ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ 115 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/20
    12 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ 115 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃

   ᠬᠤᠷᠠᠯ ᠠᠴᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠲᠦᠩᠯᠢᠶᠣᠤ

ᠬᠤᠲᠠ ᠶᠢᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠭᠤᠤᠯ ᠭᠦᠢᠴᠡᠳᠬᠡᠯ ᠲᠤᠭ᠎ᠠ᠂ ᠭᠤᠤᠯᠳᠠᠯᠭ᠎ᠠ ᠲᠠᠢ

ᠠᠵᠢᠯ ᠤᠨ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ

᠂ ᠮᠠᠨ ᠤ ᠬᠤᠲᠠ ᠶᠢᠨ ︽ᠲᠠᠪᠤᠨ ᠶᠡᠭᠡ ᠡᠭᠦᠷᠭᠡ︾ ᠶᠢᠨ ᠠᠵᠢᠯ ᠢ ᠠᠬᠢᠭᠤᠯᠤᠭᠰᠠᠨ ᠪᠠᠶᠢᠳᠠᠯ᠂ ︽ᠵᠢᠷᠭᠤᠭᠠᠨ

ᠢᠨᠵᠧᠨᠧᠷᠢᠩ︾ ᠤᠨ ᠠᠵᠢᠯ ᠢ ᠥᠷᠨᠢᠭᠦᠯᠦᠭᠰᠡᠨ ᠪᠠᠶᠢᠳᠠᠯ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ

ᠬᠥᠭᠵᠢᠯᠲᠡ ᠶᠢ ᠠᠬᠢᠭᠤᠯᠤᠭᠰᠠᠨ ᠪᠠᠶᠢᠳᠠᠯ᠂ 2024 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ

ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ

ᠰᠣᠨᠣᠰᠪᠠ᠃

   ᠭᠤᠤ ᠵᠢᠶ ᠶᠧ  ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠢ ᠰᠠᠶᠢᠲᠤᠷ

ᠨᠠᠶᠢᠳᠠᠪᠤᠷᠢᠵᠢᠭᠤᠯᠬᠤ ᠪᠣᠯ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤᠨ ᠤ ᠡᠷᠬᠡᠪᠰᠢ ᠡᠷᠡᠰ ᠡᠭᠦᠷᠭᠡᠯᠡᠬᠦ ᠴᠢᠬᠤᠯᠠ

ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠥᠨ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ

ᠳᠡᠭᠡᠭᠰᠢᠯᠡᠭᠦᠯᠦᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠤᠨ

ᠪᠠᠶᠢᠩᠭᠤᠵᠢᠭᠤᠯᠬᠤ᠂ ᠴᠢᠩᠭ᠎ᠠ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠠᠵᠢᠯ ᠤᠨ ᠲᠥᠰᠦᠯ᠂ ᠡᠭᠦᠷᠭᠡ ᠶᠢᠨ

ᠨᠠᠷᠢᠨ ᠲᠠᠩᠰᠠ ᠶᠢᠨ ᠲᠣᠭᠤᠷᠢᠨ ᠳᠤ ᠨᠠᠷᠢᠯᠢᠭ ᠣᠨᠣᠴᠠᠲᠠᠶ ᠪᠠᠷ ᠬᠦᠴᠦᠯᠡᠵᠦ᠂ ᠬᠠᠷᠠᠯᠲᠠ ᠲᠠᠢ ᠬᠠᠷᠢᠴᠠᠭᠤᠯᠤᠨ

ᠵᠥᠷᠢᠶ᠎ᠡ ᠪᠠᠨ ᠡᠷᠢᠵᠦ᠂ ᠳᠤᠲᠠᠭᠤᠳᠠᠯ ᠪᠠᠭᠤᠷᠠᠶ ᠲᠠᠯ᠎ᠠ ᠪᠠᠨ ᠴᠠᠭ ᠲᠤᠬᠠᠶ ᠳᠤᠨᠢ ᠰᠢᠶ᠋ᠳᠪᠦᠷᠢᠯᠡᠵᠦ᠂ ᠲᠣᠭᠲᠠᠭᠰᠠᠨ

ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠦᠵᠡᠯ ᠰᠠᠨᠠᠭ᠎ᠠ

ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠂ ᠲᠦᠩᠯᠢᠶᠣᠤ

ᠬᠤᠲᠠ ᠶᠢᠨ ᠠᠵᠤ ᠠᠬᠤᠶ ᠶᠢᠨ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ

ᠦᠨᠡᠨ ᠬᠦ ᠨᠢᠭᠡᠳᠬᠡᠵᠦ᠂ ᠣᠶᠤᠨ ᠴᠢᠳᠠᠯ ᠢᠶᠠᠨ ᠲᠥᠪᠯᠡᠷᠡᠭᠦᠯᠦᠨ ᠠᠵᠤ ᠠᠬᠤᠶ ᠶᠢ ᠠᠳᠬᠤᠵᠤ᠂ ᠢᠲᠡᠭᠡᠯ

ᠵᠣᠷᠢᠭ ᠢᠶᠠᠨ ᠪᠠᠲᠤᠳᠬᠠᠨ ᠠᠵᠤ ᠦᠢᠯᠡᠰ ᠢ ᠠᠳᠬᠤᠵᠤ᠂ ᠠᠵᠢᠯ ᠲᠥᠷᠥᠯ ᠤᠨ ᠰᠢᠨ᠎ᠡ ᠬᠠᠨᠳᠤᠰᠢ ᠶᠢ ᠴᠢᠩᠭ᠎ᠠ

ᠠᠩᠬᠠᠷᠴᠤ᠂ ᠲᠥᠷᠥ ᠶᠢᠨ ᠪᠣᠳᠣᠯᠭ᠎ᠠ ᠰᠢᠨ᠎ᠡ ᠤᠳᠤᠷᠢᠳᠤᠮᠵᠢ ᠶᠢ ᠲᠣᠳᠣᠷᠬᠠᠶ ᠣᠶᠢᠯᠠᠭᠠᠵᠤ᠂ ︽ᠲᠥᠷᠥᠯ

ᠵᠦᠢᠯ ᠢᠶᠠᠷ ᠭᠤᠤᠯ ᠪᠣᠯᠭᠠᠵᠤ᠂ ᠬᠤᠳᠠᠯᠳᠤᠭᠠᠴᠢᠨ ᠤᠷᠢᠬᠤ ᠪᠠᠷ ᠭᠤᠣᠯ ᠪᠣᠯᠭᠠᠬᠤ︾ ᠳᠤ ᠠᠩᠬᠠᠷᠤᠯ ᠢᠶᠠᠨ

ᠲᠥᠪᠯᠡᠷᠡᠭᠦᠯᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠪᠦᠬᠦ ᠬᠦᠴᠦᠨ ᠢᠶᠠᠷ ᠢᠶᠠᠨ ᠥᠷᠭᠡᠳᠬᠡᠵᠦ᠂ ᠲᠥᠷᠥᠯ

ᠵᠦᠢᠯ ᠤᠨ ᠲᠥᠰᠦᠪᠯᠡᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠪᠡᠯᠡ ᠮᠥᠩᠭᠦ ᠶᠢ ᠢᠳᠡᠪᠬᠢᠲᠡᠢ

ᠲᠡᠮᠡᠴᠡᠨ ᠣᠯᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠦᠴᠦᠷᠬᠡᠭ ᠶᠡᠭᠡ

ᠬᠥᠳᠡᠯᠭᠡᠬᠦ ᠬᠦᠴᠦᠨ ᠢ ᠪᠦᠷᠢᠯᠳᠦᠭᠦᠯᠬᠦ ᠬᠡᠷᠡᠭᠲᠡᠢ᠃ ᠣᠳᠣᠬᠠᠨ ᠤ ᠪᠠᠶᠢᠳᠠᠯ ᠢ ᠭᠦᠢᠴᠡᠳ ᠲᠠᠨᠢᠵᠤ᠂

ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠶᠢᠨ ᠴᠢᠬᠤᠯᠠ ᠴᠢᠨᠠᠷ ᠢ ᠭᠦᠨᠵᠡᠭᠡᠢ

