12 ᠰᠠᠷ᠎ᠠ ᠶᠢᠨ 18 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠬᠤᠲᠠ ᠶᠢᠨ ᠲᠦᠩᠯᠢᠶᠣᠤ ᠬᠤᠲᠠ ᠳᠤ ᠰᠠᠭᠤᠭ᠎ᠠ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠲᠥᠪᠯᠡᠷᠡᠭᠦᠯᠦᠨ ᠪᠠᠶᠢᠴᠠᠭᠠᠨ ᠦᠵᠡᠬᠦ ᠠᠵᠢᠯ ᠢ | ᠥᠷᠨᠢᠭᠦᠯᠵᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ | ᠵᠢᠢ ᠬᠠᠢ ᠶᠠᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠪᠠᠶ ᠬᠤᠸᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠳᠡᠳ᠋ ᠬᠤᠲᠠ ᠶᠢᠨ ᠳᠠᠷᠤᠭ᠎ᠠ᠂ ᠬᠤᠤᠯᠢᠩᠭᠤᠤᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ | ᠡᠷᠬᠢᠯᠡᠭᠴᠢ ᠱᠠᠨ ᠯᠢᠶᠠᠨ ᠾᠧᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦᠶ ᠹᠧᠩ ᠮᠢᠨ᠂ ᠬᠤᠲᠠ ᠶᠢᠨ ᠵᠠᠰᠠᠭ ᠤᠨ ᠣᠷᠳᠣᠨ ᠤ ᠳᠡᠳ᠋ | ᠬᠤᠲᠠ ᠶᠢᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢᠦ ᠽᠧᠩ ᠰᠢ ᠰᠢᠨᠵᠢᠯᠡᠨ | ᠪᠠᠶᠢᠴᠠᠭᠠᠬᠤ ᠪᠤᠶᠤ ᠶᠠᠷᠢᠯᠴᠠᠬᠤ ᠬᠤᠷᠠᠯ ᠳᠤ ᠣᠷᠣᠯᠴᠠᠪᠠ᠃ | | | | | ᠰᠢᠨᠵᠢᠯᠡᠨ ᠪᠠᠶᠢᠴᠠᠭᠠᠬᠤ ᠳᠤᠮᠳᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ | ᠤᠷᠢᠳ ᠬᠤᠵᠢᠳ ᠴᠤᠸᠠᠩ ᠶᠤᠸᠠᠨ ᠲᠡᠮᠦᠷᠯᠢᠭ᠂ ᠰᠢᠤᠢ ᠶᠠᠩ ᠰᠢᠨ᠎ᠡ ᠮᠠᠲ᠋ᠧᠷᠢᠶᠠᠯ᠂ ᠤᠮᠠᠷᠠᠲᠤ ᠶᠢᠨ ᠬᠥᠩᠭᠡᠨ | ᠴᠠᠭᠠᠨ ᠤ ᠦᠢᠯᠡᠰ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ᠂ ︽ᠥᠪᠥᠷ | ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠬᠤᠶᠠᠷ ᠭᠤᠤᠯ ᠰᠡᠳᠦᠪ ᠤᠨ ᠲᠣᠭᠤᠷᠢᠨ ᠳᠤ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠪᠠ᠃ ᠶᠠᠷᠢᠯᠴᠠᠬᠤ ᠬᠤᠷᠠᠯ ᠳᠡᠭᠡᠷ᠎ᠡ᠂ ᠱᠠᠨ ᠯᠢᠶᠠᠨ ᠾᠧᠩ ᠮᠠᠨ ᠤ ᠬᠤᠲᠠ ᠶᠢᠨ ︽ | ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠬᠤᠶᠠᠷ ᠶᠡᠭᠡ ᠶᠠᠪᠤᠳᠠᠯ ᠢ | ᠰᠠᠶᠢᠲᠤᠷ ᠬᠢᠭᠰᠡᠨ ᠪᠠᠶᠢᠳᠠᠯ ᠢ ᠲᠣᠪᠴᠢ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠨ ᠲᠦᠩᠯᠢᠶᠣᠤ ᠬᠤᠲᠠ ᠶᠢᠨ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠡᠯ᠎ᠡ ᠰᠠᠯᠠᠭ᠎ᠠ ᠮᠥᠴᠢᠷ | ᠭᠤᠤᠯ ᠰᠡᠳᠦᠪᠲᠦ ᠠᠭᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠭᠦᠨᠵᠡᠭᠡᠶ ᠰᠣᠯᠢᠯᠴᠠᠪᠠ᠃ | | | | | ᠵᠢᠢ ᠬᠠᠢ ᠶᠠᠩ ᠂ ᠬᠤᠲᠠ ᠶᠢᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ | ᠠᠵᠠ ᠲᠣᠬᠢᠶᠠᠯ ᠢ ᠴᠢᠩᠭ᠎ᠠ ᠠᠳᠬᠤᠵᠤ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ | ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠲᠦᠷᠭᠡᠳᠬᠡᠨ ᠠᠬᠢᠭᠤᠯᠵᠤ | ᠂ ᠠᠵᠤ ᠠᠬᠤᠶ ᠶᠢ ᠪᠥᠬᠦ ᠬᠦᠴᠦᠨ ᠢᠶᠠᠷ ᠢᠶᠠᠨ ᠠᠳᠬᠤᠵᠤ᠂ ᠥᠭᠡᠷᠡᠴᠢᠯᠡᠯᠲᠡ ᠶᠢ ᠠᠬᠢᠭᠤᠯᠵᠤ᠂ ᠠᠷᠠᠳ ᠤᠨ | ᠠᠮᠢᠳᠤᠷᠠᠯ ᠢ ᠪᠠᠲᠤᠯᠠᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠰᠠᠶᠢᠨ | ᠰᠠᠶᠢᠬᠠᠨ ᠪᠠᠶᠢᠳᠠᠯ ᠡᠭᠦᠰᠬᠦ ᠶᠢ ᠠᠬᠢᠭᠤᠯᠬᠤ ᠬᠡᠷᠡᠭᠲᠡᠶ ᠭᠡᠵᠡᠶ᠃ ᠬᠥᠭᠵᠢᠯᠲᠡ ᠶᠢᠨ ᠲᠥᠯᠥᠪᠵᠢᠭᠦᠯᠭᠡ ᠪᠠᠨ ᠤᠯᠠᠮ | ᠨᠢᠭᠡ ᠠᠯᠬᠤᠮ ᠴᠢᠩᠭᠠᠳᠬᠠᠵᠤ᠂ ᠮᠠᠨ ᠤ ᠬᠤᠲᠠ ᠶᠢᠨ ᠠᠵᠤ ᠦᠢᠯᠡᠳᠪᠦᠷᠢ᠂ ᠦᠢᠯᠡᠳᠪᠦᠷᠢᠯᠡᠯ ᠤᠨ ᠴᠢᠨᠠᠷᠲᠠᠶ | ᠦᠢᠯᠡᠴᠢᠯᠡᠭᠡᠨ ᠤ ᠦᠢᠯᠡᠰ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ | ᠦᠢᠯᠡᠰ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠭᠦᠨᠵᠡᠭᠡᠶ ᠰᠦᠪᠡᠭᠴᠢᠯᠡᠵᠦ᠂ ᠲᠣᠰ ᠭᠠᠵᠠᠷ ᠤᠨ | ᠣᠷᠣᠨ ᠪᠠᠶᠢᠷᠢ᠂ ᠡᠬᠢ ᠪᠠᠶᠠᠯᠢᠭ ᠵᠡᠷᠭᠡ ᠲᠠᠯ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠭᠤᠤᠯ ᠠᠵᠢᠯ ᠢᠶᠠᠷ ᠬᠦᠴᠦᠲᠡᠶ | ᠭᠠᠷᠳᠠᠴᠠ ᠪᠣᠯᠭᠠᠵᠤ᠂ ᠮᠠᠨ ᠤ ᠬᠤᠲᠠ ᠶᠢᠨ ᠭᠤᠤᠯᠯᠠᠬᠤ ᠠᠵᠤ ᠦᠢᠯᠡᠰ ᠤᠨ ᠦᠷᠭᠦᠯᠵᠢᠯᠡᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠶ ᠭᠡᠵᠦ ᠵᠢᠭᠠᠵᠦ ᠭᠠᠷᠭᠪᠠ᠃ | ᠪᠠᠶ ᠬᠤᠸᠠ᠂ ᠲᠥᠯᠥᠭᠡᠯᠡᠭᠴᠢᠳ ᠲᠣᠰ ᠤᠳᠠᠭᠠᠨ ᠤ ᠲᠥᠪᠯᠡᠷᠡᠭᠦᠯᠦᠨ ᠪᠠᠶᠢᠴᠠᠭᠠᠨ ᠦᠵᠡᠬᠦ ᠠᠵᠢᠯ ᠢᠶᠠᠷ | ᠳᠠᠮᠵᠢᠭᠤᠯᠤᠨ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠣᠯᠤᠨ ᠮᠠᠨ ᠤ | ᠬᠤᠲᠠ ᠶᠢᠨ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ᠵᠢᠴᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠵᠡᠷᠭᠡ ᠡᠯ᠎ᠡ ᠵᠦᠢᠯ ᠤᠨ ᠠᠵᠢᠯ ᠤᠨ | ᠪᠠᠶᠢᠳᠠᠯ ᠢ ᠭᠦᠨᠵᠡᠭᠡᠶ ᠣᠶᠢᠯᠠᠭᠠᠵᠤ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠬᠠᠤᠯᠢ ᠪᠠᠷ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠠᠶᠢᠴᠠᠭᠠᠨ ᠦᠵᠡᠭᠰᠡᠨ ᠦᠷ᠎ᠡ ᠪᠦᠲᠦᠭᠡᠯ ᠢᠶᠠᠨ | ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠪᠠᠶᠢᠴᠠᠭᠠᠨ ᠦᠵᠡᠭᠰᠡᠨ | ᠦᠷ᠎ᠡ ᠪᠦᠲᠦᠭᠡᠯ ᠢᠶᠠᠨ ᠰᠢᠯᠢᠳᠡᠭ ᠵᠥᠪᠯᠡᠯᠭᠡ ᠰᠠᠨᠠᠭᠤᠯᠭ᠎ᠠ ᠪᠣᠯᠭᠠᠨ ᠬᠤᠪᠢᠷᠠᠭᠤᠯᠵᠤ᠂ ᠪᠣᠳᠠᠲᠠᠶ ᠶᠢ ᠡᠷᠬᠢᠮᠯᠡᠬᠦ | ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂ ᠬᠥᠭᠵᠢᠯᠲᠡ ᠶᠢᠨ ᠠᠷᠭ᠎ᠠ ᠪᠣᠳᠣᠯᠭ᠎ᠠ ᠶᠢ ᠢᠯᠡᠭᠦᠬᠡᠨ | ᠰᠦᠪᠡᠭᠴᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠨᠠᠩ ᠰᠠᠶᠢᠲᠤᠷ ᠦᠢᠯᠡᠴᠢᠯᠡᠬᠦ ᠪᠠ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | |