ᠬᠤᠤᠯᠢᠩᠭᠤᠤᠯ ᠬᠤᠲᠠ ᠠᠵᠤ ᠠᠬᠤᠶᠢᠯᠠᠯ ᠢ ᠲᠤᠰᠠᠯᠠᠵᠤ ᠠᠷᠠᠳ ᠲᠤ ᠠᠰᠢᠭ ᠬᠦᠷᠲᠡᠭᠡᠬᠦ ᠠᠵᠢᠯ ᠢ ᠳᠠᠬᠢᠨ ᠰᠠᠶᠢᠲᠤᠷ ᠬᠢᠵᠦ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/12/3
   ᠡᠨᠡ ᠵᠢᠯ ᠠᠴᠠ ᠨᠠᠭᠠᠰᠢ᠂ ᠬᠤᠤᠯᠢᠩᠭᠤᠤᠯ ᠬᠤᠲᠠ ᠴᠢᠨᠠᠷ ᠰᠠᠶᠢᠲᠠᠶ ᠠᠵᠢᠯ ᠣᠯᠭᠤᠯᠲᠠ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠳ ᠤᠨ ᠠᠮᠢᠳᠤᠷᠠᠯ ᠤᠨ ᠦᠨᠳᠦᠰᠦᠨ ᠪᠠᠶᠢᠳᠠᠯ ᠢ ᠣᠨᠣᠪᠴᠢᠲᠠᠶ ᠰᠠᠬᠢᠪᠠ᠃ ᠣᠲᠣ ᠪᠣᠯᠲᠠᠯ᠎ᠠ᠂ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠤᠭᠰᠠᠨ ᠬᠥᠮᠦᠨ ᠤ ᠲᠤᠭ᠎ᠠ 2490 ᠪᠣᠯᠵᠣ᠂ ᠣᠨ ᠤ ᠡᠭᠦᠷᠭᠡ ᠶᠢᠨ ᠭᠦᠢᠴᠡᠳᠬᠡᠯ ᠲᠤᠭ᠎ᠠ 155.36 % ᠶᠢ ᠪᠡᠶᠡᠯᠡᠭᠦᠯᠪᠡ︔ ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠳᠠᠬᠢᠨ ᠠᠵᠢᠯ ᠣᠯᠤᠭᠰᠠᠨ ᠬᠥᠮᠦᠨ ᠤ ᠲᠤᠭ᠎ᠠ 498 ᠪᠠᠶᠢᠵᠤ᠂ ᠣᠨ ᠤ ᠡᠭᠦᠷᠭᠡ ᠶᠢᠨ ᠭᠦᠢᠴᠡᠳᠬᠡᠯ ᠲᠤᠭ᠎ᠠ 191.54 % ᠶᠢ ᠪᠡᠶᠡᠯᠡᠭᠦᠯᠪᠡ︔ ᠠᠵᠢᠯ ᠣᠯᠬᠤ ᠳᠤ ᠬᠦᠴᠢᠷᠲᠡᠶ 323 ᠬᠥᠮᠦᠨ ᠳᠤ ᠳᠠᠬᠢᠨ ᠠᠵᠢᠯ ᠣᠯᠭᠤᠵᠤ᠂ ᠵᠢᠯ ᠤᠨ ᠡᠭᠦᠷᠭᠡ ᠶᠢᠨ ᠭᠦᠢᠴᠡᠳᠬᠡᠯ ᠲᠤᠭ᠎ᠠ 107.67 % ᠶᠢ ᠪᠡᠶᠡᠯᠡᠭᠦᠯᠪᠡ᠃

   ︽ᠭᠤᠶᠤᠴᠢᠯᠠᠬᠤ ᠥᠬᠡᠢ ᠪᠠᠷ ᠡᠳ᠋ᠯᠡᠬᠦ︾ ᠠᠵᠤ ᠠᠬᠤᠢᠯᠠᠯ ᠢ ᠬᠠᠪᠰᠤᠷᠤᠨ ᠬᠦᠴᠢᠷᠳᠡᠯ ᠢ ᠨᠢ  ᠰᠢᠢᠳᠪᠦᠷᠢᠯᠡᠵᠢ

 ᠃ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ

ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠭᠤᠤᠯ ᠱᠤᠭᠤᠮ ᠤᠨ ᠲᠣᠭᠤᠷᠢᠨ ᠳᠤ᠂ ᠠᠵᠤ ᠠᠬᠤᠶᠢᠯᠠᠯ ᠤᠨ

ᠬᠦᠴᠢᠷᠳᠡᠯ ᠢ ᠬᠦᠴᠦᠲᠡᠶ ᠰᠢᠢᠳᠪᠦᠷᠢᠯᠡᠵᠦ᠂ ᠠᠵᠢᠯ ᠠᠯᠳᠠᠯᠲᠠ ᠶᠢᠨ ᠳᠠᠭᠠᠳᠬᠠᠯ ᠤᠨ ᠠᠮᠢᠳᠤᠷᠠᠯ ᠢ ᠪᠠᠲᠤᠯᠠᠬᠤ᠂

ᠠᠵᠢᠯ ᠣᠯᠭᠤᠯᠲᠠ ᠶᠢ ᠰᠡᠷᠭᠡᠶᠢᠯᠡᠬᠦ᠂ ᠠᠵᠢᠯ ᠣᠯᠭᠤᠯᠲᠠ ᠶᠢ ᠠᠬᠢᠭᠤᠯᠬᠤ ᠴᠢᠳᠠᠮᠵᠢ ᠶᠢᠨ ᠦᠢᠯᠡᠳᠦᠯ ᠢ

ᠪᠠᠳᠠᠷᠠᠭᠤᠯᠵᠤ᠂ ᠠᠵᠢᠯ ᠣᠯᠭᠤᠬᠤ ᠪᠠᠭᠲᠠᠭᠠᠮᠵᠢ ᠶᠢ ᠥᠷᠭᠡᠳᠬᠡᠨ᠂ ᠦᠢᠯᠡᠴᠢᠯᠡᠭᠡᠨ ᠤ ᠶᠠᠰᠤ ᠴᠢᠨᠠᠷ ᠢ

ᠳᠡᠭᠡᠭᠰᠢᠯᠡᠭᠦᠯᠵᠦ᠂ ᠭᠠᠷᠲᠠᠨ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠦᠨ᠂ ᠲᠤᠬᠠᠶᠢᠯᠠᠭᠰᠠᠨ ᠠᠵᠢᠯ ᠢ ᠮᠥᠷᠳᠡᠨ

ᠠᠬᠢᠭᠤᠯᠬᠤ᠂ ︽ᠭᠤᠶᠤᠴᠢᠯᠠᠨ ᠠᠪᠬᠤ ᠦᠭᠡᠶ ᠪᠠᠷ ᠭᠥᠷᠳᠡᠬᠦ︾᠂ ︽ᠡᠳ᠋ᠯᠡᠬᠦ ᠶᠣᠰᠣᠲᠠᠶ ᠪᠦᠬᠦᠨ ᠢ ᠡᠳ᠋ᠯᠡᠬᠦ︾᠂ ︽

ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ︾ ᠵᠡᠷᠭᠡ ᠠᠷᠭ᠎ᠠ ᠮᠠᠶ᠋ᠢᠭ ᠢᠶᠠᠷ ᠠᠵᠢᠯ ᠤᠨ ᠪᠠᠶᠢᠷᠢ ᠶᠢ

ᠲᠣᠭᠲᠠᠪᠤᠷᠢᠵᠢᠭᠤᠯᠤᠨ ᠦᠷ᠎ᠡ ᠠᠰᠢᠭ ᠢ ᠬᠠᠷᠢᠭᠤᠯᠵᠤ᠂ ᠲᠣᠮᠣ ᠳ᠋ᠠᠶᠢᠲ᠋ᠠ ᠶᠢᠨ ᠬᠠᠷᠢᠴᠠᠭᠤᠯᠤᠯ ᠢᠶᠠᠷ ᠳᠠᠮᠵᠢᠭᠤᠯᠤᠨ᠂

