12 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠬᠤᠲᠠ ᠶᠢᠨ ᠳᠠᠷᠤᠭ᠎ᠠ ᠵᠢᠢ ᠬᠠᠢ ᠶᠠᠩ ᠬᠤᠲᠠ ᠶᠢᠨ ᠵᠠᠰᠠᠭ ᠤᠨ ᠣᠷᠳᠣᠨ ᠤ 2024 ᠣᠨ ᠤ ᠠᠷᠪᠠᠨ | ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ | ᠱᠠᠨ ᠯᠢᠶᠠᠨ ᠾᠧᠩ᠂ ᠸᠠᠩ ᠮᠢᠶᠣᠣ᠂ ᠯᠢᠦ ᠽᠧᠩ ᠰᠢ᠂ ᠸᠠᠩ ᠵᠢᠶᠦ᠋ᠨ ᠭᠦᠸᠧ᠂ ᠰᠦᠨ ᠸᠧᠶ ᠨᠠᠨ᠂ ᠵᠣᠣ | ᠱᠢ ᠶᠢᠨ ᠵᠢᠴᠢ ᠬᠤᠤᠯᠢᠩᠭᠤᠤᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ ᠤᠨ ᠳᠡᠳ᠋ ᠡᠷᠬᠢᠯᠡᠭᠴᠢ ᠰᠦᠨ ᠬᠤᠸᠠᠢ ᠵᠢᠶᠠᠩ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ | ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | | | ᠬᠤᠷᠠᠯ ᠠᠴᠠ ︽ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ︾᠂ ︽ᠰᠢᠨ᠎ᠡ ᠵᠢᠯ | ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠠᠵᠢᠯ ᠢ ᠰᠤᠳᠤᠯᠤᠨ | ᠪᠠᠶᠢᠷᠢᠯᠠᠭᠤᠯᠬᠤ ᠬᠤᠷᠠᠯ ᠤᠨ ᠲᠣᠪᠴᠢ︾ ᠶᠢ ᠤᠯᠠᠮᠵᠢᠯᠠᠨ ᠰᠤᠷᠤᠯᠴᠠᠵᠤ᠂ ︽ᠴᠧᠩ ᠹᠠ ᠪᠦᠯᠦᠭᠯᠡᠯ ᠤᠨ | ᠳᠠᠩᠰᠠᠯᠠᠭᠤᠯᠤᠭᠰᠠᠨ ᠬᠥᠷᠥᠩᠭᠡ ᠮᠥᠩᠭᠦ ᠶᠢ ᠨᠡᠮᠡᠭᠳᠡᠭᠦᠯᠬᠦ︾ ᠵᠡᠷᠭᠡ ᠵᠥᠪᠯᠡᠯᠭᠡ ᠶᠢ ᠰᠤᠳᠤᠯᠤᠨ ᠪᠠᠲᠤᠯᠠᠭᠰᠠᠨ | ᠪᠥᠭᠡᠳ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | | | | | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠦᠵᠡᠯ | ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠠᠵᠢᠯ ᠤᠨ ᠲᠤᠬᠠᠢ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ | ᠬᠦᠴᠦᠨ ᠢᠶᠠᠷ ᠢᠶᠠᠨ ᠠᠵᠤ ᠠᠬᠤᠢ ᠶᠢ ᠠᠳᠬᠤᠵᠤ᠂ ᠨᠡᠮᠡᠭᠳᠡᠯ ᠢ ᠲᠣᠭᠲᠠᠪᠤᠷᠢᠵᠢᠭᠤᠯᠵᠤ᠂ ᠬᠥᠭᠵᠢᠯᠲᠡ ᠶᠢ | ᠠᠬᠢᠭᠤᠯᠵᠤ᠂ ᠡᠨᠡ ᠵᠢᠯ ᠤᠨ ᠠᠵᠢᠯ ᠤᠨ ᠲᠡᠭᠦᠰᠬᠡᠯ ᠢ ᠰᠠᠶᠢᠲᠤᠷ ᠠᠳᠬᠤᠵᠤ᠂ ᠢᠷᠡᠬᠦ ᠵᠢᠯ ᠤᠨ ᠠᠵᠤ ᠠᠬᠤᠢ ᠶᠢᠨ | ᠠᠵᠢᠯ ᠢ ᠰᠠᠶᠢᠲᠤᠷ ᠲᠥᠯᠥᠪᠵᠢᠭᠦᠯᠬᠦ ᠬᠡᠷᠡᠭᠲᠡᠢ᠃ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ᠂ ᠪᠤᠳᠤᠯᠢᠶᠠᠨᠲᠤ ᠴᠢᠨᠠᠷ ᠪᠣᠯᠤᠨ ᠪᠡᠷᠬᠡ ᠬᠠᠲᠠᠭᠤᠵᠢᠯᠲᠤ ᠴᠢᠨᠠᠷ ᠢ | ᠭᠦᠢᠴᠡᠳ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ | ᠡᠪᠦᠯ ᠤᠨ ᠤᠯᠠᠷᠢᠯ ᠤᠨ ᠭᠠᠯ ᠢ ᠰᠡᠷᠭᠡᠶᠢᠯᠡᠬᠦ᠂ ᠰᠢᠲᠠᠮᠠᠬᠠᠢ ᠬᠡᠢ ᠶᠢᠨ ᠠᠮᠤᠷ ᠲᠦᠪᠰᠢᠨ᠂ ᠵᠠᠬᠢᠳᠠᠯ | ᠰᠤᠷᠪᠤᠯᠵᠢᠯᠠᠭ᠎ᠠ ᠶᠢ ᠰᠢᠢᠳᠪᠦᠷᠢᠯᠡᠬᠦ᠂ ᠠᠵᠢᠯᠴᠢᠨ ᠬᠥᠷᠥᠩᠭᠡᠲᠡᠨ ᠤ ᠵᠠᠭᠤᠷᠠᠯᠳᠤᠭᠠᠨ ᠢ ᠵᠠᠰᠠᠬᠤ᠂ ᠰᠤᠷᠭᠠᠭᠤᠯᠢ ᠶᠢᠨ | ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢ ᠡᠬᠢ | ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭ᠎ᠠ ᠨᠢᠮᠪᠠᠢ ᠰᠠᠶᠢᠲᠤᠷ ᠠᠳᠬᠤᠵᠤ᠂ ᠨᠡᠶᠢᠭᠡᠮ ᠤᠨ ᠶᠡᠭᠡ | ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠬᠥᠭᠵᠢᠯᠲᠡ ᠳᠤ ᠦᠢᠯᠡᠴᠢᠯᠡᠬᠦ ᠪᠠᠶᠢᠷᠢ | ᠲᠣᠭᠲᠠᠭᠠᠯᠲᠠ ᠶᠢ ᠪᠠᠷᠢᠮᠲᠠᠯᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠡᠭᠦᠷᠭᠡᠯᠡᠵᠦ᠂ ᠴᠧᠩ ᠹᠠ | ᠪᠦᠯᠦᠭᠯᠡᠯ ᠤᠨ ᠡᠳ᠋ ᠬᠥᠷᠥᠩᠭᠡ ᠡᠬᠢ ᠪᠠᠶᠠᠯᠢᠭ ᠢ ᠬᠤᠪᠢᠶᠠᠷᠢᠯᠠᠨ ᠰᠢᠯᠵᠢᠭᠦᠯᠬᠦ ᠶᠢ ᠲᠦᠷᠭᠡᠳᠬᠡᠵᠦ᠂ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠲᠦᠷᠦᠯ ᠵᠦᠢᠯ ᠤᠨ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠴᠢᠳᠠᠯ ᠬᠤᠷᠠᠮᠳᠤᠭᠤᠯᠵᠤ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ |