11 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠪᠥᠬᠦ ᠬᠤᠲᠠ ᠶᠢᠨ ᠭᠠᠵᠠᠷ ᠬᠥᠳᠡᠯᠦᠯᠲᠡ ᠶᠢᠨ ᠳᠠᠷᠠᠭᠠᠬᠢ | ᠰᠢᠢᠳᠪᠦᠷᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠵᠠᠰᠠᠭ ᠤᠨ | ᠣᠷᠳᠣᠨ ᠤ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠦᠩᠯᠢᠶᠣᠤ | ᠬᠤᠳᠠ ᠶᠢᠨ ᠨᠠᠮ ᠤᠨ ᠬᠤᠷᠢᠶᠠᠨ ᠤ ᠱᠦᠵᠢ ᠮᠧᠩ ᠰᠢᠶᠠᠨ ᠳ᠋ᠦᠩ ᠤᠨ ᠲᠤᠰᠬᠠᠢ ᠰᠡᠳᠦᠪᠲᠦ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠭᠠᠮᠰᠢᠭ ᠤᠨ ᠳᠠᠷᠠᠭᠠᠬᠢ ᠰᠢᠢᠳᠪᠦᠷᠢᠯᠡᠬᠦ ᠠᠵᠢᠯ ᠤᠨ | ᠠᠬᠢᠴᠠ ᠶᠢᠨ ᠪᠠᠶᠢᠳᠠᠯ ᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠵᠢᠢ ᠬᠠᠶ ᠶᠠᠩ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠪᠥᠬᠦ ᠣᠷᠣᠨ | ᠪᠦᠰᠡ ᠶᠢᠨ ᠬᠢᠨᠠᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠭᠠᠮᠰᠢᠭ ᠤᠨ ᠪᠠᠶᠢᠳᠠᠯ ᠤᠨ ᠲᠤᠭ᠎ᠠ | ᠪᠠᠷᠢᠮᠲᠠ ᠶᠢ ᠬᠠᠷᠭᠤᠭᠤᠯᠬᠤ ᠶᠢ ᠴᠢᠩᠭᠠᠳᠬᠠᠨ᠂ ᠭᠠᠮᠰᠢᠭ ᠤᠨ ᠬᠤᠬᠢᠷᠠᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ | ᠣᠨᠣᠴᠠᠲᠠᠶ ᠪᠠᠷ ᠦᠨᠡᠯᠡᠨ ᠵᠢᠱᠢᠵᠦ᠂ ᠬᠡᠷ ᠪᠠᠶᠢᠰᠢᠩ᠂ ᠰᠠᠭᠤᠷᠢ ᠪᠡᠯᠡᠳᠬᠡᠮᠵᠢ ᠵᠡᠷᠭᠡ ᠬᠤᠬᠢᠷᠠᠭᠰᠠᠨ ᠪᠠᠶᠢᠳᠠᠯ ᠢ | ᠨᠠᠷᠢᠨ ᠬᠢᠨᠠᠮᠠᠭᠠᠶ ᠬᠢᠨᠠᠨ ᠬᠠᠷᠭᠤᠭᠤᠯᠵᠤ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠵᠦ᠂ ᠮᠡᠳᠡᠭᠦᠯᠬᠦ | ᠶᠣᠰᠣᠲᠠᠶ ᠶᠢ ᠨᠢ ᠪᠦᠬᠦᠨ ᠢ ᠮᠡᠳᠡᠭᠦᠯᠵᠦ᠂ ᠠᠪᠤᠷᠠᠪᠠᠰᠤ ᠵᠣᠬᠢᠬᠤ ᠶᠢ ᠨᠢ ᠪᠦᠬᠦᠨ ᠢ ᠮᠡᠳᠡᠭᠦᠯᠵᠦ᠂ ᠭᠠᠮᠰᠢᠭ ᠤᠨ | ᠳᠠᠷᠠᠭ᠎ᠠ ᠰᠡᠷᠭᠦᠭᠡᠨ ᠳᠠᠬᠢᠨ ᠪᠠᠶᠢᠭᠤᠯᠬᠤ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠶ᠃ | ᠭᠠᠮᠰᠢᠭᠳᠠᠭᠰᠠᠨ ᠣᠯᠠᠨ ᠲᠦᠮᠡᠨ ᠢ ᠲᠣᠬᠤᠨᠢᠭᠤᠯᠬᠤ ᠠᠵᠢᠯ ᠢ ᠰᠠᠶᠢᠲᠤᠷ ᠬᠢᠵᠦ᠂ ᠠᠷᠠᠳ ᠲᠦᠮᠡᠨ ᠢ ᠳᠡᠭᠡᠳᠦᠯᠡᠬᠦ᠂ | ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ | ᠲᠤᠬᠠᠶ ᠳᠤᠨᠢ ᠬᠠᠷᠢᠭᠤᠯᠲᠠ ᠥᠭᠴᠦ᠂ ᠶᠠᠷᠢᠶ᠎ᠠ ᠬᠡᠯᠡᠯᠴᠡᠭᠡ ᠶᠢ ᠢᠳᠡᠪᠬᠢᠲᠡᠶ ᠬᠥᠲᠥᠯᠥᠨ ᠵᠢᠯᠣᠭᠤᠳᠴᠤ᠂ | ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠡᠷᠬᠡ ᠠᠰᠢᠭ ᠢ ᠦᠨᠡᠨ ᠬᠦ ᠬᠠᠮᠠᠭᠠᠯᠠᠵᠤ᠂ ᠨᠢᠭᠡᠳᠦᠯᠲᠡᠶ | ᠲᠥᠯᠥᠪᠯᠡᠨ ᠲᠣᠬᠢᠷᠠᠭᠤᠯᠬᠤ ᠶᠢ ᠰᠠᠶᠢᠲᠤᠷ ᠬᠢᠵᠦ᠂ ᠭᠠᠮᠰᠢᠭ ᠠᠴᠠ ᠪᠣᠯᠵᠣ ᠦᠨᠳᠦᠰᠦᠨ ᠠᠮᠢᠳᠤᠷᠠᠯ ᠳᠤ | ᠬᠦᠴᠢᠷᠳᠡᠯ ᠲᠠᠢ ᠪᠣᠯᠤᠭᠰᠠᠨ ᠣᠯᠠᠨ ᠲᠦᠮᠡᠨ ᠢ ᠴᠠᠭ ᠲᠤᠬᠠᠶ ᠳᠤᠨᠢ ᠲᠦᠷ ᠴᠠᠭ ᠤᠨ ᠠᠪᠤᠷᠠᠨ ᠲᠤᠰᠠᠯᠠᠵᠤ᠂ | ᠨᠡᠶᠢᠭᠡᠮ ᠤᠨ ᠲᠣᠭᠲᠠᠭᠤᠨ᠂ ᠠᠷᠠᠳ ᠤᠨ ᠰᠡᠳᠬᠢᠯ ᠠᠮᠤᠷ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ | ᠬᠡᠷᠡᠭᠲᠡᠶ᠃ ᠡᠳ᠋ ᠪᠣᠳᠠᠰ ᠨᠥᠭᠡᠴᠡᠯᠡᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠠᠵᠢᠯ ᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠪᠣᠯᠤᠨ ᠴᠤᠤᠷᠢᠶᠠᠲᠤᠨ ᠳᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠥᠷᠭᠡᠨ ᠤᠯᠠᠨ | ᠲᠦᠮᠡᠨ ᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ᠂ ᠪᠠᠴᠢᠮ ᠪᠠᠶᠢᠳᠠᠯ ᠢ | ᠠᠷᠭᠠᠴᠠᠵᠤ ᠥᠪᠡᠷ ᠢ ᠪᠠᠨ ᠠᠪᠤᠷᠠᠬᠤ ᠴᠢᠳᠠᠪᠤᠷᠢ ᠪᠣᠯᠤᠨ ᠭᠠᠵᠠᠷ ᠬᠥᠳᠡᠯᠦᠯᠲᠡ ᠶᠢᠨ ᠭᠠᠮᠰᠢᠭ ᠢ ᠠᠷᠭᠠᠴᠠᠬᠤ | ᠰᠡᠳᠬᠢᠴᠡ ᠶᠢᠨ ᠳᠠᠭᠠᠭᠠᠴᠠ ᠶᠢ ᠨᠡᠮᠡᠭᠳᠡᠭᠦᠯᠵᠦ᠂ ᠪᠦᠬᠦ ᠠᠷᠠᠳ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ | ᠭᠠᠮᠰᠢᠭ ᠢ ᠪᠠᠭᠠᠰᠬᠠᠬᠤ ᠮᠡᠳᠡᠯᠭᠡ ᠪᠣᠯᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ |