ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 17 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/20
   12 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 17 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃

   ᠬᠤᠷᠠᠯ ᠠᠴᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ

ᠨᠠᠮ ᠤᠨ ᠲᠥᠪ ᠬᠤᠷᠢᠶᠠᠨ ᠤ ᠲᠣᠭᠲᠠᠭᠠᠯ︾᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ

ᠲᠤᠬᠠᠶ ᠴᠢᠬᠤᠯᠠ ᠵᠢᠭᠠᠪᠤᠷᠢ ᠪᠣᠯᠤᠨ ᠼᠠᠢ ᠴᠢ ᠨᠥᠬᠦᠷ ᠤᠨ ᠲᠥᠪ ᠤᠨ ᠨᠡᠶᠢᠭᠡᠮ ᠤᠨ ᠠᠵᠢᠯ ᠤᠨ ᠬᠤᠷᠠᠯ ᠳᠡᠭᠡᠷᠡᠬᠢ

ᠶᠠᠷᠢᠶ᠎ᠠ᠂ ︽ᠠᠯᠪᠠᠲᠠᠨ ᠢ ᠵᠠᠶᠢᠯᠠᠬᠤ ᠲᠣᠭᠲᠠᠭᠠᠯ︾᠂ ︽ᠮᠠᠨ ᠤ ᠬᠤᠲᠠ ᠶᠢᠨ ᠦᠵᠡᠯ ᠤᠬᠠᠮᠰᠠᠷ ᠤᠨ ᠬᠡᠯᠪᠡᠷᠢ ᠶᠢᠨ

ᠬᠦᠷᠢᠶᠡᠨ ᠳᠠᠬᠢ ᠪᠠᠶᠢᠳᠠᠯ ᠤᠨ ᠮᠡᠳᠡᠭᠡᠯᠡᠯ︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾ ᠶᠢ

ᠤᠯᠠᠮᠵᠢᠯᠠᠨ ᠰᠤᠷᠤᠯᠴᠠᠪᠠ᠃ ᠳᠠᠷᠠᠭ᠎ᠠ ᠨᠢ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ

ᠳᠤᠭᠤᠶᠢᠯᠠᠩ ᠤᠨ ᠭᠡᠰᠢᠭᠦᠨ ᠯᠢᠦ ᠽᠧᠩ ᠰᠢ᠂ ᠯᠢ ᠶᠦᠩ ᠱᠧᠩ᠂ ᠱᠧᠨ ᠶᠠᠨ ᠮᠢᠨ ︽ᠰᠢ ᠶᠢᠨ ᠫᠢᠩ ᠤᠨ

ᠬᠠᠤᠯᠢ ᠪᠠᠷ ᠵᠠᠰᠠᠬᠤ ᠦᠵᠡᠯ ᠰᠠᠨᠠᠭ᠎ᠠ︾ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃

   ᠭᠤᠤ ᠵᠢᠢ ᠶᠧ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠪᠦᠬᠦ

ᠲᠠᠯ᠎ᠠ ᠪᠠᠷ ᠡᠵᠡᠮᠳᠡᠵᠦ᠂ ᠬᠠᠤᠯᠢᠵᠢᠯ ᠤᠨ ᠪᠠᠶᠢᠭᠤᠯᠤᠯᠲᠠ ᠶᠢᠨ ᠦᠢᠯᠡᠳᠦᠯᠭᠡ ᠶᠢ ᠴᠥᠬᠦᠷᠡᠰᠢ ᠦᠭᠡᠢ

ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂

ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠦᠬᠦ ᠲᠠᠯ᠎ᠠ ᠪᠠᠷ

ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ

ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠶᠡᠷᠦᠩᠬᠡᠢ ᠱᠦᠵᠢ ᠰᠢ ᠶᠢᠨ ᠫᠢᠩ ᠤᠨ

ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠪᠠᠷ

ᠮᠠᠨᠳᠤᠭᠰᠠᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ

ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ

ᠳᠠᠪᠠᠭᠤᠯᠢᠭ ᠢ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂

ᠦᠨᠳᠦᠰᠦᠨ ᠱᠠᠲᠤᠨ ᠤ ᠵᠠᠰᠠᠯᠲᠠ ᠶᠢᠨ ᠠᠷᠭ᠎ᠠ ᠵᠠᠮ ᠢ ᠰᠦᠪᠡᠭᠴᠢᠯᠡᠵᠦ᠂ ᠤᠯᠠᠨ ᠲᠦᠮᠡᠨ ᠤ ᠠᠵᠢᠯ ᠢ ᠰᠡᠳᠬᠢᠯ

ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠬᠢᠵᠦ᠂ ᠠᠷᠠᠳ ᠲᠦᠮᠡᠨ ᠳᠤ ᠦᠢᠯᠡᠴᠢᠯᠡᠬᠦ ᠶᠢ

ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ

ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ

ᠠᠵᠢᠯ ᠤᠨ ︽ᠬᠠᠷᠢᠭᠤᠴᠠᠯᠭ᠎ᠠ ᠶᠢᠨ ᠲᠠᠷᠢᠶ᠎ᠠ︾ ᠶᠢ ᠰᠠᠶᠢᠲᠤᠷ ᠲᠠᠷᠢᠵᠤ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ

᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ

ᠰᠢᠨ᠎ᠡ ᠶᠢ ᠡᠭᠦᠳᠬᠦ ᠤᠨᠤᠯ ᠢᠶᠠᠷ ᠪᠦᠬᠦ ᠨᠠᠮ ᠢ ᠵᠡᠪᠰᠡᠭᠯᠡᠵᠦ᠂ ᠠᠷᠠᠳ ᠲᠦᠮᠡᠨ ᠢ ᠰᠤᠷᠭᠠᠨ ᠬᠥᠮᠦᠵᠢᠭᠦᠯᠵᠦ᠂ ᠡᠯ᠎ᠡ

ᠲᠦᠷᠦᠯ ᠤᠨ ᠰᠤᠷᠲᠠᠯ ᠤᠬᠠᠭᠤᠯᠭ᠎ᠠ ᠰᠣᠶᠣᠯ ᠤᠨ ᠵᠢᠭᠰᠠᠭᠠᠯ ᠤᠨ ᠭᠠᠵᠠᠷ ᠤᠨ ᠤᠳᠤᠷᠢᠳᠤᠮᠵᠢ ᠶᠢ ᠰᠠᠶᠢᠲᠤᠷ

ᠡᠵᠡᠮᠳᠡᠵᠦ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠬᠤᠲᠠ ᠶᠢᠨ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ

ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠠᠢ᠃

   ᠬᠤᠷᠠᠯ ᠠᠴᠠ ᠪᠠᠰᠠ ᠪᠤᠰᠤᠳ ᠠᠭᠤᠯᠭ᠎ᠠ ᠶᠢ ᠰᠤᠷᠤᠯᠴᠠᠪᠠ᠃

 

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号