ᠮᠠᠨ ᠤ ᠬᠤᠲᠠ ᠠᠵᠢᠯ ᠣᠯᠭᠤᠯᠲᠠ ᠶᠢᠨ ᠬᠦᠴᠢᠷᠳᠡᠯᠲᠡᠶ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠦᠨ ᠠᠵᠢᠯ ᠣᠯᠭᠤᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠪᠠ
ᠨᠡᠶᠢᠲᠡᠯᠡᠭᠰᠡᠨ ᠴᠠᠭ᠄
2024/12/27
   ᠡᠨᠡ ᠵᠢᠯ ᠠᠴᠠ ᠨᠠᠰᠢ᠂ ᠮᠠᠨ ᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠬᠦᠴᠢᠷᠳᠡᠯᠲᠡᠶ ᠬᠥᠮᠦᠰ ᠲᠤ ᠠᠵᠢᠯ ᠣᠯᠭᠤᠵᠣ ᠬᠠᠪᠰᠤᠷᠤᠨ ᠲᠡᠳᠬᠦᠬᠦ ᠶᠢ ᠴᠢᠩᠭᠠᠳᠬᠠᠵᠤ ᠂ ᠨᠠᠰᠤ ᠠᠬᠢᠭᠰᠠᠨ᠂ ᠵᠡᠮᠳᠡᠭ᠂ ᠣᠷᠳᠣ ᠬᠤᠭᠤᠴᠠᠭ᠎ᠠ ᠪᠠᠷ ᠠᠵᠢᠯ ᠠᠯᠳᠠᠭᠰᠠᠨ ᠵᠡᠷᠭᠡ ᠠᠵᠢᠯ ᠣᠯᠬᠤ ᠳᠤ ᠬᠦᠴᠢᠷᠲᠡᠶ ᠬᠥᠮᠦᠰ ᠲᠤ ︽ᠨᠠᠷᠢᠯᠢᠭ ᠣᠨᠣᠴᠠᠲᠠᠶ ᠪᠠᠷ ᠢᠯᠭᠠᠨ ᠲᠠᠨᠢᠬᠤ᠂ ᠨᠠᠷᠢᠯᠢᠭ ᠣᠨᠣᠴᠠᠲᠠᠶ ᠪᠠᠷ ᠦᠢᠯᠡᠴᠢᠯᠡᠬᠦ᠂ ᠨᠠᠷᠢᠯᠢᠭ ᠣᠨᠣᠴᠠᠲᠠᠶ ᠪᠠᠷ ᠬᠠᠮᠢᠶᠠᠷᠬᠤ︾ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠭᠤᠤᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠭᠰᠠᠨ ᠪᠠᠶᠢᠨ᠎ᠠ᠃ ᠣᠳᠣᠬᠠᠨ ᠳᠤ ᠪᠦᠬᠦ ᠬᠤᠲᠠ ᠶᠢᠨ ᠬᠤᠲᠠ ᠪᠠᠯᠭᠠᠰᠤᠨ ᠳᠤ 2605 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ 627 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 323 ᠬᠥᠮᠦᠨ ᠳᠤ ᠠᠵᠢᠯ ᠣᠯᠭᠤᠵᠤ᠂ ᠲᠣᠰ ᠲᠣᠰ ᠬᠠᠷᠠᠯᠲᠠ ᠡᠭᠦᠷᠭᠡ ᠶᠢᠨ 162.81%᠂ 209 %᠂ 107.67 % ᠶᠢ ᠪᠡᠶᠡᠯᠡᠭᠦᠯᠪᠡ᠃

   ᠠᠵᠢᠯ ᠠᠯᠳᠠᠭᠰᠠᠳ ᠲᠤ ᠠᠩᠬᠠᠷᠤᠯ ᠢᠶᠠᠨ ᠲᠥᠪᠯᠡᠷᠡᠭᠦᠯᠵᠦ᠂ ︽ᠴᠠᠭ ᠤᠨ ᠬᠤᠷ᠎ᠠ︾ ᠶᠢ ᠬᠦᠷᠭᠡᠪᠡ᠃ ᠨᠠᠰᠤ

ᠠᠬᠢᠭᠰᠠᠨ ᠠᠵᠢᠯ ᠠᠯᠳᠠᠭᠰᠠᠳ ᠤᠨ ᠣᠨᠴᠠᠯᠢᠭ ᠲᠤ ᠴᠢᠭᠯᠡᠭᠦᠯᠦᠨ᠂ ᠨᠡᠶᠢᠭᠡᠮ ᠲᠣᠭᠤᠷᠢᠭ ᠢᠶᠠᠷ ︽ᠲᠡᠩᠭᠡᠯᠢᠭ ᠤᠨ