ᠠᠵᠤ ᠠᠬᠤᠶᠢᠯᠠᠯ ᠤᠨ ᠰᠦᠢᠳᠬᠡᠯ ᠲᠤᠰᠢᠶᠠᠭᠰᠠᠨ ᠮᠡᠳᠡᠭᠡ ᠵᠠᠩᠭᠢ᠂ ᠬᠥᠮᠦᠨ ᠬᠠᠰᠤᠭᠰᠠᠨ ᠪᠠᠶᠢᠳᠠᠯ᠂

ᠢᠲᠡᠭᠡᠮᠵᠢ ᠶᠢᠨ ᠪᠠᠶᠢᠳᠠᠯ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ ᠢ ᠭᠤᠤᠯᠳᠠᠯᠭ᠎ᠠ ᠲᠠᠢ ᠬᠢᠨᠠᠨ

ᠬᠠᠷᠭᠤᠭᠤᠯᠵᠤ᠂ ︽ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠡᠷᠢᠬᠦ︾ ᠶᠢ ︽ᠲᠥᠷᠥ ᠶᠢᠨ ᠪᠣᠳᠣᠯᠭ᠎ᠠ ᠲᠠᠢ

ᠠᠵᠤ ᠠᠬᠤᠶᠢᠯᠠᠯ ᠡᠷᠢᠬᠦ︾ ᠦᠢᠯᠡᠴᠢᠯᠡᠭᠡ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ᠃ ᠣᠳᠣᠬᠠᠨ ᠪᠣᠯᠲᠠᠯ᠎ᠠ᠂

ᠨᠥᠬᠦᠴᠡᠯ ᠳᠤ ᠨᠡᠶᠢᠴᠡᠬᠦ 271 ᠠᠵᠤ ᠠᠬᠤᠶᠢᠯᠠᠯ ᠤᠨ ᠤᠯᠠᠭᠠᠨ ᠠᠰᠢᠭ ᠢ 886.52 ᠲᠦᠮᠡᠨ ᠲᠥᠭᠦᠷᠢᠭ

ᠲᠠᠯᠪᠢᠵᠤ᠂ 19924 ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ᠃

   ᠵᠠᠯᠠᠭᠤᠴᠤᠳ ᠤᠨ ᠠᠵᠢᠯ ᠣᠯᠭᠤᠯᠲᠠ ᠶᠢ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠪᠡ᠃ ᠶᠡᠭᠡ ᠳᠡᠭᠡᠳᠦ

ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠤᠯᠬᠤ ᠵᠠᠩᠭᠢᠯᠠᠭ᠎ᠠ ᠶᠢᠨ ᠬᠤᠭᠤᠴᠠᠭ᠎ᠠ ᠶᠢ ᠠᠳᠬᠤᠵᠤ

᠂ ᠠᠵᠢᠯ ᠡᠷᠢᠭᠰᠡᠳ ᠲᠤ ᠠᠵᠢᠯ ᠣᠯᠭᠤᠬᠤ ᠳᠤ ︽ᠵᠦᠭᠯᠡᠬᠦ︾ ᠦᠢᠯᠡᠴᠢᠯᠡᠭᠡ ᠬᠠᠩᠭᠠᠵᠤ᠂ ᠤᠯᠠᠨ ᠨᠡᠶᠢᠲᠡ ᠶᠢᠨ

ᠠᠵᠢᠯ ᠣᠯᠭᠤᠯᠲᠠ ᠳᠤ ︽ᠥᠴᠦᠬᠡᠨ ᠴᠦ ᠵᠠᠢ ᠦᠭᠡᠢ︾ ᠦᠢᠯᠡᠴᠢᠯᠡᠭᠡ ᠬᠠᠩᠭᠠᠪᠠ᠃ ︽ᠬᠡᠷ ᠤᠨ ᠡᠭᠦᠳᠡᠨ︾ ᠤ

ᠠᠵᠢᠯᠲᠠᠨ ᠤᠷᠢᠵᠤ ᠡᠯᠰᠡᠬᠦ ᠬᠡᠯᠪᠡᠷᠢ ᠪᠠᠷ ᠠᠵᠢᠯᠲᠠᠨ ᠡᠯᠰᠡᠬᠦ ᠠᠵᠢᠯᠯᠠᠭ᠎ᠠ ᠥᠷᠨᠢᠭᠦᠯᠵᠦ᠂ ᠣᠯᠠᠨ ᠡᠰᠢᠲᠦ ᠠᠵᠢᠯᠲᠠᠨ

ᠡᠯᠰᠡᠬᠦ ᠲᠠᠯᠠᠪᠠᠶ ᠶᠢ ᠨᠢᠭᠲᠠ ᠥᠷᠨᠢᠭᠦᠯᠵᠦ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠵᠡᠷᠭᠡᠪᠡᠷ

ᠤᠷᠤᠭᠰᠢᠯᠠᠵᠤ᠂ ︽ᠲᠤᠰᠬᠠᠶ ᠲᠠᠯᠠᠪᠤᠷ ᠤᠨ ᠶᠡᠷᠦᠩᠬᠡᠶᠢᠯᠡᠯ︾ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ

ᠬᠡᠷᠡᠭᠯᠡᠬᠦ ᠬᠡᠯᠪᠡᠷᠢ ᠪᠠᠷ ᠬᠥᠮᠦᠨ ᠪᠠ ᠠᠵᠢᠯ ᠤᠨ ᠪᠠᠶᠢᠷᠢ ᠶᠢᠨ ︽ᠬᠤᠤᠰ ᠴᠢᠭᠯᠡᠯ ᠢᠶᠠᠷ ᠣᠴᠢᠬᠤ︾ ᠶᠢ ᠪᠡᠶᠡᠯᠡᠭᠦᠯᠵᠦ

᠂ ᠣᠲᠣ ᠪᠣᠯᠲᠠᠯ᠎ᠠ ᠠᠵᠢᠯᠲᠠᠨ ᠡᠯᠰᠡᠬᠦ ᠬᠤᠷᠠᠯ ᠢ ᠨᠡᠶᠢᠲᠡ 20 ᠤᠳᠠᠭ᠎ᠠ ᠥᠷᠨᠢᠭᠦᠯᠪᠡ᠃ ᠡᠭᠦᠨ ᠳᠤ᠂ ᠰᠦᠯᠵᠢᠶᠡᠨ

ᠭᠠᠳᠠᠨᠠᠬᠢ ᠠᠵᠢᠯᠲᠠᠨ ᠡᠯᠰᠡᠬᠦ ᠴᠤᠭᠯᠠᠭᠠᠨ 18 ᠲᠠᠯᠠᠪᠤᠷ ᠪᠠᠶᠢᠵᠤ᠂ ᠨᠡᠶᠢᠲᠡ 80 ᠭᠠᠷᠤᠶ ᠠᠵᠤ ᠠᠬᠤᠶᠢᠯᠠᠯ

ᠣᠷᠣᠯᠴᠠᠵᠤ᠂ 7000 ᠭᠠᠷᠤᠶ ᠠᠵᠢᠯ ᠤᠨ ᠪᠠᠶᠢᠷᠢ ᠬᠠᠩᠭᠠᠵᠤ᠂ 6900 ᠭᠠᠷᠤᠶ ᠠᠵᠢᠯ ᠤᠨ ᠪᠠᠶᠢᠷᠢ ᠳᠤ ᠭᠠᠷᠴᠤ

᠂ 1500 ᠭᠠᠷᠤᠶ ᠬᠥᠮᠦᠨ ᠳᠤ ᠠᠩᠬ᠎ᠠ ᠠᠯᠬᠤᠮ ᠠᠵᠢᠯ ᠣᠯᠭᠤᠬᠤ ᠰᠠᠨᠠᠮᠵᠢ ᠲᠠᠢ ᠪᠣᠯᠪᠠ︔ ᠰᠦᠯᠵᠢᠶᠡᠨ ᠤ

ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠬᠤ ᠠᠵᠢᠯᠲᠠᠨ ᠡᠯᠰᠡᠬᠦ ᠴᠤᠭᠯᠠᠭᠠᠨ 2 ᠲᠠᠯᠠᠪᠤᠷ ᠪᠠᠶᠢᠵᠤ

᠂ ᠨᠡᠶᠢᠲᠡ 34 ᠠᠵᠤ ᠠᠬᠤᠶᠢᠯᠠᠯ ᠬᠤᠷᠠᠯ ᠳᠤ ᠣᠷᠣᠯᠴᠠᠵᠤ᠂ 1515 ᠠᠵᠢᠯ ᠤᠨ ᠪᠠᠶᠢᠷᠢ ᠬᠠᠩᠭᠠᠵᠤ᠂

ᠰᠦᠯᠵᠢᠶᠡᠨ ᠳᠡᠭᠡᠷ᠎ᠡ ᠦᠵᠡᠭᠰᠡᠨ ᠬᠥᠮᠦᠨ ᠤ ᠲᠤᠭ᠎ᠠ 30369 ᠬᠥᠮᠦᠨ᠂ ᠠᠵᠢᠯ ᠤᠨ ᠪᠠᠶᠢᠷᠢ ᠳᠤ ᠭᠠᠷᠤᠭᠰᠠᠨ

ᠬᠥᠮᠦᠨ 300 ᠭᠠᠷᠤᠶ ᠪᠠᠶᠢᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠬᠠᠭᠤᠳᠠᠰᠤ ᠲᠤᠰᠴᠤ︾

ᠴᠤᠤᠷᠢᠶᠠᠲᠤᠨ ᠳᠠᠭᠠᠬᠤ ᠶᠢ ᠵᠣᠷᠢᠭᠵᠢᠭᠤᠯᠵᠤ᠂ ᠴᠢᠳᠠᠪᠤᠷᠢᠲᠠᠨ ᠨᠥᠭᠡᠴᠡᠯᠡᠬᠦ ᠠᠵᠢᠯ ᠤᠨ ᠪᠠᠶᠢᠷᠢ ᠶᠢ ᠨᠡᠶᠢᠲᠡ 9

ᠠᠵᠤ ᠠᠬᠤᠶᠢᠯᠠᠯ ᠲᠠᠢ᠂ ᠴᠢᠳᠠᠪᠤᠷᠢᠲᠠᠨ ᠨᠥᠭᠡᠴᠡᠯᠡᠬᠦ 60 ᠬᠥᠮᠦᠨ ᠲᠠᠢ᠂ ᠠᠵᠢᠯ ᠤᠯᠬᠤ ᠳᠠᠳᠤᠯᠭ᠎ᠠ ᠶᠢᠨ

ᠠᠵᠢᠯ ᠤᠨ ᠪᠠᠶᠢᠷᠢ ᠶᠢ 334 ᠡᠯᠰᠡᠵᠦ᠂ ᠳᠠᠳᠤᠯᠭ᠎ᠠ ᠶᠢᠨ ᠠᠵᠢᠯᠲᠠᠨ 111 ᠬᠥᠮᠦᠨ ᠡᠯᠰᠡᠪᠡ᠃

   ᠭᠤᠣᠯᠳᠠᠯᠭ᠎ᠠ ᠲᠠᠢ ᠬᠠᠪᠰᠤᠷᠤᠨ ᠲᠡᠳᠬᠦᠵᠦ ᠠᠵᠢᠯ ᠣᠯᠭᠤᠬᠤ ᠶᠢ ᠴᠢᠩᠭᠠᠳᠬᠠᠨ᠎ᠠ᠃ ᠦᠳᠡᠯᠦᠭᠡ ᠨᠠᠰᠤ᠂

ᠵᠡᠮᠳᠡᠭ᠂ ᠨᠡᠯᠢᠶᠡᠳ ᠤᠷᠲᠤ ᠬᠤᠭᠤᠴᠠᠭᠠᠨ ᠤ ᠠᠵᠢᠯ ᠠᠯᠳᠠᠭᠰᠠᠳ ᠵᠡᠷᠭᠡ ᠠᠵᠢᠯ ᠣᠯᠬᠤ ᠳᠤ ᠬᠦᠴᠢᠷᠲᠡᠢ ᠬᠦᠮᠦᠰ ᠢ

︽ᠰᠠᠭᠤᠷᠢ ᠠᠴᠠ ᠨᠢ ᠪᠠᠲᠤᠯᠠᠵᠤ︾ ᠬᠠᠪᠰᠤᠷᠤᠨ ᠲᠡᠳᠭᠦᠬᠦ ᠪᠠᠨ ᠴᠢᠩᠭᠠᠳᠬᠠᠵᠤ᠂ ᠨᠡᠭᠡᠭᠡᠨ ᠬᠦᠭᠵᠢᠭᠦᠯᠬᠦ ᠬᠡᠷᠡᠭᠲᠡᠢ

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号