ᠨᠥᠬᠦᠷᠯᠡᠯ ᠨᠡᠶᠢᠭᠡᠮ ᠲᠣᠭᠤᠷᠢᠭ ᠡᠷᠦᠬᠡ ᠳᠤ ᠣᠷᠣᠵᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠥᠪᠡᠰᠦᠪᠡᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/12/20
    12 ᠰᠠᠷ᠎ᠠ ᠶᠢᠨ 16 ᠤ ᠡᠳᠦᠷ᠂ ᠨᠥᠬᠦᠷᠯᠡᠯ ᠨᠡᠶᠢᠭᠡᠮ ᠲᠣᠭᠤᠷᠢᠭ ᠤᠨ ᠠᠷᠠᠳ ᠤᠨ ᠶᠠᠪᠤᠳᠠᠯ ᠤᠨ ᠲᠤᠰᠠᠯᠠᠭᠴᠢ ᠰᠦᠯᠵᠢᠶᠡᠨ ᠤ ᠠᠵᠢᠯᠲᠠᠨ ᠲᠠᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠳᠤ ᠭᠦᠨᠵᠡᠭᠡᠶᠢᠷᠡᠨ ᠰᠤᠷᠪᠤᠯᠵᠢᠯᠠᠨ ᠬᠢᠨᠠᠨ ᠪᠠᠶᠢᠴᠠᠭᠠᠵᠤ᠂ ᠬᠡᠷ ᠪᠦᠯᠢ᠂ ᠪᠡᠶ᠎ᠡ ᠮᠠᠬᠠᠪᠣᠳ᠂ ᠣᠷᠣᠯᠭ᠎ᠠ᠂ ᠣᠷᠣᠨ ᠰᠠᠭᠤᠴᠠ ᠪᠠ ᠠᠵᠢᠯ ᠣᠯᠭᠤᠯᠲᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠰ ᠤᠨ ᠡᠷᠦᠬᠡ ᠳᠤ ᠣᠷᠣᠵᠤ ᠪᠠᠶᠢᠴᠠᠭᠠᠬᠤ ᠬᠦᠰᠦᠨᠦᠭᠲᠦ ᠶᠢ ᠨᠠᠷᠢᠨ ᠬᠢᠨᠠᠮᠠᠭᠠᠶ ᠲᠠᠭᠯᠠᠪᠠ᠃ ᠡᠭᠦᠨ ᠤ ᠬᠠᠮᠲᠤ᠂ ᠬᠥᠷᠰᠢ ᠵᠡᠷᠭᠡᠯᠡᠳᠡᠭᠡ ᠶᠢᠨ ᠰᠤᠷᠪᠤᠯᠵᠢᠯᠠᠭ᠎ᠠ ᠪᠠᠷ ᠳᠠᠮᠵᠢᠭᠤᠯᠤᠨ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠡᠳᠦᠷ ᠲᠤᠲᠤᠮ ᠤᠨ ᠠᠮᠢᠳᠤᠷᠠᠯ ᠤᠨ ᠪᠠᠶᠢᠳᠠᠯ ᠢ ᠬᠠᠵᠠᠭᠤ ᠲᠠᠯ᠎ᠠ ᠪᠠᠷ ᠣᠶᠢᠯᠠᠭᠠᠪᠠ᠃ ᠲᠣᠰ ᠤᠳᠠᠭᠠᠨ ᠤ ᠬᠢᠨᠠᠨ ᠪᠠᠶᠢᠴᠠᠭᠠᠬᠤ ᠠᠵᠢᠯ ᠢᠶᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠨᠠᠩ ᠢᠯᠡ ᠲᠣᠳᠣ᠂ ᠵᠢᠷᠤᠮᠵᠢᠯ ᠲᠠᠢ ᠪᠣᠯᠭᠠᠭᠰᠠᠨ ᠢᠶᠠᠷ ᠪᠠᠷᠠᠬᠤ ᠥᠬᠡᠶ᠂ ᠪᠠᠰᠠ ᠬᠦᠴᠢᠷᠳᠡᠯᠲᠡᠶ ᠣᠯᠠᠨ ᠲᠦᠮᠡᠨ ᠳᠤ ᠵᠠᠰᠠᠭ ᠤᠨ ᠣᠷᠳᠣᠨ ᠤ ᠬᠠᠯᠠᠮᠵᠢᠯᠠᠯ ᠪᠠ ᠳᠡᠮᠵᠢᠯᠭᠡ ᠶᠢ ᠴᠠᠭ ᠲᠤᠬᠠᠶ ᠳᠤᠨᠢ ᠣᠯᠭᠤᠭᠰᠠᠨ ᠪᠠᠶᠢᠨ᠎ᠠ᠃
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号