ᠭᠤᠤ ᠵᠢᠶ ᠶᠧ ᠪᠦᠯᠬᠦᠮ ᠳᠠᠭᠠᠭᠤᠯᠤᠨ ᠪᠡᠭᠡᠵᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠸᠧᠶ ᠬᠠᠶ ᠰᠤᠷᠭᠠᠭᠤᠯᠢ ᠶᠢᠨ ᠲᠣᠭᠤᠷᠢᠭ ᠲᠤ ᠬᠦᠷᠴᠦ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/31
    12 ᠰᠠᠷ᠎ᠠ ᠶᠢᠨ 26 ᠤ ᠡᠳᠦᠷ᠂ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ ᠪᠦᠯᠬᠦᠮ ᠳᠠᠭᠠᠭᠤᠯᠤᠨ ᠪᠡᠭᠡᠵᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠸᠧᠶ ᠬᠠᠶ ᠰᠤᠷᠭᠠᠭᠤᠯᠢ ᠶᠢᠨ ᠲᠣᠭᠤᠷᠢᠭ ᠲᠤ ᠬᠦᠷᠴᠦ ᠭᠤᠤ ᠶᠠ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ᠃

   ᠭᠤᠤ ᠵᠢᠢ ᠶᠧ ᠶᠠᠷᠢᠶᠠᠨ ᠳᠠᠭᠠᠨ ᠮᠠᠨ ᠤ ᠬᠤᠳᠠ ᠪᠣᠯᠤᠨ ᠪᠡᠭᠡᠵᠢᠩ ᠤᠨ ᠵᠠᠮ ᠬᠠᠷᠢᠯᠴᠠᠭᠠᠨ ᠤ ᠶᠡᠭᠡ

ᠰᠤᠷᠭᠠᠭᠤᠯᠢ ᠶᠢᠨ ᠡᠬᠢ ᠰᠤᠷᠪᠤᠯᠵᠢ ᠶᠢ ᠡᠷᠭᠢᠴᠡᠭᠦᠯᠵᠦ᠂ ᠪᠡᠭᠡᠵᠢᠩ ᠤᠨ ᠵᠠᠮ ᠬᠠᠷᠢᠯᠴᠠᠭᠠᠨ ᠤ ᠶᠡᠭᠡ

ᠰᠤᠷᠭᠠᠭᠤᠯᠢ ᠶᠢᠨ ᠮᠠᠨ ᠤ ᠬᠤᠳᠠ ᠶᠢᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠪᠣᠯᠤᠨ ᠨᠡᠶᠢᠭᠡᠮ ᠤᠨ

ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠨ᠎ᠠ᠃ ᠲᠡᠷᠡ᠂ ᠣᠶᠢᠷ᠎ᠠ ᠶᠢᠨ ᠵᠢᠯ ᠠᠴᠠ

ᠨᠠᠭᠠᠰᠢ᠂ ᠬᠤᠤᠯᠢᠩᠭᠤᠤᠯ ᠬᠤᠲᠠ ᠥᠪᠡᠷᠮᠢᠴᠡ ᠭᠤᠶᠢᠳᠠ ᠰᠠᠶᠢᠬᠠᠨ ᠭᠠᠵᠠᠷ ᠵᠦᠶ ᠶᠢᠨ ᠣᠷᠴᠢᠨ ᠲᠣᠭᠤᠷᠢᠨ ᠢᠶᠠᠷ

ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠦᠳᠲᠡᠷ ᠲᠦᠷᠭᠡᠨ ᠪᠠᠶᠢᠵᠤ᠂ ᠦᠨᠳᠦᠰᠦᠲᠡᠨ ᠤ ᠰᠣᠶᠣᠯ ᠢ

