2024 ᠣᠨ ᠳᠤ᠂ ᠮᠠᠨ ᠤ ᠬᠤᠲᠠ ᠵᠢᠯ ᠳᠤ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠤᠭᠰᠠᠨ | ᠬᠥᠮᠦᠨ ᠤ ᠲᠤᠭ᠎ᠠ 2490 ᠪᠣᠯᠵᠣ᠂ ᠣᠨ ᠤ ᠡᠭᠦᠷᠭᠡ ᠶᠢᠨ ᠭᠦᠶ᠋ᠴᠡᠳᠬᠡᠯ ᠲᠤᠭ᠎ᠠ ᠶᠢᠨ 155.63 % ᠶᠢ | ᠪᠡᠶᠡᠯᠡᠭᠦᠯᠪᠡ︔ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠤᠭᠰᠠᠨ ᠬᠥᠮᠦᠨ ᠤ ᠲᠤᠭ᠎ᠠ 366 ᠪᠣᠯᠵᠣ᠂ | 122% ᠢ ᠪᠡᠶᠡᠯᠡᠭᠦᠯᠪᠡ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3. | 53% ᠪᠠᠶᠢᠵᠤ᠂ ᠬᠦᠢᠴᠡᠳᠬᠡᠯ ᠲᠤᠭ᠎ᠠ ᠶᠢᠨ 1.47% ᠠᠴᠠ ᠳᠣᠤᠷ᠎ᠠ ᠪᠣᠯᠪᠠ︔ ᠦᠢᠯᠡᠰ ᠪᠣᠰᠬᠠᠬᠤ | ᠲᠠᠭᠠᠭᠠᠯᠲᠠᠲᠤ ᠵᠢᠭᠡᠯᠡᠯᠭᠡ ᠶᠢ ᠨᠡᠶᠢᠲᠡ 239 ᠲᠦᠮᠡᠨ ᠲᠥᠭᠦᠷᠢᠭ ᠲᠠᠯᠪᠢᠵᠤ᠂ ᠪᠣᠯᠪᠠᠰᠤᠷᠠᠭᠤᠯᠤᠯ ᠤᠨ | ᠪᠠᠶᠢᠭᠤᠯᠤᠮᠵᠢ ᠳᠤ ᠨᠡᠶᠢᠲᠡ 239 ᠲᠦᠮᠡᠨ ᠲᠥᠭᠦᠷᠢᠭ ᠤᠨ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ | ᠨᠥᠬᠦᠪᠥᠷᠢ ᠪᠠ ᠦᠢᠯᠡᠰ ᠪᠣᠰᠬᠠᠬᠤ ᠪᠣᠯᠪᠠᠰᠤᠷᠠᠭᠤᠯᠤᠯ ᠤᠨ ᠨᠥᠬᠦᠪᠥᠷᠢ ᠣᠯᠭᠤᠵᠤ᠂ ᠠᠵᠢᠯᠯᠠᠵᠤ ᠪᠠᠶᠢᠭ᠎ᠠ ᠠᠵᠢᠯᠲᠠᠨ | ᠠᠵᠢᠯᠴᠢᠨ ᠳᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ ᠣᠯᠭᠤᠪᠠ᠃ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ 84.77 ᠲᠦᠮᠡᠨ ᠲᠥᠭᠦᠷᠢᠭ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠶᠢᠨ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ 46.42 ᠲᠦᠮᠡᠨ ᠲᠥᠭᠦᠷᠢᠭ | ᠲᠠᠷᠬᠠᠭᠠᠵᠤ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷᠠᠴᠤᠳ ᠤᠨ ᠨᠥᠬᠦᠪᠥᠷᠢ 82.64 | ᠲᠦᠮᠡᠨ ᠲᠥᠭᠦᠷᠢᠭ ᠲᠠᠷᠬᠠᠭᠠᠪᠠ᠃ | | | | | | | - ︽ᠬᠤᠤᠯᠢᠩᠭᠤᠤᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ 2024 ᠣᠨ ᠤ ᠠᠵᠢᠯ ᠤᠨ ᠳ᠋ᠦᠩᠨᠡᠯᠲᠡ ᠵᠢᠴᠢ 2025 ᠣᠨ ᠤ ᠠᠵᠢᠯ ᠤᠨ ᠲᠥᠯᠥᠪᠯᠡᠭᠡ︾ | ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠨᠢᠭᠡ ᠲᠠᠯ᠎ᠠ ᠨᠢ ᠠᠵᠤ | ᠠᠬᠤᠶ ᠶᠢᠨ ᠬᠥᠭᠵᠢᠯᠲᠡ ᠲᠠᠢ ᠬᠤᠯᠪᠣᠯᠳᠤᠵᠤ᠂ ᠨᠥᠭᠦᠭᠡ ᠲᠠᠯ᠎ᠠ ᠨᠢ ᠲᠦᠭ ᠲᠦᠮᠡᠨ ᠡᠷᠦᠬᠡ ᠲᠠᠢ ᠬᠤᠯᠪᠣᠭᠳᠠᠵᠤ | ᠪᠠᠶᠢᠳᠠᠭ᠃ 2024 ᠣᠨ ᠳᠤ᠂ ᠮᠠᠨ ᠤ ᠬᠤᠲᠠ ᠦᠢᠯᠡᠴᠢᠯᠡᠭᠡᠨ ᠤ ᠨᠠᠷᠢᠯᠢᠭᠴᠠ ᠪᠠᠨ ᠲᠠᠰᠤᠷᠠᠯᠲᠠ ᠥᠬᠡᠶ | ᠴᠢᠩᠭᠠᠳᠬᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ | ᠬᠤᠷᠢᠭ᠎ᠠ ᠱᠤᠭᠤᠮ ᠢ ᠪᠠᠲᠤ ᠰᠠᠬᠢᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯᠲᠠᠨ ᠡᠯᠰᠡᠬᠦ ᠶᠢ | ᠵᠣᠯᠭᠠᠭᠤᠯᠬᠤ᠂ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠣᠯᠠᠨ ᠲᠦᠮᠡᠨ ᠤ | ᠠᠵᠢᠯ ᠣᠯᠭᠤᠯᠲᠠ ᠶᠢ ᠠᠬᠢᠭᠤᠯᠬᠤ ᠡᠭᠦᠳᠡ ᠲᠠᠢ᠂ ᠠᠳᠠᠯ ᠦᠢᠯᠡᠰ ᠴᠣᠭᠴᠠᠯᠠᠬᠤ ᠳᠤ ᠵᠠᠮ ᠲᠠᠢ᠂ ᠵᠣᠯ ᠵᠢᠷᠭᠠᠯᠲᠤ | ᠠᠮᠢᠳᠤᠷᠠᠯ ᠳᠤ ᠬᠦᠰᠡᠯ ᠡᠷᠡᠮᠡᠯᠵᠡᠯ ᠲᠠᠢ ᠪᠣᠯᠭᠠᠪᠠ᠃ | ︽ᠪᠦᠷᠢᠨ ᠭᠦᠢᠴᠡᠳ ᠦᠢᠯᠡᠴᠢᠯᠡᠬᠦ᠂ ᠪᠣᠳᠠᠲᠠᠢ ᠶᠢ ᠡᠷᠬᠢᠮᠯᠡᠬᠦ ᠬᠦᠯᠢᠴᠡᠩᠭᠦᠢ ᠪᠣᠯᠪᠠᠰᠤᠷᠠᠯ︾ ᠢ ᠪᠢ ᠤᠷ᠎ᠠ | ᠴᠢᠳᠠᠪᠤᠷᠢ ᠶᠢ ᠦᠨᠡᠨ ᠬᠦ ᠰᠤᠷᠪᠠ᠃ ᠡᠨᠡ ᠤᠳᠠᠭᠠᠨ ᠤ ᠪᠣᠯᠪᠠᠰᠤᠷᠠᠯ ᠢᠶᠠᠷ ᠳᠠᠮᠵᠢᠨ᠂ ᠪᠢ ᠠᠰᠠᠷᠠᠨ ᠬᠥᠮᠦᠵᠢᠭᠦᠯᠬᠦ | ᠪᠠᠭᠰᠢ ᠶᠢᠨ ᠦᠨᠡᠮᠯᠡᠯ ᠣᠯᠣᠭᠰᠠᠨ ᠢᠶᠠᠷ ᠪᠠᠷᠠᠬᠤ ᠦᠭᠡᠢ᠂ ᠪᠠᠰᠠ ᠬᠤᠩ ᠢᠦᠶ ᠬᠡᠤᠬᠡᠳ ᠤᠨ ᠴᠡᠴᠡᠷᠯᠢᠭ ᠲᠤ | ᠤᠷᠤᠭᠰᠢᠲᠠᠶ ᠪᠠᠷ ᠤᠷᠢᠭᠳᠠᠨ ᠠᠵᠢᠯᠯᠠᠪᠠ᠃︾ 2024 ᠣᠨ ᠤ 1 ᠳ᠋ᠤᠭᠡᠷ ᠬᠤᠭᠤᠴᠠᠭᠠᠨ ᠤ ᠠᠰᠠᠷᠠᠨ | ᠬᠥᠮᠦᠵᠢᠭᠦᠯᠬᠦ ᠪᠠᠭᠰᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠳᠤ | ᠣᠷᠣᠯᠴᠠᠭᠰᠠᠨ ᠰᠣᠷᠣᠭᠴᠢ ᠰᠢᠶᠧ ᠯᠢ ᠨᠠ ᠬᠡᠯᠡᠪᠡ᠃ | | | |
| ᠠᠵᠢᠯ ᠣᠯᠬᠤ ᠳᠤ ᠵᠣᠪᠠᠭ᠋ᠤ ᠦᠭᠡᠶ ᠮᠠᠨ ᠤ ᠬᠤᠲᠠ ᠠᠵᠤ ᠦᠢᠯᠡᠰ ᠤᠨ ᠬᠥᠭᠵᠢᠯᠲᠡ ᠪᠠ ᠠᠵᠢᠯ ᠤᠨ
| ᠪᠠᠶᠢᠷᠢ ᠶᠢᠨ ᠬᠡᠷᠡᠭᠴᠡᠭᠡ ᠵᠢᠴᠢ ᠬᠥᠳᠡᠯᠮᠦᠷᠢᠴᠢᠳ ᠤᠨ ᠬᠦᠰᠡᠯ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠡᠯ᠎ᠡ
| ᠲᠥᠷᠥᠯ ᠤᠨ ᠬᠠᠮᠲᠤᠯᠢᠭ ᠢ ᠲᠥᠷᠥᠯ ᠬᠤᠪᠢᠶᠠᠨ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ
| ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠯᠠᠪᠳᠠᠭᠤᠨ ᠪᠠᠲᠤᠲᠠᠶ ᠥᠷᠨᠢᠭᠦᠯᠵᠦ᠂ ᠣᠯᠠᠨ ᠲᠦᠮᠡᠨ ᠢ
| ᠬᠠᠪᠰᠤᠷᠤᠨ ᠠᠵᠢᠯ ᠤᠯᠬᠤ ᠦᠵᠡᠯᠲᠡ ᠶᠢ ᠨᠢ ᠬᠤᠪᠢᠷᠠᠭᠤᠯᠵᠤ᠂ ︽ᠮᠡᠷᠭᠡᠵᠢᠯ︾ ᠢᠶᠠᠷ ᠠᠷᠭ᠎ᠠ ᠵᠠᠮ ᠢ
| ᠰᠦᠪᠡᠭᠴᠢᠯᠡᠵᠦ᠂ ᠨᠠᠩ ᠣᠯᠠᠨ ᠣᠯᠠᠨ ᠲᠦᠮᠡᠨ ᠤ ᠠᠵᠢᠯ ᠣᠯᠭᠤᠯᠲᠠ ᠶᠢ ︽ᠮᠡᠷᠭᠡᠵᠢᠯ︾ ᠲᠠᠢ ᠪᠣᠯᠭᠠᠵᠤ᠂
| ᠪᠠᠶᠠᠵᠢᠭᠤᠯᠬᠤ ᠳᠤ ︽ᠵᠠᠮ︾ ᠲᠠᠢ ᠪᠣᠯᠭᠠᠪᠠ᠃ ᠵᠢᠯ ᠤᠨ ᠳᠣᠲᠣᠷ᠎ᠠ ᠨᠥᠬᠦᠪᠥᠷᠢ ᠶᠢᠨ ᠴᠢᠨᠠᠷᠲᠠᠶ ᠠᠵᠢᠯ
| ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 9 ᠬᠤᠭᠤᠴᠠᠭ᠎ᠠ ᠥᠷᠨᠢᠭᠦᠯᠵᠦ᠂ ᠰᠦᠯᠵᠢᠶᠡᠨ ᠤ ᠠᠳᠠᠯ
| ᠦᠢᠯᠡᠰ ᠴᠣᠭᠴᠠᠯᠠᠬᠤ ᠪᠣᠯᠪᠠᠰᠤᠷᠠᠯ ᠤᠨ ᠠᠩᠭᠢ ᠶᠢ 2 ᠬᠤᠭᠤᠴᠠᠭ᠎ᠠ ᠥᠷᠨᠢᠭᠦᠯᠵᠦ᠂ ᠪᠣᠯᠪᠠᠰᠤᠷᠠᠭᠤᠯᠤᠯ ᠤᠨ
| ᠪᠠᠶᠢᠭᠤᠯᠤᠮᠵᠢ ᠳᠤ ᠠᠵᠢᠯ ᠣᠯᠭᠤᠯᠲᠠ ᠶᠢᠨ ᠮᠡᠷᠭᠡᠵᠢᠯ ᠴᠢᠳᠠᠪᠤᠷᠢ ᠶᠢᠨ ᠨᠥᠬᠦᠪᠥᠷᠢ ᠪᠠ ᠠᠳᠠᠯ ᠦᠢᠯᠡᠰ ᠴᠣᠭᠴᠠᠯᠠᠬᠤ
| ᠪᠣᠯᠪᠠᠰᠤᠷᠠᠭᠤᠯᠤᠯ ᠤᠨ ᠨᠥᠬᠦᠪᠥᠷᠢ ᠶᠢ 30.43 ᠲᠦᠮᠡᠨ ᠲᠥᠭᠦᠷᠢᠭ ᠲᠠᠷᠬᠠᠭᠠᠪᠠ︔ ᠠᠵᠢᠯᠯᠠᠵᠤ ᠪᠠᠶᠢᠭ᠎ᠠ
| ᠠᠵᠢᠯᠲᠠᠨ ᠠᠵᠢᠯᠴᠢᠨ ᠳᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ 56.05 ᠲᠦᠮᠡᠨ ᠲᠥᠭᠦᠷᠢᠭ
| ᠲᠠᠷᠬᠠᠭᠠᠪᠠ᠃
|
|
| |
| ᠦᠢᠯᠡᠰ ᠪᠣᠰᠬᠠᠭᠴᠢᠳ ᠲᠤ ᠡᠬᠢ ᠪᠠᠶᠠᠯᠢᠭ ᠪᠠ ᠪᠡᠯᠡ ᠮᠥᠩᠭᠦ ᠶᠢᠨ ᠲᠠᠯ᠎ᠠ ᠪᠠᠷ ᠭᠦᠢᠴᠡᠳ ᠳᠡᠮᠵᠢᠯᠭᠡ
| ᠦᠵᠡᠭᠦᠯᠬᠦ ᠶᠢᠨ ᠲᠥᠯᠥᠭᠡ᠂ ᠮᠠᠨ ᠤ ᠬᠤᠲᠠ ︽ᠨᠢᠭᠡ ᠬᠡᠯᠬᠢᠶ᠎ᠡ ᠮᠠᠶ᠋ᠢᠭ︾ ᠤᠨ ᠦᠢᠯᠡᠴᠢᠯᠡᠭᠡ ᠪᠠᠷ ᠳᠠᠮᠵᠢᠭᠤᠯᠤᠨ᠂
| ᠲᠥᠷᠥ ᠶᠢᠨ ᠪᠣᠳᠣᠯᠭ᠎ᠠ᠂ ᠡᠬᠢ ᠪᠠᠶᠠᠯᠢᠭ ᠢ ᠲᠥᠪᠯᠡᠷᠡᠭᠦᠯᠬᠦ᠂ ᠦᠢᠯᠡᠴᠢᠯᠡᠭᠡ ᠵᠡᠷᠭᠡ ᠠᠯᠢ ᠣᠯᠠᠨ ᠳᠠᠪᠠᠭᠤᠯᠢᠭ ᠢ
| ᠨᠢᠭᠡ ᠴᠣᠭᠴᠠᠵᠢᠭᠤᠯᠤᠭᠰᠠᠨ ᠣᠯᠠᠨ ᠨᠡᠶᠢᠲᠡ ᠶᠢᠨ ᠠᠵᠢᠯ ᠣᠯᠵᠤ ᠦᠢᠯᠡᠰ ᠪᠣᠰᠬᠠᠬᠤ ᠦᠢᠯᠡᠴᠢᠯᠡᠭᠡᠨ ᠤ
| ᠲᠠᠪᠴᠠᠩ ᠢ ᠬᠦᠴᠦᠯᠡᠨ ᠪᠠᠶᠢᠭᠤᠯᠵᠤ᠂ ᠰᠢᠨ᠎ᠡ ᠶᠢ ᠡᠭᠦᠳᠴᠦ ᠦᠢᠯᠡᠰ ᠪᠣᠰᠬᠠᠭᠴᠢᠳ ᠲᠤ ︽ᠮᠠᠲ᠋ᠧᠷᠢᠶᠠᠯ ᠥᠭᠬᠦ︾᠂
| ︽ᠪᠣᠷᠳᠣᠭᠤᠷ ᠨᠡᠮᠡᠬᠦ︾ ᠶᠢ ᠬᠦᠴᠦᠯᠡᠨ ᠪᠣᠶ ᠪᠣᠯᠭᠠᠪᠠ᠃ 2024 ᠣᠨ ᠳᠤ ᠦᠢᠯᠡᠰ ᠴᠣᠭᠴᠠᠯᠠᠬᠤ
