2024 ᠣᠨ ᠳᠤ ᠬᠤᠲᠠ ᠶᠢᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠰᠤᠮᠤ ᠵᠡᠭᠡᠯᠢ ᠭᠤᠳᠤᠮᠵᠢ ᠶᠢᠨ ᠨᠠᠮ ︵ᠠᠵᠤ ᠦᠢᠯᠡᠳᠪᠦᠷᠢ︶ ᠤᠨ ᠬᠤᠷᠢᠶᠠᠨ ᠤ ᠱᠦᠵᠢ ᠵᠡᠪᠰᠡᠭᠲᠦ ᠬᠦᠴᠦᠨ ᠢ ᠨᠠᠮ ᠠᠴᠠ ᠬᠠᠮᠢᠶᠠᠷᠬᠤ ᠠᠵᠢᠯ ᠤᠨ ᠲᠤᠰᠢᠶᠠᠯ ᠤᠨ ᠮᠡᠳᠡᠭᠦᠯᠦᠯᠲᠡ ᠬᠢᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/31
    12 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ 2024 ᠣᠨ ᠤ ᠬᠤᠲᠠ ᠶᠢᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠰᠤᠮᠤ ᠵᠡᠭᠡᠯᠢ ᠭᠤᠳᠤᠮᠵᠢ ᠶᠢᠨ ᠨᠠᠮ ᠤᠨ ︵ᠠᠵᠤ ᠦᠢᠯᠡᠳᠪᠦᠷᠢ︶ ᠬᠤᠷᠢᠶᠠᠨ ᠤ ᠱᠦᠵᠢ ᠶᠢᠨ ᠵᠡᠪᠰᠡᠭᠲᠦ ᠬᠦᠴᠦᠨ ᠢ ᠨᠠᠮ ᠠᠴᠠ ᠬᠠᠮᠢᠶᠠᠷᠬᠤ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠡᠯ᠎ᠡ ᠰᠤᠮᠤ ᠵᠡᠭᠡᠯᠢ ᠭᠤᠳᠤᠮᠵᠢ ᠶᠢᠨ ᠨᠠᠮ ᠤᠨ ︵ᠠᠵᠤ ᠦᠢᠯᠡᠳᠪᠦᠷᠢ︶ ᠬᠤᠷᠢᠶ᠎ᠠ ᠶᠢᠨ ᠱᠦᠵᠢ᠂ ᠡᠷᠬᠢᠯᠡᠭᠴᠢ᠂ ᠲᠤᠰᠬᠠᠶ ᠵᠡᠪᠰᠡᠭᠲᠦ ᠬᠦᠴᠦᠨ ᠤ ᠺᠠᠳ᠋ᠷ᠂ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

   ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ

ᠠᠩᠬᠢ ᠶᠢᠨ ᠪᠠᠶᠢᠭᠤᠯᠤᠯᠲᠠ ᠶᠢᠨ ᠲᠤᠬᠠᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠨᠠᠮ ᠠᠴᠠ ᠵᠡᠪᠰᠡᠭᠲᠦ

ᠬᠦᠴᠦᠨ ᠢ ᠬᠠᠮᠢᠶᠠᠷᠬᠤ ᠶᠢ ᠪᠠᠷᠢᠮᠲᠠᠯᠠᠵᠤ ᠰᠢᠨ᠎ᠡ ᠴᠠᠭ ᠦᠶ᠎ᠡ ᠶᠢᠨ ᠠᠷᠠᠳ ᠤᠨ ᠵᠡᠪᠰᠡᠭᠲᠦ ᠬᠦᠴᠦᠨ ᠤ ᠠᠵᠢᠯ ᠢ

ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ᠢ ᠤᠯᠠᠮᠵᠢᠯᠠᠨ

ᠰᠤᠷᠤᠯᠴᠠᠵᠤ᠂ ᠬᠤᠯᠪᠣᠭᠳᠠᠯ ᠪᠦᠬᠦᠢ ᠨᠢᠭᠡᠴᠡ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ

ᠳ᠋ᠦᠩᠨᠡᠯᠲᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠳᠠ ᠶᠢᠨ ᠨᠠᠮ ᠤᠨ ᠬᠤᠷᠢᠶᠠᠨ ᠤ ᠴᠡᠷᠢᠭ ᠤᠨ

ᠶᠠᠪᠤᠳᠠᠯ ᠢ ᠵᠥᠪᠯᠡᠬᠦ ᠬᠤᠷᠠᠯ ᠤᠨ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠳᠡᠪᠰᠢᠭᠦᠯᠪᠡ᠃

   ᠭᠤᠤ ᠵᠢᠢ ᠶᠧ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠠᠴᠠ ᠵᠡᠪᠰᠡᠭᠲᠦ ᠬᠦᠴᠦᠨ ᠢ

ᠬᠠᠮᠢᠶᠠᠷᠬᠤ ᠴᠠᠭ ᠦᠶ᠎ᠡ ᠶᠢᠨ ᠠᠭᠤᠯᠤᠭᠳᠠᠬᠤᠨ᠂ ᠴᠢᠬᠤᠯᠠ ᠶᠡᠭᠡ ᠠᠴᠢ ᠬᠤᠯᠪᠣᠭᠳᠠᠯ ᠪᠣᠯᠤᠨ ᠦᠨᠳᠦᠰᠦᠨ

ᠱᠠᠭᠠᠷᠳᠠᠯᠭ᠎ᠠ ᠶᠢ ᠪᠠᠲᠤ ᠡᠵᠡᠮᠳᠡᠵᠦ᠂ ᠵᠣᠭᠰᠣᠯᠲᠠ ᠪᠠᠨ ᠪᠠᠲᠤᠳᠬᠠᠬᠤ᠂ ᠨᠠᠮᠴᠢ ᠴᠢᠨᠠᠷ ᠢᠶᠠᠨ ᠡᠭᠦᠷᠢᠳᠡ ᠪᠠᠲᠤᠯᠠᠬᠤ᠂

ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠶᠢ

ᠪᠡᠶᠡᠯᠡᠭᠦᠯᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠬᠦᠴᠦᠲᠡᠢ ᠪᠦᠲᠦᠮᠵᠢᠲᠡᠢ

ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠴᠡᠷᠢᠭ ᠢ ᠪᠣᠯᠪᠠᠰᠤᠷᠠᠭᠤᠯᠵᠤ

ᠲᠠᠶᠢᠨ ᠳᠤ ᠪᠡᠯᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠯᠡᠳᠬᠡᠯ ᠬᠦᠴᠦᠨ ᠢ ᠪᠠᠶᠢᠭᠤᠯᠤᠨ

ᠬᠦᠴᠦᠷᠬᠡᠭᠵᠢᠭᠦᠯᠵᠦ᠂ ᠴᠡᠷᠢᠭ ᠡᠯᠰᠡᠬᠦ ᠡᠯ᠎ᠡ ᠭᠤᠭᠴᠤᠭ᠎ᠠ ᠶᠢ ᠴᠢᠩᠭ᠎ᠠ ᠡᠵᠡᠮᠳᠡᠵᠦ᠂ ᠴᠡᠷᠢᠭ ᠲᠤ ᠡᠯᠰᠡᠭᠳᠡᠭᠰᠡᠨ

ᠡᠷᠬᠡᠲᠦ ᠠᠷᠠᠳ ᠤᠨ ᠴᠡᠷᠢᠭ ᠲᠤ ᠣᠷᠣᠬᠤ ᠵᠣᠷᠢᠭᠵᠢᠭᠤᠯᠤᠯ ᠤᠨ ᠠᠷᠭ᠎ᠠ ᠬᠡᠮᠵᠢᠶ᠎ᠡ ᠶᠢ ᠨᠠᠷᠢᠯᠢᠭ

ᠨᠠᠶᠢᠳᠠᠪᠤᠷᠢᠵᠢᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠦᠪᠰᠢᠨ ᠢ ᠦᠷᠭᠦᠯᠵᠢᠯᠡᠨ

ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ

ᠭᠤᠣᠯᠳᠠᠯᠭ᠎ᠠ ᠲᠠᠢ ᠴᠢᠩᠭᠠᠳᠬᠠᠵᠤ᠂ ᠡᠯ᠎ᠡ ᠰᠤᠮᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠴᠢᠭᠯᠡᠯ ᠢ

ᠡᠵᠡᠮᠳᠡᠵᠦ᠂ ᠶᠡᠭᠡ ᠶᠠᠪᠤᠳᠠᠯ ᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢ

ᠡᠷᠢᠯᠬᠢᠯᠡᠵᠦ᠂ ᠡᠯ᠎ᠡ ᠨᠠᠮ ᠤᠨ ᠠᠵᠢᠯ ᠤᠨ ᠬᠤᠷᠢᠶᠠᠨ ᠤ ᠱᠦᠵᠢ ᠤᠯᠤᠰ ᠲᠦᠷᠦ ᠶᠢᠨ ᠴᠢᠭᠯᠡᠯ ᠢ ᠬᠠᠮᠢᠶᠠᠷᠬᠤ᠂

ᠦᠵᠡᠯ ᠰᠠᠨᠠᠭᠠᠨ ᠤ ᠪᠠᠶᠢᠭᠤᠯᠤᠯᠲᠠ ᠶᠢ ᠬᠠᠮᠢᠶᠠᠷᠬᠤ᠂ ᠵᠣᠬᠢᠶᠠᠨ ᠪᠠᠶᠢᠭᠤᠯᠤᠯᠲᠠ ᠶᠢᠨ ᠡᠩᠨᠡᠭᠡ ᠶᠢ ᠬᠠᠮᠢᠶᠠᠷᠬᠤ᠂

ᠦᠢᠯᠡᠴᠢᠯᠡᠭᠡᠨ ᠤ ᠪᠠᠲᠤᠯᠠᠭ᠎ᠠ ᠶᠢ ᠬᠠᠮᠢᠶᠠᠷᠬᠤ᠂ ᠦᠢᠯᠡᠳᠦᠯ ᠢᠶᠠᠨ ᠪᠠᠳᠠᠷᠠᠭᠤᠯᠬᠤ ᠡᠭᠦᠷᠭᠡ ᠬᠠᠷᠢᠭᠤᠴᠠᠯᠭ᠎ᠠ ᠪᠠᠨ

ᠭᠦᠢᠴᠡᠳᠬᠡᠵᠦ᠂ ᠲᠤᠰᠬᠠᠢ ᠵᠡᠪᠰᠡᠭᠲᠦ ᠬᠦᠴᠦᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂

ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃

ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠬᠠᠮᠲᠤᠷᠠᠯ ᠬᠦᠴᠦᠨ ᠢ ᠭᠦᠢᠴᠡᠳ ᠨᠢᠭᠲᠠᠷᠠᠭᠤᠯᠵᠤ᠂ ᠬᠤᠶᠠᠷ ᠢ

ᠬᠦᠷᠢᠶᠡᠯᠡᠬᠦ ᠠᠵᠢᠯ ᠤᠨ ᠬᠠᠮᠲᠤᠷᠠᠭᠰᠠᠨ ᠬᠤᠷᠠᠯ ᠪᠣᠯᠤᠨ ᠮᠡᠳᠡᠭᠡ ᠵᠠᠩᠭᠢ ᠶᠢᠨ ᠰᠣᠯᠢᠯᠴᠠᠭ᠎ᠠ᠂ ᠡᠷᠬᠢᠨ ᠦᠵᠡᠵᠦ

ᠲᠣᠬᠤᠨᠢᠭᠤᠯᠬᠤ᠂ ᠵᠥᠪᠳᠡᠯᠴᠡᠨ ᠵᠣᠬᠢᠴᠠᠭᠤᠯᠬᠤ ᠵᠡᠷᠭᠡ ᠲᠦᠷᠢᠮ ᠲᠣᠭᠲᠠᠴᠠ ᠶᠢ ᠪᠦᠷᠢᠨᠰᠢᠭᠦᠯᠦᠨ

ᠲᠡᠭᠦᠯᠳᠡᠷᠵᠢᠭᠦᠯᠵᠦ᠂ ︽ᠳᠡᠭᠡᠳᠦ ᠲᠤᠤᠷᠠᠳᠤ ᠱᠠᠳᠤ ᠪᠠᠷ ᠢᠶᠠᠨ ᠠᠳᠬᠤᠬᠤ ᠬᠥᠮᠦᠨ ᠲᠠᠢ᠂ ᠱᠠᠳᠤ ᠱᠠᠳᠤ ᠪᠠᠷ

ᠠᠳᠬᠤᠬᠤ ᠬᠥᠮᠦᠨ ᠲᠠᠢ᠂ ᠶᠠᠪᠤᠳᠠᠯ ᠪᠦᠬᠦᠨ ᠳᠤ ᠬᠠᠮᠢᠶᠠᠷᠬᠤ ᠬᠥᠮᠦᠨ ᠲᠠᠢ︾ ᠬᠤᠶᠠᠷ ᠢ ᠬᠦᠷᠢᠶᠡᠯᠡᠬᠦ ᠠᠵᠢᠯ ᠤᠨ

ᠤᠳᠤᠷᠢᠳᠬᠤ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ᠃ ᠠᠷᠠᠳ ᠲᠦᠮᠡᠨ ᠤ ᠳᠤᠮᠳᠠ ᠠᠴᠠ ᠢᠷᠡᠬᠦ᠂

ᠠᠷᠠᠳ ᠲᠦᠮᠡᠨ ᠳᠤ ᠦᠢᠯᠡᠴᠢᠯᠡᠬᠦ ᠤᠤᠷ ᠴᠢᠨᠠᠷ ᠢᠶᠠᠨ ᠪᠠᠲᠤᠯᠠᠨ ᠪᠠᠳᠠᠷᠠᠭᠤᠯᠵᠤ᠂ ᠴᠡᠷᠢᠭ ᠠᠩᠭᠢ ᠶᠢᠨ ᠴᠢᠳᠠᠪᠤᠷᠢ᠂

ᠣᠷᠣᠨ ᠨᠤᠲᠤᠭ ᠤᠨ ᠬᠡᠷᠡᠭᠴᠡᠭᠡ᠂ ᠣᠯᠠᠨ ᠲᠦᠮᠡᠨ ᠤ ᠬᠦᠰᠡᠯ ᠡᠷᠡᠮᠡᠯᠵᠡᠯ ᠢ ᠨᠢᠭᠡᠳᠬᠡᠵᠦ᠂ ᠥᠷᠭᠡᠨ ᠣᠯᠠᠨ

ᠳᠠᠷᠤᠭ᠎ᠠ ᠪᠠᠶᠢᠯᠳᠤᠭᠴᠢ ᠪᠣᠯᠤᠨ ᠡᠷᠦᠬᠡ ᠶᠢᠨ ᠴᠡᠷᠢᠭ ᠤᠨ ᠪᠡᠯᠡᠳᠬᠡᠯ ᠠᠯᠪᠠᠨ ᠤ ᠬᠥᠮᠦᠰ ᠢ ᠵᠣᠬᠢᠶᠠᠨ ᠪᠠᠶᠢᠭᠤᠯᠤᠨ

ᠪᠦᠬᠦ ᠬᠤᠲᠠ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠮᠠᠨ ᠤ ᠬᠤᠲᠠ ᠶᠢᠨ ᠠᠵᠤ ᠠᠬᠤᠶ

ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠣᠯᠠᠨ ᠬᠤᠪᠢ ᠨᠡᠮᠡᠷᠢ ᠦᠵᠡᠭᠦᠯᠬᠦ ᠬᠡᠷᠡᠭᠲᠡᠶ

ᠬᠡᠵᠡᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号