ᠤᠯᠠᠮᠵᠢᠯᠠᠨ ᠪᠠᠳᠠᠷᠠᠭᠤᠯᠬᠤ ᠲᠠᠯ᠎ᠠ ᠪᠠᠷ ᠪᠠᠶᠠᠷᠯᠠᠭᠤᠰᠢᠲᠠᠶ ᠠᠬᠢᠴᠠ ᠲᠠᠢ ᠪᠣᠯᠵᠣ᠂ ᠬᠤᠶᠠᠷ ᠲᠠᠯ᠎ᠠ ᠪᠠᠷ ᠢᠶᠠᠨ

ᠦᠷᠭᠦᠯᠵᠢᠯᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤ ᠪᠠᠷ ᠠᠰᠢᠭ ᠭᠥᠷᠳᠡᠬᠦ ᠶᠢ ᠬᠦᠰᠡᠵᠦ ᠪᠠᠶᠢᠨ᠎ᠠ

ᠭᠡᠵᠡᠶ᠃ ᠡᠭᠦᠨ ᠤ ᠬᠠᠮᠲᠤ᠂ ᠪᠠᠰᠠ ᠰᠣᠶᠣᠯ ᠤᠨ ᠰᠣᠯᠢᠯᠴᠠᠭᠠᠨ ᠤ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠠᠵᠠ

ᠲᠣᠬᠢᠶᠠᠯ ᠪᠣᠯᠭᠠᠵᠤ᠂ ᠨᠠᠩ ᠣᠯᠠᠨ ᠬᠥᠮᠦᠰ ᠲᠤ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ

ᠣᠶᠢᠯᠠᠭᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ

ᠲᠦᠷᠭᠡᠳᠬᠡᠨ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠨᠥᠯᠥᠭᠡᠯᠡᠬᠦ ᠬᠦᠴᠦᠨ ᠢ ᠥᠷᠭᠡᠳᠬᠡᠨ᠂ ᠤᠮᠠᠷᠠᠲᠤ

ᠬᠢᠯᠢ ᠶᠢᠨ ᠰᠣᠶᠣᠯ ᠤᠨ ᠨᠠᠷᠠᠲᠤ ᠲᠡᠮᠳᠡᠭ ᠢ ᠠᠯᠳᠠᠷᠰᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ

ᠰᠣᠶᠣᠯ ᠤᠨ ᠤᠯᠠᠮᠵᠢᠯᠠᠯ ᠪᠠ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃

   ᠯᠢᠦ ᠶᠢᠩ ᠪᠠᠶᠠᠷ ᠤᠨ ᠦᠭᠡ ᠳᠡᠭᠡᠨ ᠭᠤᠤ ᠵᠢᠢ ᠶᠧ ᠨᠡᠷ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ

ᠤᠭᠲᠤᠵᠤ ᠪᠠᠶᠢᠬᠤ ᠪᠠᠨ ᠢᠯᠡᠳᠬᠡᠵᠦ᠂ ᠴᠠᠭᠠᠨ ᠬᠥᠭᠵᠢᠮ ᠤᠨ ᠪᠦᠯᠬᠦᠮ ᠤᠨ ᠬᠢᠨ ᠭᠤᠤ ᠶᠠ ᠤᠷᠠᠯᠢᠭ ᠢ ᠸᠧᠢ ᠬᠠᠢ

ᠰᠤᠷᠭᠠᠭᠤᠯᠢ ᠶᠢᠨ ᠲᠣᠭᠤᠷᠢᠭ ᠲᠤ ᠳᠠᠭᠠᠭᠤᠯᠵᠤ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ

ᠢᠯᠡᠷᠬᠡᠶᠢᠯᠡᠬᠦ ᠳᠡᠭᠡᠨ᠂ ᠸᠧᠶ ᠬᠠᠶ ᠰᠤᠷᠭᠠᠭᠤᠯᠢ ᠶᠢᠨ ᠲᠣᠭᠤᠷᠢᠭ ᠨᠢ ᠰᠤᠷᠭᠠᠭᠤᠯᠢ ᠶᠢᠨ ᠣᠷᠣᠨ ᠤ ᠳᠣᠲᠣᠨ᠎ᠠ

ᠭᠠᠳᠠᠨᠠᠬᠢ ᠰᠣᠶᠣᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠬᠤ ᠪᠠᠷ ᠴᠢᠷᠮᠠᠶᠢᠭᠰᠠᠭᠠᠷ ᠢᠷᠡᠵᠡᠶ᠂ ᠲᠣᠰ

ᠤᠳᠠᠭᠠᠨ ᠤ ᠴᠠᠭᠠᠨ ᠬᠥᠭᠵᠢᠮ ᠤᠨ ᠪᠦᠯᠬᠦᠮ ᠤᠨ ᠰᠣᠯᠢᠯᠴᠠᠭᠠᠨ ᠤ ᠠᠵᠢᠯᠯᠠᠭ᠎ᠠ ᠨᠢ ᠰᠤᠷᠭᠠᠭᠤᠯᠢ ᠶᠢᠨ

ᠲᠣᠭᠤᠷᠢᠭ ᠤᠨ ᠰᠣᠶᠣᠯ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ

ᠠᠬᠢᠭᠤᠯᠬᠤ ᠪᠣᠯᠤᠨ᠎ᠠ ᠭᠡᠪᠡ᠃

   ᠯᠢ ᠰᠢᠶᠠᠩ ᠱᠠᠨ ᠸᠧᠶ ᠬᠠᠶ ᠰᠤᠷᠭᠠᠭᠤᠯᠢ ᠶᠢᠨ ᠲᠣᠭᠤᠷᠢᠭ ᠤᠨ ᠦᠨᠳᠦᠰᠦᠨ ᠪᠠᠶᠢᠳᠠᠯ᠂ ᠬᠥᠭᠵᠢᠯᠲᠡ ᠶᠢᠨ

ᠶᠠᠪᠤᠴᠠ᠂ ᠴᠢᠳᠠᠪᠤᠷᠢᠲᠠᠨ ᠢ ᠬᠥᠮᠦᠵᠢᠭᠦᠯᠬᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠵᠡᠷᠭᠡ

ᠪᠠᠶᠢᠳᠠᠯ ᠢ ᠨᠠᠷᠢᠨ ᠲᠠᠨᠢᠯᠴᠠᠭᠤᠯᠪᠠ᠃ ᠲᠡᠷᠡ ᠢᠯᠡᠷᠭᠡᠶᠢᠯᠡᠭᠰᠡᠨ ᠨᠢ᠂ ᠸᠧᠢ ᠬᠠᠢ ᠰᠤᠷᠭᠠᠭᠤᠯᠢ ᠶᠢᠨ

ᠲᠣᠭᠤᠷᠢᠭ ᠤᠨ ᠬᠢᠨ ︽ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ︾ ᠤᠢᠢᠯᠠᠭᠠᠭᠳᠠᠬᠤᠨ ᠢ

ᠢᠮᠠᠭᠲᠠ ᠪᠠᠷᠢᠮᠲᠠᠯᠠᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ

᠂ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠶᠢ ᠪᠦᠬᠦ

ᠲᠠᠯ᠎ᠠ ᠪᠠᠷ ᠠᠬᠢᠭᠤᠯᠵᠤ᠂ ᠲᠤᠰ ᠤᠳᠠᠭ᠎ᠠ ᠶᠢᠨ ᠴᠠᠭᠠᠨ ᠬᠥᠭᠵᠢᠮ ᠤᠨ ᠪᠦᠯᠬᠦᠮ ᠤᠨ ᠲᠣᠭᠯᠠᠯᠲᠠ ᠪᠣᠯ ᠬᠤᠶᠠᠷ

ᠭᠠᠵᠠᠷ ᠤᠨ ᠰᠣᠶᠣᠯ ᠤᠨ ᠬᠠᠮᠲᠤᠷᠠᠯᠴᠠᠭᠠᠨ ᠤ ᠴᠢᠬᠤᠯᠠ ᠬᠤᠯᠪᠣᠭᠠᠰᠤ ᠪᠣᠯᠤᠨ᠎ᠠ᠂ ᠢᠷᠡᠭᠡᠳᠦᠢ ᠳᠤ ᠬᠤᠶᠠᠷ

ᠭᠠᠵᠠᠷ ᠤᠨ ᠰᠤᠷᠭᠠᠨ ᠬᠥᠮᠦᠵᠢᠯ᠂ ᠰᠣᠶᠣᠯ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠴᠢᠨᠠᠭᠰᠢᠳᠠ ᠴᠢᠩᠭᠠᠳᠬᠠᠬᠤ

