2025 ᠣᠨ ᠤ ᠬᠢᠨᠠᠯᠲᠠ ᠲᠠᠯᠪᠢᠬᠤ ᠰᠠᠨᠠᠭᠤᠯᠭ᠎ᠠ ᠶᠢᠨ ᠵᠥᠪᠯᠡᠬᠦ ᠰᠡᠳᠦᠪ ᠢ ᠨᠡᠶᠢᠭᠡᠮ ᠨᠡᠶᠢᠲᠡ ᠠᠴᠠ ᠢᠯᠡ ᠪᠠᠷ ᠴᠤᠭᠯᠠᠭᠤᠯᠬᠤ ᠲᠤᠬᠠᠶ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ
ᠨᠡᠶᠢᠲᠡᠯᠡᠭᠰᠡᠨ ᠴᠠᠭ᠄
2024/12/3
    ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠭᠦᠨᠵᠡᠭᠡᠢ ᠦᠢᠯᠡᠳᠦᠯᠭᠡᠵᠢᠭᠦᠯᠵᠦ᠂ ᠠᠷᠠᠳ ᠢᠷᠭᠡᠳ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ ᠠᠷᠠᠳ ᠢᠷᠭᠡᠳ ᠤᠨ ᠬᠤᠤᠯᠢᠩᠭᠤᠤᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠳᠤ ᠡᠮᠬᠢ ᠵᠢᠷᠤᠮ ᠲᠠᠢ ᠣᠷᠣᠯᠴᠠᠬᠤ ᠶᠢ ᠤᠯᠠᠮ ᠨᠢᠭᠡ ᠠᠯᠬᠤᠮ ᠥᠷᠭᠡᠳᠬᠡᠵᠦ᠂ ᠬᠢᠨᠠᠯᠲᠠ ᠲᠠᠯᠪᠢᠬᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠠᠷᠠᠳᠴᠢᠯᠠᠯ ᠤᠨ ᠴᠢᠨᠠᠷ᠂ ᠬᠠᠨᠳᠤᠯᠭᠠᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠲᠠᠯᠪᠢᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠣᠲᠣ ᠨᠡᠶᠢᠭᠡᠮ ᠳᠤ ᠬᠠᠨᠳᠤᠭᠤᠯᠤᠨ 2025 ᠣᠨ ᠤ ᠬᠢᠨᠠᠯᠲᠠ ᠲᠠᠯᠪᠢᠬᠤ ᠠᠵᠢᠯ ᠤᠨ ᠰᠠᠨᠠᠭᠤᠯᠭ᠎ᠠ ᠵᠥᠪᠯᠡᠬᠦ ᠰᠡᠳᠦᠪ ᠢ ᠢᠯᠡ ᠪᠠᠷ ᠴᠤᠭᠯᠠᠭᠤᠯᠪᠠ᠃ ᠪᠣᠳᠠᠲᠠᠶ ᠤᠴᠢᠷ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠰᠠᠨᠠᠭᠤᠯᠭ᠎ᠠ ᠶᠢᠨ ᠵᠥᠪᠯᠡᠬᠦ ᠰᠡᠳᠦᠪ ᠨᠢ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠪᠠ ᠬᠤᠤᠯᠢᠩᠭᠤᠤᠯ ᠬᠤᠲᠠ ᠶᠢᠨ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠦᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠪᠥᠬᠦ ᠬᠤᠲᠠ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠪᠠ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ᠂ ᠨᠡᠶᠢᠭᠡᠮ ᠨᠡᠶᠢᠲᠡ ᠪᠠᠷ ᠢᠶᠠᠨ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠲᠡᠯᠢᠭ ᠴᠢᠨᠠᠷ ᠪᠠ ᠲᠦᠭᠡᠮᠡᠯ ᠴᠢᠨᠠᠷ ᠲᠠᠢ ᠬᠤᠤᠯᠢᠩᠭᠤᠤᠯ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠳᠤᠷᠠᠳᠬᠤ ᠬᠡᠷᠡᠭᠲᠡᠢ᠃    ᠬᠤᠶᠠᠷ᠂ ᠰᠠᠨᠠᠭᠤᠯᠭ᠎ᠠ ᠶᠢᠨ ᠵᠥᠪᠯᠡᠬᠦ ᠵᠦᠢᠯ ᠳᠤ ᠭᠤᠤᠯᠳᠠᠭᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠬᠤᠤᠯᠢᠩᠭᠤᠤᠯ ᠬᠤᠲᠠ ᠶᠢᠨ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠶᠢᠨ ᠲᠤᠰᠬᠠᠶ ᠠᠵᠢᠯ ᠤᠨ ᠮᠡᠳᠡᠭᠦᠯᠦᠯᠲᠡ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠪᠤᠰᠤᠳ ᠬᠢᠨᠠᠯᠲᠠ ᠲᠠᠯᠪᠢᠬᠤ ᠵᠦᠢᠯᠡᠰ ᠢ ᠰᠣᠨᠣᠰᠴᠤ ᠬᠢᠨᠠᠨ ᠵᠦᠪᠯᠡᠨ᠎ᠡ᠃    ᠭᠤᠷᠪᠠ᠂ ᠰᠠᠨᠠᠭᠤᠯᠭ᠎ᠠ ᠶᠢᠨ ᠵᠥᠪᠯᠡᠬᠦ ᠵᠦᠢᠯ ᠳᠤ ᠵᠥᠪᠯᠡᠬᠦ ᠰᠡᠳᠦᠪ ᠤᠨ ᠨᠡᠷᠡᠶᠢᠳᠦᠯ᠂ ᠬᠢᠨᠠᠯᠲᠠ ᠲᠠᠯᠪᠢᠬᠤ ᠠᠵᠢᠯ ᠥᠷᠨᠢᠭᠦᠯᠬᠦ ᠶᠢᠨ ᠴᠢᠬᠤᠯᠠ ᠴᠢᠨᠠᠷ᠂ ᠪᠣᠯᠤᠮᠵᠢᠲᠤ ᠴᠢᠨᠠᠷ᠂ ᠵᠢᠴᠢ ᠰᠢᠢᠳᠪᠦᠷᠢᠯᠡᠬᠦ ᠴᠢᠬᠤᠯᠠ ᠲᠠᠢ ᠭᠤᠤᠯ ᠠᠰᠠᠭᠤᠳᠠᠯ ᠵᠡᠷᠭᠡ ᠶᠢ ᠲᠣᠳᠣᠷᠬᠠᠶ ᠪᠢᠴᠢᠬᠦ ᠶᠢᠨ ᠬᠠᠮᠲᠤ᠂ ᠰᠠᠨᠠᠭᠤᠯᠭ᠎ᠠ ᠶᠢᠨ ᠬᠥᠮᠦᠨ ᠤ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠢ ᠲᠣᠳᠣᠷᠬᠠᠶᠢᠯᠠᠬᠤ ᠬᠡᠷᠡᠭᠲᠡᠶ᠃    ᠳᠥᠷᠪᠡ᠂ ᠰᠠᠨᠠᠭᠤᠯᠭ᠎ᠠ ᠶᠢᠨ ᠵᠥᠪᠯᠡᠬᠦ ᠵᠦᠢᠯ ᠢ ᠵᠠᠬᠢᠳᠠᠯ᠂ ᠹᠠᠺᠰ᠂ ᠡᠯᠧᠺᠲᠷᠣᠨ ᠱᠢᠤᠳᠠᠨ ᠵᠦᠢᠯ ᠵᠡᠷᠭᠡ ᠬᠡᠯᠪᠡᠷᠢ ᠪᠠᠷ ᠳᠤᠷᠠᠳᠴᠤ ᠪᠣᠯᠤᠨ᠎ᠠ᠃ 2024 ᠣᠨ ᠤ 12 ᠰᠠᠷ᠎ᠠ ᠶᠢᠨ 15 ᠤ ᠡᠳᠦᠷ ᠪᠣᠯᠲᠠᠯ᠎ᠠ ᠦᠷᠭᠦᠯᠵᠢᠯᠡᠨ᠎ᠡ    ᠵᠠᠬᠢᠳᠠᠯ ᠴᠢᠮᠡᠭᠡ᠄ ᠬᠤᠤᠯᠢᠩᠭᠤᠤᠯ ᠬᠤᠳᠠ ᠶᠢᠨ ᠾᠧ ᠳ᠋ᠦᠩ ᠰᠢᠨ᠎ᠡ ᠲᠤᠭᠤᠷᠢᠭ ᠤᠨ ᠵᠠᠰᠠᠭ ᠵᠠᠬᠢᠷᠭᠠᠨ ᠤ ᠲᠦᠪ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ    ᠰᠢᠤᠳᠠᠨ ᠨᠣᠮᠧᠷ᠄ 029200    ᠢᠮᠧᠯ᠄ hlglrd2021@163.com    ᠬᠠᠷᠢᠯᠴᠠᠬᠤ ᠤᠲᠠᠰᠤ᠄ 0475-7966092    ᠵᠠᠬᠢᠳᠠᠯ ᠤᠨ ᠳᠤᠭᠲᠤᠢ ᠪᠤᠶᠤ ᠢᠮᠡᠯ ᠳᠡᠭᠡᠷ᠎ᠡ ᠬᠢᠨᠠᠯᠲᠠ ᠲᠠᠯᠪᠢᠬᠤ ᠠᠵᠢᠯ ᠤᠨ ᠵᠥᠪᠯᠡᠬᠦ ᠰᠡᠳᠦᠪ ᠤᠨ ᠦᠰᠦᠭ ᠢ ᠲᠣᠳᠣᠷᠬᠠᠢᠢᠯᠠ᠃    ᠣᠨᠴᠠᠭᠠᠶᠢᠯᠠᠨ ᠵᠠᠷᠯᠠᠨ ᠨᠡᠶᠢᠲᠡᠯᠡᠪᠡ᠃            ᠬᠤᠤᠯᠢᠩᠭᠤᠤᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ                  2024 ᠣᠨ ᠤ 12 ᠰᠠᠷ᠎ᠠ ᠶᠢᠨ 2 ᠤᠨ ᠡᠳᠦᠷ
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号