12 ᠰᠠᠷ᠎ᠠ ᠶᠢᠨ 25 ᠤ ᠡᠳᠦᠷ᠂ ᠬᠤᠤᠯᠢᠩᠭᠤᠤᠯ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠤᠳᠠᠭᠠᠨ ᠤ ᠬᠤᠷᠠᠯ | ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠪᠠᠶ ᠬᠤᠸᠠ ᠬᠤᠷᠠᠯ ᠢ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠤᠤ ᠶᠢᠨ ᡁᠢ᠂ ᠯᠢᠦᠶ ᠹᠧᠩ ᠮᠢᠨ᠂ ᠴᠠᠢ ᠭᠦᠸᠧ ᠴᠦᠨ | ᠬᠤᠷᠠᠯ ᠳᠤ ᠣᠷᠣᠯᠴᠠᠵᠠᠶ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠬᠤᠲᠠ ᠶᠢᠨ ᠳᠠᠷᠤᠭ᠎ᠠ ᠶᠢᠨ ᠵᠢᠱᠢᠭᠳᠡᠭᠴᠢ ᠸᠠᠩ ᠮᠢᠶᠣᠣ᠂ ᠬᠤᠲᠠ ᠶᠢᠨ ᠵᠠᠰᠠᠭ ᠤᠨ ᠣᠷᠳᠣᠨ ᠤ | ᠳᠡᠳ᠋ ᠬᠤᠲᠠ ᠶᠢᠨ ᠳᠠᠷᠤᠭ᠎ᠠ ᠰᠦᠨ ᠸᠧᠶ ᠨᠠᠨ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂ | ᠪᠠᠶᠢᠴᠠᠭᠠᠬᠤ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠠ ᠦᠨᠳᠦᠰᠦᠨ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠵᠢᠴᠢ ᠬᠡᠰᠡᠭ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | | ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠣᠳᠣ ᠪᠠᠶᠢᠭ᠎ᠠ ᠪᠦᠷᠢᠯᠳᠦᠬᠦᠨ 28 ᠬᠥᠮᠦᠨ᠂ ᠪᠣᠳᠠᠲᠠᠶ ᠣᠷᠣᠯᠴᠠᠭᠰᠠᠨ ᠨᠢ 24 | ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ | | | | | ᠬᠤᠷᠠᠯ ᠠᠴᠠ 2024 ᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠪᠠ︔ ᠬᠤᠲᠠ ᠶᠢᠨ ᠵᠠᠰᠠᠭ ᠤᠨ ᠣᠷᠳᠣᠨ ᠤ ᠶᠢᠰᠦᠳᠦᠭᠡᠷ ᠬᠤᠭᠤᠴᠠᠭᠠᠨ ᠤ ᠭᠤᠷᠪᠠᠳᠤᠭᠠᠷ ᠤᠳᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ | ᠰᠢᠢᠳᠪᠦᠷᠢᠯᠡᠭᠰᠡᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ᠂ ᠬᠤᠲᠠ ᠶᠢᠨ ᠵᠠᠰᠠᠭ ᠤᠨ ᠣᠷᠳᠣᠨ ᠤ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ | ᠲᠤᠬᠠᠶ ᠮᠡᠳᠡᠭᠦᠯᠦᠯᠲᠡ᠂ ᠬᠤᠲᠠ ᠶᠢᠨ ᠵᠠᠰᠠᠭ ᠤᠨ ᠣᠷᠳᠣᠨ ᠤ ᠤᠯᠤᠰ ᠤᠨ ᠥᠮᠴᠢᠯᠡᠯ ᠤᠨ ᠪᠠᠶᠢᠭᠠᠯᠢ ᠶᠢᠨ ᠡᠬᠢ | ᠪᠠᠶᠠᠯᠢᠭ ᠤᠨ ᠲᠤᠬᠠᠶ ᠲᠤᠰᠬᠠᠶ ᠮᠡᠳᠡᠭᠦᠯᠦᠯᠲᠡ ᠪᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ | ᠣᠨᠴᠠ ᠵᠠᠷᠢᠮ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠰᠣᠨᠣᠰᠴᠤ ᠬᠢᠨᠠᠨ | ᠵᠥᠪᠯᠡᠪᠡ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ | ᠲᠣᠪᠴᠢᠶ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠬᠢᠨᠠᠨ ᠵᠥᠪᠯᠡᠭᠰᠡᠨ ᠪᠥᠭᠡᠳ ᠠᠵᠢᠯ ᠤᠨ ᠦᠨᠡᠯᠡᠯᠲᠡ ᠬᠢᠪᠡ | ᠃ ᠰᠦᠨ ᠸᠧᠶ ᠨᠠᠨ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠤᠯᠤᠰ ᠲᠥᠷᠥ ᠶᠢᠨ ᠲᠣᠭᠠᠨ ᠤ ᠲᠣᠪᠴᠢᠶ᠎ᠠ ᠶᠢᠨ | ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠢᠯᠧᠲ ᠥᠭᠴᠦ ᠰᠢᠯᠭᠠᠨ ᠦᠨᠡᠯᠡᠪᠡ᠃ | ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠪᠠ | ᠪᠤᠰᠤᠳ ᠤᠴᠢᠷ ᠶᠠᠪᠤᠳᠠᠯ ᠢ ᠶᠠᠪᠤᠭᠳᠠᠭᠤᠯᠵᠠᠶ᠃ |