ᠬᠤᠣᠯᠢᠩᠭᠤᠣᠯ ᠬᠤᠳᠠ ᠶᠢᠨ ᠰᠣᠶᠣᠯ ᠤᠨ ᠣᠷᠳᠣᠨ ᠤ ︽ᠬᠤᠷᠴᠢᠨ ᠬᠤᠷᠢᠮ ᠤᠨ ᠶᠣᠰᠣᠯᠠᠯ︾ ᠤᠨ ᠣᠬᠠᠭᠤᠯᠭ᠎ᠠ ᠶᠢᠨ ᠹᠢᠯᠢᠮ ᠰᠢᠯᠢᠳᠡᠭ ᠪᠦᠳᠦᠬᠡᠯ ᠤᠨ ᠱᠠᠩᠨᠠᠯ ᠬᠦᠷᠳᠡᠪᠡ
ᠨᠡᠶᠢᠲᠡᠯᠡᠭᠰᠡᠨ ᠴᠠᠭ᠄
2024/12/20
    11 ᠰᠠᠷ᠎ᠠ ᠶᠢᠨ 12 ᠤ ᠡᠳᠦᠷ᠂ ᠳᠤᠮᠳᠠᠳᠤ ᠤᠯᠤᠰ ᠤᠨ ᠲᠧᠯᠸᠢᠰ ᠤᠷᠠᠯᠢᠭᠴᠢᠳ ᠤᠨ ᠨᠡᠢᠭᠡᠮᠯᠢᠭ ᠠᠴᠠ ᠭᠤᠣᠯᠯᠠᠨ ᠡᠷᠬᠢᠯᠡᠵᠦ᠂ ᠶᠠᠩᠵᠸᠤ ᠬᠤᠲᠠ ᠶᠢᠨ ᠷᠡᠳᠢᠤ᠋ ᠲᠧᠯᠸᠢᠰ ᠤᠨ ᠵᠠᠭᠤᠴᠢᠯᠠᠭᠤᠷ ᠤᠨ ᠪᠦᠯᠦᠭᠯᠡᠯ ︵ᠶᠡᠷᠦᠩᠬᠡᠢ ᠬᠤᠷᠢᠶ᠎ᠠ︶᠂ ᠶᠠᠩᠵᠸᠤ ᠬᠤᠲᠠ ᠶᠢᠨ ᠤᠳᠭ᠎ᠠ ᠤᠷᠠᠯᠢᠭ ᠤᠨ ᠬᠤᠯᠪᠣᠭᠠᠲᠤ ᠬᠤᠷᠠᠯ ᠠᠴᠠ ᠳᠠᠭᠠᠭᠠᠨ ᠡᠷᠬᠢᠯᠡᠭᠰᠡᠨ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ᠂ ᠶᠠᠩᠵᠸᠤ ᠶᠢᠨ ᠵᠢᠭᠤᠯᠴᠢᠯᠠᠯ ᠤᠨ ᠲᠧᠯᠸᠢᠰ ᠤᠨ ᠭᠠᠷᠠᠭ ᠤᠨ ᠱᠢᠷᠢᠰ ᠠᠵᠢᠯᠯᠠᠭ᠎ᠠ ᠵᠢᠶᠠᠩᠰᠦ ᠮᠣᠵᠢ ᠶᠢᠨ ᠶᠠᠨ ᠵᠧᠦ ᠬᠤᠲᠠ ᠳᠤ ᠶᠠᠪᠤᠭᠳᠠᠪᠠ᠃ ᠤᠤᠯ ᠤᠨ ᠲᠥᠪ ᠤᠨ ᠲᠧᠯᠸᠢᠰ ᠬᠤᠷᠢᠶᠠᠨ ᠤ ᠳᠠᠷᠤᠭ᠎ᠠ᠂ ᠳᠤᠮᠳᠠᠳᠤ ᠤᠯᠤᠰ ᠤᠨ ᠷᠠᠳᠢᠤ᠋ ᠲᠧᠯᠸᠢᠰ ᠤᠨ ᠨᠡᠶᠢᠭᠡᠮᠯᠢᠭ ᠤᠨ ᠵᠢᠷᠭᠤᠳᠤᠭᠠᠷ ᠬᠤᠭᠤᠴᠠᠭᠠᠨ ᠤ ᠲᠡᠷᠢᠭᠦᠯᠡᠭᠴᠢ ᠵᠤᠤ ᠬᠤᠸᠠ ᠶᠦᠩ᠂ ᠳᠤᠮᠳᠠᠳᠤ ᠤᠯᠤᠰ ᠤᠨ ᠬᠠᠷᠠᠭᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠨᠠᠷᠢᠨ ᠪᠢᠴᠢᠭ ᠤᠨ ᠳᠠᠷᠤᠭ᠎ᠠ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠭᠤᠤ ᠵᠢᠶᠠᠨ᠂ ᠵᠢᠶᠠᠩᠰᠦ ᠮᠤᠵᠢ ᠶᠢᠨ ᠤᠳᠬ᠎ᠠ ᠤᠷᠠᠯᠢᠭ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ᠂ ᠱᠦᠵᠢ ᠨᠡᠷ ᠤᠨ ᠭᠠᠵᠠᠷ ᠤᠨ ᠱᠦᠵᠢ ᠯᠢᠦ ᠰᠢᠤᠸᠠᠨ ᠮᠢᠩ᠂ ᠶᠠᠩᠵᠸᠤ ᠷᠠᠳᠢᠣ᠋ ᠲᠧᠯᠸᠢᠰ ᠵᠠᠭᠤᠴᠢᠯᠠᠭᠤᠷ ᠤᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠶᠡᠷᠦᠩᠬᠡᠢ ᠦᠷᠳᠡᠭᠡᠨ ᠤ ᠳᠠᠷᠤᠭ᠎ᠠ᠂ ᠪᠦᠯᠦᠭᠯᠡᠯ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠶᠦᠩ᠂ ᠶᠠᠩ ᠵᠧᠦ ᠬᠤᠳᠠ ᠶᠢᠨ ᠤᠳᠬ᠎ᠠ ᠤᠷᠠᠯᠢᠭ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠤᠸᠠᠩ ᠵᠧᠨ ᠢᠦᠢ ᠵᠡᠷᠭᠡ ᠭᠤᠤᠯᠯᠠᠭᠴᠢ᠂ ᠳᠠᠭᠠᠭᠠᠨ ᠡᠷᠬᠢᠯᠡᠬᠦ ᠲᠠᠯ᠎ᠠ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠪᠣᠯᠤᠨ ᠡᠯ᠎ᠡ ᠮᠤᠵᠢ ᠬᠤᠳᠠ ᠶᠢᠨ ᠰᠢᠯᠢᠳᠡᠭ ᠪᠦᠲᠦᠭᠡᠯ ᠤᠨ ᠭᠤᠣᠯ ᠲᠥᠯᠥᠭᠡᠯᠡᠭᠴᠢ 300 ᠭᠠᠷᠤᠢ ᠬᠥᠮᠦᠨ ᠠᠵᠢᠯᠯᠠᠭ᠎ᠠ ᠳᠤ ᠣᠷᠣᠯᠴᠠᠵᠠᠢ᠃    ᠲᠣᠰ ᠬᠤᠭᠤᠴᠠᠭᠠᠨ ᠤ ᠰᠢᠯᠢᠳᠡᠭ ᠰᠢᠯᠭᠠᠷᠠᠭᠤᠯᠤᠯᠲᠠ ᠶᠢ ᠲᠤᠰᠬᠠᠶ ᠰᠡᠳᠦᠪᠲᠦ ᠹᠢᠯᠢᠮ᠂ ᠤᠬᠠᠭᠤᠯᠭ᠎ᠠ ᠶᠢᠨ ᠹᠢᠯᠢᠮ᠂ ᠬᠥᠲᠥᠯᠥᠭᠴᠢ ᠪᠠ ᠣᠬᠤᠷ ᠸᠢᠳᠢᠣ᠋ ᠪᠠᠷ ᠪᠥᠬᠦ ᠤᠯᠤᠰ ᠠᠴᠠ ᠴᠤᠭᠯᠠᠭᠤᠯᠤᠭᠰᠠᠨ 800 ᠭᠠᠷᠤᠶ ᠪᠦᠲᠦᠭᠡᠯ ᠤᠨ ᠳᠣᠲᠣᠷ᠎ᠠ ᠠᠴᠠ ᠬᠠᠮᠤᠭ ᠤᠨ ᠰᠢᠯᠢᠳᠡᠭ᠂ ᠰᠠᠶᠢᠨ ᠪᠦᠲᠦᠭᠡᠯ ᠢ 270 ᠰᠣᠩᠭᠤᠨ ᠭᠠᠷᠭᠠᠵᠤ᠂ ︽ᠬᠤᠷᠴᠢᠨ ᠬᠤᠷᠢᠮ︾ ᠨᠢ ᠳᠤᠮᠳᠠᠳᠤ ᠤᠯᠤᠰ ᠤᠨ ᠶᠠᠩᠵᠸᠤ ᠶᠢᠨ ᠵᠢᠭᠤᠯᠴᠢᠯᠠᠯ ᠤᠨ ᠲᠧᠯᠸᠢᠰ ᠤᠨ ᠭᠠᠷᠠᠭ ᠤᠨ ᠤᠬᠠᠭᠤᠯᠭ᠎ᠠ ᠶᠢᠨ ᠹᠢᠯᠢᠮ ᠤᠨ ᠲᠥᠷᠥᠯ ᠤᠨ ᠰᠢᠯᠢᠳᠡᠭ ᠪᠦᠲᠦᠭᠡᠯ ᠤᠨ ᠱᠠᠩᠨᠠᠯ ᠢ ᠭᠥᠷᠳᠡᠪᠡ᠃    ᠳᠤᠮᠳᠠᠳᠤ ᠤᠯᠤᠰ ᠤᠨ ᠵᠢᠭᠤᠯᠴᠢᠯᠠᠯ ᠤᠨ ᠲᠧᠯᠸᠢᠰ ᠭᠠᠷᠠᠭ ᠨᠢ ᠳᠤᠮᠳᠠᠳᠤ ᠤᠯᠤᠰ ᠤᠨ ᠲᠧᠯᠸᠢᠰ ᠤᠨ ᠨᠡᠶᠢᠭᠡᠮᠯᠢᠭ ᠤᠨ ᠰᠣᠶᠣᠯ ᠵᠢᠭᠤᠯᠴᠢᠯᠠᠯ ᠤᠨ ᠦᠵᠡᠵᠦ ᠰᠣᠨᠣᠰᠬᠤ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠠᠬᠢᠭᠤᠯᠬᠤ ᠴᠢᠬᠤᠯᠠ ᠨᠠᠷᠠᠲᠤ ᠲᠡᠮᠳᠡᠭᠲᠦ ᠶᠢᠨ ᠠᠵᠢᠯᠯᠠᠭ᠎ᠠ ᠪᠣᠯᠤᠭᠰᠠᠨ ᠤ ᠬᠤᠪᠢ ᠳᠤ᠂ ᠬᠤᠲᠠ ᠶᠢᠨ ᠰᠣᠶᠣᠯ ᠤᠨ ᠠᠭᠤᠯᠤᠭᠳᠠᠬᠤᠨ ᠢ ᠲᠠᠰᠤᠷᠠᠯᠲᠠ ᠥᠬᠡᠶ ᠠᠭᠤᠳᠠᠯᠵᠤ᠂ ᠲᠧᠯᠸᠢᠰ ᠤᠷᠠᠯᠢᠭ ᠬᠢᠭᠡᠳ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠮᠠᠰᠢ ᠣᠯᠠᠨ ᠦᠵᠡᠯ ᠰᠠᠨᠠᠭ᠎ᠠ ᠭᠦᠨᠵᠡᠭᠡᠶ᠂ ᠤᠷᠠᠯᠢᠭ ᠰᠠᠶᠢᠲᠠᠶ᠂ ᠵᠣᠬᠢᠶᠠᠨ ᠪᠦᠲᠦᠭᠡᠬᠦ ᠰᠢᠯᠢᠳᠡᠭ ᠰᠣᠶᠣᠯ ᠵᠢᠭᠤᠯᠴᠢᠯᠠᠯ ᠤᠨ ᠰᠣᠳᠣᠨ ᠪᠦᠲᠦᠭᠡᠯ ᠢ ᠭᠠᠷᠭᠠᠵᠤ᠂ ᠲᠧᠯᠸᠢᠰ ᠤᠷᠠᠯᠢᠭ ᠤᠨ ᠴᠡᠴᠡᠭᠯᠡᠨ ᠬᠥᠭᠵᠢᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃    ︽ᠬᠤᠷᠴᠢᠨ ᠬᠤᠷᠢᠮ ᠤᠨ ᠶᠣᠰᠣᠯᠠᠯ︾ 2009 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠳᠤ ᠵᠢᠭᠰᠠᠭᠠᠭᠳᠠᠪᠠ᠃ ᠮᠠᠨ ᠤ ᠬᠤᠲᠠ ᠶᠢᠨ ᠠᠷᠠᠳ ᠤᠨ ᠤᠷᠠᠯᠢᠭᠴᠢᠨ ᠶᠢᠨ ᠪᠦᠦ ᠱᠠᠨ᠂ 2019 ᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ︽ᠬᠤᠷᠴᠢᠨ ᠬᠤᠷᠢᠮ︾ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠤᠯᠠᠮᠵᠢᠯᠠᠭᠴᠢ ᠪᠠᠷ ᠦᠨᠡᠯᠡᠭᠳᠡᠪᠡ᠃    ︽ᠬᠤᠷᠢᠮ ᠤᠨ ᠶᠣᠰᠣᠯᠠᠯ︾ ᠨᠢ ᠡᠯᠪᠡᠭ ᠪᠠᠶᠠᠯᠢᠭ ᠠᠭᠤᠯᠭ᠎ᠠ ᠪᠠ ᠭᠠᠵᠠᠷ ᠣᠷᠣᠨ ᠤ ᠣᠨᠴᠠᠯᠢᠭ ᠢᠶᠠᠷ ᠢᠶᠠᠨ ᠬᠤᠷᠴᠢᠨ ᠪᠡᠷᠢ ᠠᠪᠬᠤ ᠶᠠᠪᠤᠴᠠ ᠳᠠᠬᠢ ᠰᠣᠳᠣᠨ ᠠᠭᠤᠯᠭ᠎ᠠ ᠶᠢ ᠬᠤᠷᠢᠶᠠᠩᠭᠤᠶᠢᠯᠠᠵᠤ᠂ ᠲᠥᠪ ᠶᠡᠬᠡᠮᠰᠦᠭ᠂ ᠵᠠᠩ ᠰᠤᠷᠲᠠᠯ ᠨᠢ ᠡᠷᠬᠢᠮ᠂ ᠵᠣᠯ ᠵᠢᠷᠭᠠᠯ᠂ ᠥᠯᠵᠡᠶ ᠪᠡᠯᠭᠡ ᠲᠠᠢ᠂ ᠪᠠᠶᠠᠷ ᠪᠠᠭ᠋ᠠᠳᠤᠯ ᠤᠨ ᠰᠡᠳᠬᠢᠯᠭᠡ ᠪᠠᠷ  ᠰᠢᠵᠢᠮ ᠪᠤᠯᠭᠠᠨ᠂ ᠤᠤᠯ ᠤᠨ ᠦᠨᠦᠷ ᠠᠮᠲᠠ ᠶᠢᠨ ᠬᠤᠷᠢᠮ ᠤᠨ ᠰᠣᠶᠣᠯ ᠢ ᠢᠯᠡᠷᠡᠭᠦᠯᠵᠦ᠂ ᠡᠯᠪᠡᠭ ᠪᠠᠶᠠᠯᠢᠭ ᠪᠥᠭᠡᠳ ᠭᠦᠨ ᠭᠦᠨᠵᠡᠭᠡᠶ ᠰᠣᠶᠣᠯ ᠤᠨ ᠠᠭᠤᠯᠤᠭᠳᠠᠬᠤᠨ ᠲᠠᠢ ᠪᠣᠯᠤᠭᠰᠠᠨ ᠪᠠᠶᠢᠨ᠎ᠠ᠃    ︽ᠰᠤᠳᠤᠨ ᠲᠠᠭᠤᠤ ᠲᠠᠢ ᠥᠪᠥᠷ ᠮᠣᠩᠭᠤᠯ ᠰᠤᠷᠭᠤᠭ ᠦᠨᠦᠷ ᠲᠠᠢ ᠲᠠᠯ᠎ᠠ ᠨᠤᠳᠤᠭ︾ ᠲᠠᠢ ᠵᠤᠬᠢᠴᠠᠭᠤᠯᠤᠨ ᠰᠣᠶᠣᠯ ᠤᠨ ᠣᠷᠳᠣᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠴᠢᠨᠠᠷᠲᠠᠶ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠶ ᠪᠠᠷ ᠬᠥᠭᠵᠢᠭᠦᠯᠬᠦ ᠶᠢ ᠰᠠᠨᠠᠭᠠᠴᠢᠯᠠᠵᠤ᠂ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠪᠠᠷ ᠬᠠᠷᠠᠯᠲᠠ ᠪᠣᠯᠭᠠᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠦᠷᠭᠦᠯᠵᠢᠯᠡᠨ ᠡᠭᠦᠳᠴᠦ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠤᠨ᠎ᠠ᠃ ᠤᠯᠠᠨ ᠲᠦᠮᠡᠨ ᠤ ᠰᠣᠶᠣᠯ ᠤᠨ ᠦᠢᠯᠡᠰ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠠᠢ ᠤᠶᠠᠯᠳᠤᠭᠤᠯᠵᠤ᠂ ᠦᠨᠳᠦᠰᠦᠲᠡᠨ ᠨᠦᠭᠦᠳ ᠤᠨ ᠰᠣᠶᠣᠯ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠠᠷ ᠪᠡᠯᠡᠬᠡᠨ ᠪᠠᠶᠢᠨ᠎ᠠ᠃
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号