ᠪᠣᠯᠤᠨ᠎ᠠ ᠭᠡᠵᠠᠢ᠃

   ᠪᠡᠭᠡᠵᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠳᠡᠭᠡᠳᠦ

ᠰᠤᠷᠭᠠᠭᠤᠯᠢ ᠶᠢᠨ ᠫᠷᠣᠹᠧᠰᠰᠣᠷ ᠸᠠᠩ ᠱᠦ ᠰᠢᠶᠠᠩ᠂ ᠵᠠᠩ ᠮᠢᠩ ᠢᠦᠢ᠂ ᠪᠡᠭᠡᠵᠢᠩ ᠤᠨ ᠵᠠᠮ ᠬᠠᠷᠢᠯᠴᠠᠭᠠᠨ ᠤ ᠶᠡᠭᠡ

ᠰᠤᠷᠭᠠᠭᠤᠯᠢ ᠶᠢᠨ ᠸᠧᠢ ᠬᠠᠢ ᠰᠤᠷᠭᠠᠭᠤᠯᠢ ᠶᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ᠂

ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠯᠢ ᠰᠢᠶᠠᠩ ᠱᠠᠨ᠂ ᠪᠡᠭᠡᠵᠢᠩ ᠤᠨ ᠵᠠᠮ ᠬᠠᠷᠢᠯᠴᠠᠭᠠᠨ ᠤ ᠶᠡᠭᠡ

ᠰᠤᠷᠭᠠᠭᠤᠯᠢ ᠶᠢᠨ ᠸᠧᠢ ᠬᠠᠢ ᠤᠯᠠᠨ ᠤᠯᠤᠰ ᠤᠨ ᠳᠡᠭᠡᠳᠦ ᠰᠤᠷᠭᠠᠭᠤᠯᠢ ᠶᠢᠨ ᠬᠠᠮᠢᠶᠠᠷᠤᠯᠲᠠ ᠶᠢᠨ ᠵᠥᠪᠯᠡᠯ ᠤᠨ

ᠪᠠᠶᠢᠩᠭᠤ ᠶᠢᠨ ᠳᠡᠳ᠋ ᠡᠷᠬᠢᠯᠡᠭᠴᠢ ᠯᠢᠦ ᠶᠢᠩ᠂ ᠪᠡᠭᠡᠵᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠸᠧᠢ

ᠬᠠᠢ ᠰᠤᠷᠭᠠᠭᠤᠯᠢ ᠶᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ ᠯᠢᠨ ᠸᠠᠨ ᠯᠢᠶᠠᠩ᠂ ᠪᠡᠭᠡᠵᠢᠩ ᠤᠨ

ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠸᠧᠢ ᠬᠠᠢ ᠤᠯᠠᠨ ᠤᠯᠤᠰ ᠤᠨ ᠳᠡᠭᠡᠳᠦ ᠰᠤᠷᠭᠠᠭᠤᠯᠢ ᠶᠢᠨ ᠳᠡᠳ᠋

ᠵᠠᠬᠢᠷᠤᠯ ᠪᠠᠢ ᠶᠠᠨ ᠯᠸᠢ᠂ ᠬᠤᠤᠯᠢᠩᠭᠤᠤᠯ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂

ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠶᠠᠨ ᠬᠤᠢ ᠵᠢᠴᠢ ᠬᠤᠳᠠ ᠶᠢᠨ ᠰᠣᠶᠣᠯ ᠵᠢᠭᠤᠯᠴᠢᠯᠠᠯ ᠤᠨ

ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠪᠠ᠃

 

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号