ᠣᠶᠢᠯᠠᠭᠠᠵᠤ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠢᠲᠡᠭᠡᠯ ᠵᠣᠷᠢᠭ ᠢᠶᠠᠨ

ᠪᠠᠲᠤᠳᠬᠠᠵᠤ᠂ ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ ᠥᠪᠡᠷᠲᠡᠭᠡᠨ ᠵᠠᠰᠠᠬᠤ ᠣᠷᠣᠨ ᠤ ᠲᠡᠰ ᠤᠨ

ᠪᠠᠷᠠᠭᠠᠨ ᠤ ᠭᠦᠢᠯᠭᠡᠭᠡᠨ ᠤ ᠬᠦᠢᠰᠦ ᠶᠢ ᠪᠠᠶᠢᠭᠤᠯᠬᠤ ᠪᠠᠷ ᠭᠠᠷᠳᠠᠴᠠ ᠪᠣᠯᠭᠠᠵᠤ᠂ ᠪᠠᠷᠠᠭᠠᠨ ᠤ ᠭᠦᠢᠯᠭᠡᠭᠡᠨ ᠤ

ᠦᠢᠯᠡᠰ ᠤᠨ ᠤᠯᠠᠮᠵᠢᠯᠠᠯᠲᠤ ᠬᠢᠵᠠᠭᠠᠷᠯᠠᠯ ᠢ ᠪᠦᠬᠦ ᠲᠠᠯ᠎ᠠ ᠪᠠᠷ᠂ ᠤᠯᠠᠨ ᠲᠡᠰ ᠳᠠᠪᠬᠤᠷᠭ᠎ᠠ ᠪᠠᠷ ᠠᠬᠢᠭᠤᠯᠬᠤ ᠶᠢ

ᠠᠬᠢᠭᠤᠯᠵᠤ᠂ ᠪᠠᠷᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ

ᠲᠦᠪᠰᠢᠨ ᠢ ᠳᠡᠭᠡᠭᠰᠢᠯᠡᠭᠦᠯᠵᠦ᠂ ᠣᠷᠣᠨ ᠪᠦᠰᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢ ᠠᠯᠬᠤᠮ

ᠠᠯᠬᠤᠮ ᠢᠶᠠᠷ ᠰᠢᠯᠢᠳᠡᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ

ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠲᠠ ᠶᠢᠨ ᠰᠠᠭᠤᠷᠢ᠂ ᠵᠠᠮ ᠬᠠᠷᠢᠯᠴᠠᠭ᠎ᠠ᠂

ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠡᠯᠡᠳᠬᠡᠮᠵᠢ ᠵᠡᠷᠭᠡ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂

ᠰᠠᠭᠤᠷᠢᠰᠢᠬᠤ ᠳᠤ ᠲᠣᠬᠢᠷᠠᠮᠵᠢᠲᠠᠶ᠂ ᠠᠵᠢᠯᠯᠠᠬᠤ ᠳᠤ ᠲᠣᠬᠢᠷᠠᠮᠵᠢᠲᠠᠶ᠂ ᠵᠤᠭᠠᠴᠠᠬᠤ ᠳᠤ ᠲᠣᠬᠢᠷᠠᠮᠵᠢᠲᠠᠶ ︽

ᠬᠢᠵᠠᠭᠠᠷ ᠤᠨ ᠵᠢᠵᠢᠭ ᠪᠠᠯᠭᠠᠰᠤ᠂ ᠭᠤᠶᠤᠮᠰᠤᠭ ᠵᠢᠵᠢᠭ ᠬᠤᠲᠠ︾ ᠶᠢ ᠬᠦᠴᠦᠯᠡᠨ ᠪᠠᠶᠢᠭᠤᠯᠬᠤ ᠬᠡᠷᠡᠭᠲᠡᠶ ᠭᠡᠵᠦ

ᠵᠢᠭᠠᠵᠦ ᠭᠠᠷᠭᠠᠪᠠ᠃

   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号