12 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ | ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ 117 ᠤᠳᠠᠭᠠᠨ ᠤ ᠪᠠᠶᠢᠩᠭᠤ ᠶᠢᠨ ᠬᠤᠷᠢᠶᠠᠨ ᠤ | ᠬᠤᠷᠠᠯ ᠢ ᠡᠷᠭᠢᠯᠡᠨ ᠬᠤᠷᠠᠯᠳᠤᠭᠤᠯᠪᠠ᠃ | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠠᠶᠢᠨᠠᠨ ᠮᠤᠵᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ 2024 ᠣᠨ ᠤ | ᠬᠤᠳᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ᠂ 2024 ᠣᠨ ᠤ ᠬᠤᠳᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ | ᠭᠤᠤ ᠵᠢᠢ ᠶᠧ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ | ᠴᠢᠨᠠᠷ᠂ ᠭᠤᠣᠯ ᠠᠭᠤᠯᠭ᠎ᠠ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ᠂ ᠨᠡᠶᠢᠭᠡᠮ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠡᠯ᠎ᠡ ᠵᠦᠢᠯ ᠤᠨ | ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠩ ᠡᠷᠡᠰ ᠵᠣᠷᠢᠭ᠂ ᠨᠡᠩ ᠵᠣᠷᠢᠭᠲᠠᠢ ᠪᠠᠷ ᠡᠭᠦᠷᠭᠡᠯᠡᠬᠦ᠂ | ᠨᠡᠩ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠵᠢᠯ ᠤᠨ ᠨᠡᠩ ᠶᠡᠭᠡ ᠰᠢᠪᠲᠤᠯᠤᠯᠲᠠ ᠲᠠᠢ | ᠪᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠭᠤᠣᠯ ᠬᠠᠷᠢᠭᠤᠴᠠᠯᠭ᠎ᠠ ᠭᠤᠣᠯ ᠠᠵᠢᠯ ᠢ ᠢᠮᠠᠭᠲᠠ | ᠪᠠᠲᠤ ᠰᠠᠬᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠳᠠᠯ ᠡᠭᠦᠷᠭᠡ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠭᠦᠢᠴᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ | ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ | ᠢᠯᠵᠢᠷᠡᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠬᠦᠴᠦᠯᠡᠨ ᠠᠬᠢᠭᠤᠯᠵᠤ᠂ ᠤᠯᠠᠨ ᠲᠦᠮᠡᠨ ᠤ ᠳᠡᠷᠭᠡᠳᠡᠬᠢ | ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠡᠷᠡᠰ ᠵᠠᠯᠬᠠᠭᠠᠨ ᠰᠢᠳᠬᠡᠵᠦ᠂ ᠰᠤᠷᠲᠠᠯ ᠴᠢᠬᠡᠴᠢ | ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠬᠤ | ᠬᠡᠷᠡᠭᠲᠡᠢ᠃ ᠣᠨ ᠤ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠤᠨ ᠲᠡᠭᠦᠰᠬᠡᠯ ᠢ ᠲᠦᠷᠭᠡᠨ | ᠠᠬᠢᠭᠤᠯᠵᠤ᠂ ᠢᠷᠡᠬᠦ ᠵᠢᠯ ᠤᠨ ᠨᠠᠮ ᠤᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢ | ᠲᠦᠷᠭᠡᠨ ᠲᠥᠯᠥᠪᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠦᠷᠢᠮ᠂ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠲᠦᠷᠢᠮ ᠵᠡᠷᠭᠡ ᠲᠠᠯ᠎ᠠ ᠶᠢᠨ ᠠᠭᠤᠯᠭ᠎ᠠ ᠳᠤ ᠦᠷᠭᠦᠯᠵᠢᠯᠡᠨ | ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠶᠢᠨ ᠬᠦᠷᠢᠶᠡᠨ ᠤ ᠬᠢᠯᠠᠰ ᠴᠡᠭ ᠤᠨ ᠠᠭᠤᠯᠭ᠎ᠠ ᠶᠢ | ᠭᠦᠨᠵᠡᠭᠡᠢ ᠲᠥᠯᠥᠪᠵᠢᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ | ᠠᠬᠢᠭᠤᠯᠬᠤ ᠬᠡᠷᠡᠭᠲᠡᠢ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠲᠤᠰ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠤ ᠬᠡᠷᠡᠭᠴᠡᠭᠡ | ᠱᠠᠭᠠᠷᠳᠠᠯᠭ᠎ᠠ ᠶᠢ ᠤᠨᠢᠨ ᠳᠡᠭᠡᠷ᠎ᠡ ᠨᠢ ᠡᠮᠬᠢᠯᠡᠵᠦ᠂ ᠴᠢᠳᠠᠪᠤᠷᠢᠲᠠᠨ ᠢ ᠬᠥᠮᠦᠵᠢᠭᠦᠯᠬᠦ ᠴᠢᠭᠯᠡᠯ᠂ ᠠᠷᠭ᠎ᠠ ᠵᠠᠮ ᠢ | ᠡᠮᠬᠢᠯᠡᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠰᠢᠰᠲ᠋ᠧᠮ ᠲᠠᠢ | ᠲᠦᠷᠦ ᠶᠢᠨ ᠪᠤᠳᠤᠯᠭ᠎ᠠ ᠶᠢᠨ ᠲᠥᠰᠦᠯ ᠢ ᠲᠣᠭᠲᠠᠭᠠᠵᠤ᠂ ︽ᠰᠣᠩᠭᠤᠬᠤ᠂ ᠬᠡᠷᠡᠭᠯᠡᠬᠦ᠂ ᠬᠥᠮᠦᠵᠢᠭᠦᠯᠬᠦ᠂ ᠬᠠᠮᠢᠶᠠᠷᠬᠤ | ︾ ᠶᠢ ᠨᠢᠭᠡ ᠴᠤᠬᠴᠠᠵᠢᠭᠤᠯᠤᠬᠰᠠᠨ ᠴᠢᠳᠠᠪᠤᠷᠢᠲᠠᠨ ᠤ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ | ᠃ ᠨᠡᠶᠢᠭᠡᠮ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠪᠠᠳᠠᠷᠠᠭᠤᠯᠵᠤ᠂ ᠬᠠᠮᠢᠶ᠎ᠠ ᠪᠦᠬᠦᠢ | ᠰᠠᠯᠠᠭ᠎ᠠ ