᠦ ᠬᠤᠷᠢᠶ᠎ᠠ ᠶᠢᠨ ᠲᠠᠷᠤᠭ᠎ᠠ ᠯᠢ ᠶᠦᠩ ᠱᠧᠩ ᠬᠤᠷᠠᠯ ᠳᠤ ᠤᠷᠤᠯᠴᠠᠵᠤ᠂ ᠡᠭᠡ ᠤᠯᠤᠰ ᠤᠨ ᠤᠮᠠᠷᠠᠳᠤ ᠬᠢᠯᠢ ᠶᠢᠨ ᠠᠮᠤᠷ ᠲᠦᠪᠰᠢᠨ ᠲᠤᠬᠳᠠᠭᠤᠨ ᠤ ᠬᠠᠯᠬᠠᠪᠴᠢ ᠶᠢ ᠪᠠᠳᠤ ᠴᠤᠬᠴᠠᠯᠠᠬᠤ ᠲᠤᠰᠬᠠᠢ ᠲᠤᠭᠤᠢᠢᠯᠠᠩ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃

   ᠬᠤᠷᠠᠯ ᠠᠴᠠ ᠲᠤᠰᠬᠠᠶ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠶᠢᠨ ᠡᠬᠡ ᠤᠯᠤᠰ ᠤᠨ ᠤᠮᠠᠷᠠᠲᠤ ᠶᠢᠨ

ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠠᠵᠢᠯ ᠤᠨ ᠲᠤᠬᠠᠶ ᠬᠠᠷᠢᠭᠤ

ᠮᠡᠳᠡᠭᠦᠯᠦᠯᠲᠡ ᠶᠢ ᠰᠣᠨᠣᠰᠪᠠ᠃

   ᠵᠧᠦ ᠬᠠᠢ ᠮᠢᠨ᠂ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠶᠢ ᠢᠮᠠᠭᠲᠠ ᠪᠠᠲᠤ

ᠴᠡᠭᠡᠵᠢᠯᠡᠵᠦ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂

ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ

ᠰᠡᠳᠬᠢᠬᠦᠢ ᠶᠢ ᠪᠠᠷᠢᠮᠲᠠᠯᠠᠵᠤ᠂ ᠶᠡᠭᠡ ᠠᠮᠤᠷ ᠲᠦᠪᠰᠢᠨ ᠤ ᠪᠠᠶᠢᠷᠢᠰᠢᠯ ᠢ ᠪᠠᠶᠢᠭᠤᠯᠵᠤ᠂ ᠶᠡᠭᠡ ᠠᠮᠤᠷ ᠲᠦᠪᠰᠢᠨ ᠤ

ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ

ᠲᠠᠯ᠎ᠠ ᠪᠠᠷ ᠴᠢᠩᠭᠠᠳᠬᠠᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ

ᠲᠦᠪᠰᠢᠨ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ ᠭᠡᠵᠦ

ᠴᠢᠬᠤᠯᠠᠴᠢᠯᠠᠪᠠ᠃ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠨ ᠡᠵᠡᠮᠳᠡᠬᠦ ᠶᠢ

ᠦᠷᠭᠦᠯᠵᠢᠯᠡᠨ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂

ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ

ᠬᠡᠷᠡᠭᠲᠡᠶ᠃ ᠬᠠᠷᠢᠭᠤᠴᠠᠯᠭ᠎ᠠ ᠶᠢ ᠦᠨᠡᠨ ᠬᠦ ᠴᠢᠩᠭᠠᠳᠬᠠᠨ ᠪᠣᠳᠠᠲᠠᠶᠢᠵᠢᠭᠤᠯᠵᠤ᠂ ᠠᠵᠢᠯ ᠤᠨ ᠬᠠᠷᠠᠯᠲᠠ ᠶᠢ ᠴᠢᠩᠭ᠎ᠠ

ᠠᠩᠬᠠᠷᠴᠤ᠂ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠠᠢ

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号