ᠲᠥᠪ︾ ᠪᠣᠯᠭᠠᠵᠤ᠂ ︽ᠡᠭᠦᠳᠡ ᠲᠣᠭᠰᠢᠬᠤ ᠠᠵᠢᠯᠯᠠᠭ᠎ᠠ︾ ᠶᠢ ᠥᠷᠨᠢᠭᠦᠯᠵᠦ᠂ ᠡᠷᠦᠬᠡ ᠳᠤ ᠬᠦᠷᠴᠦ ᠠᠵᠢᠯ

ᠠᠯᠳᠠᠭᠰᠠᠳ ᠤᠨ ᠰᠠᠭᠤᠷᠢ ᠲᠤᠭ᠎ᠠ᠂ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶ

ᠣᠶᠢᠯᠠᠭᠠᠵᠤ᠂ ᠦᠨᠡᠨ ᠨᠡᠷ᠎ᠡ ᠶᠢᠨ ᠲᠦᠷᠢᠮ ᠤᠨ ᠬᠠᠪᠰᠤᠷᠤᠨ ᠲᠡᠳᠬᠦᠬᠦ ᠡᠬᠡ ᠲᠠᠩᠰᠠ ᠶᠢ ᠪᠠᠶᠢᠭᠤᠯᠵᠤ᠂ ᠠᠳᠠᠯᠢ

ᠪᠤᠰᠤ ᠬᠡᠷᠡᠭᠴᠡᠭᠡ ᠶᠢᠨ ᠲᠣᠭᠤᠷᠢᠨ ᠳᠤ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠱᠠᠲᠤ ᠬᠤᠪᠢᠶᠠᠨ

ᠦᠢᠯᠡᠴᠢᠯᠡᠬᠦ ᠶᠢ ᠬᠡᠷᠡᠭᠵᠢᠭᠦᠯᠦᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠠᠵᠢᠯ ᠣᠯᠭᠤᠯᠲᠠ ᠶᠢᠨ

ᠵᠢᠯᠣᠭᠤᠳᠣᠯᠭ᠎ᠠ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠪᠠ ᠠᠵᠢᠯ ᠤᠨ ᠪᠠᠶᠢᠷᠢ ᠲᠠᠨᠢᠯᠴᠠᠭᠤᠯᠬᠤ ᠵᠡᠷᠭᠡ ᠶᠢ

ᠪᠠᠭᠲᠠᠭᠠᠭᠰᠠᠨ ᠪᠥᠬᠦ ᠲᠠᠯ᠎ᠠ ᠶᠢᠨ ᠦᠢᠯᠡᠴᠢᠯᠡᠭᠡ ᠶᠢ ᠪᠠᠭᠲᠠᠭᠠᠨ᠎ᠠ᠃ ᠠᠵᠢᠯ ᠣᠯᠬᠤ ᠬᠦᠰᠡᠯ ᠲᠠᠢ ᠬᠥᠮᠥᠰ ᠲᠤ ︽

ᠨᠢᠭᠡ ᠬᠥᠮᠥᠨ ᠳᠤ ᠨᠢᠭᠡ ᠳᠠᠩᠰᠠ ᠡᠪᠬᠡᠮᠡᠯ ᠲᠠᠢ ᠪᠠᠶᠢᠬᠤ︾᠂ ︽ᠨᠢᠭᠡ ᠬᠥᠮᠥᠨ ᠳᠤ ᠨᠢᠭᠡ ᠲᠥᠷᠥ ᠶᠢᠨ ᠪᠣᠳᠣᠯᠭ᠎ᠠ

ᠬᠡᠷᠡᠭᠵᠢᠭᠦᠯᠬᠦ︾ ᠪᠠ ᠳᠠᠭᠠᠵᠤ ᠣᠷᠣᠬᠤ ᠮᠠᠶ᠋ᠢᠭ ᠤᠨ᠂ ᠲᠣᠭᠲᠠᠭᠰᠠᠨ ᠮᠠᠶ᠋ᠢᠭ ᠤᠨ ᠬᠥᠳᠡᠯᠦᠩᠭᠦᠶ ᠬᠠᠮᠢᠶᠠᠷᠤᠯᠲᠠ ᠶᠢ

ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠨᠠᠰᠤ ᠠᠬᠢᠭᠰᠠᠨ ᠠᠵᠢᠯ

ᠠᠯᠳᠠᠭᠰᠠᠳ ᠲᠤ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠪᠠ ᠨᠡᠶᠢᠲᠡ ᠶᠢᠨ

ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠲᠥᠪᠬᠢᠨᠡᠭᠦᠯᠬᠦ ᠬᠡᠷᠡᠭᠲᠡᠢ᠃ ᠣᠳᠣᠬᠠᠨ ᠪᠣᠯᠲᠠᠯ᠎ᠠ᠂ ᠮᠠᠨ ᠤ

ᠬᠤᠲᠠ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ 53 ᠬᠥᠮᠦᠨ ᠢ ᠲᠥᠪᠬᠢᠨᠡᠭᠦᠯᠵᠦ᠂

85.04 ᠲᠦᠮᠡᠨ ᠲᠥᠭᠦᠷᠢᠭ ᠤᠨ ᠨᠥᠬᠦᠪᠥᠷᠢ ᠣᠯᠭᠤᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号