| ᠲᠠᠭᠠᠭᠠᠯᠳᠠᠳᠤ ᠵᠢᠭᠡᠯᠡᠯᠭᠡ ᠶᠢ ᠨᠡᠶᠢᠲᠡ 13 ᠬᠤᠪᠢ᠂ 287 ᠲᠦᠮᠡᠨ ᠲᠥᠭᠦᠷᠢᠭ ᠲᠠᠯᠪᠢᠵᠤ᠂ 985 ᠬᠥᠮᠦᠨ ᠳᠤ
| ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ 639.76 ᠲᠦᠮᠡᠨ ᠲᠥᠭᠦᠷᠢᠭ
| ᠲᠠᠷᠬᠠᠭᠠᠪᠠ᠃ ᠡᠭᠦᠨ ᠠᠴᠠ ᠭᠠᠳᠠᠨ᠎ᠠ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ
| ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠢᠯ ᠤᠨ ᠪᠠᠶᠢᠷᠢ ᠶᠢ
| ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ ᠶᠢ ︽ᠭᠤᠶᠤᠴᠢᠯᠠᠨ ᠠᠪᠬᠤ ᠥᠬᠡᠶ ᠪᠠᠷ ᠭᠥᠷᠳᠡᠬᠦ︾ ᠶᠢ
| ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ︽ᠬᠦᠴᠢᠯᠲᠥ᠋ᠷᠥᠭᠴᠢ ᠬᠠᠩᠭᠠᠬᠤ︾ ︽ᠴᠢᠰᠤ ᠶᠡᠭᠦᠯᠡᠬᠦ︾ ᠶᠢ
| ᠨᠠᠶᠢᠳᠠᠪᠤᠷᠢᠵᠢᠭᠤᠯᠤᠨ᠎ᠠ᠃ ᠣᠳᠣᠬᠠᠨ ᠪᠣᠯᠲᠠᠯ᠎ᠠ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ
| ᠨᠥᠬᠦᠪᠥᠷᠢ 897.66 ᠲᠦᠮᠡᠨ ᠲᠥᠭᠦᠷᠢᠭ ᠲᠠᠷᠬᠠᠭᠠᠵᠤ᠂ 20308 ᠠᠵᠢᠯᠲᠠᠨ ᠠᠵᠢᠯᠴᠢᠨ ᠳᠤ ᠠᠰᠢᠭ
| ᠬᠦᠷᠲᠡᠭᠡᠪᠡ᠃
| ᠣᠶᠢᠷ᠎ᠠ ᠳᠤ᠂ ᠠᠵᠢᠯ ᠠᠯᠳᠠᠭᠰᠠᠳ ᠹᠧᠩ ᠢᠦᠶ ᠰᠢᠶᠠ ︽ᠠᠷᠠᠳ ᠲᠦᠮᠡᠨ ᠤ ᠲᠥᠯᠥᠭᠡ ᠰᠠᠨᠠᠭᠠᠰᠢᠷᠠᠵᠤ᠂
| ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ︾ ᠬᠡᠮᠡᠷᠯᠢᠭ ᠲᠤᠭ ᠪᠢᠴᠢᠵᠦ᠂ ᠲᠤᠰᠬᠠᠶᠢᠯᠠᠨ ᠬᠥᠮᠦᠨ ᠤ
| ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠤ ᠲᠠᠯᠠᠷᠬᠠᠵᠤ ᠪᠠᠶᠢᠬᠤ ᠪᠠᠨ
| ᠢᠯᠡᠳᠬᠡᠪᠡ᠃
|
|
|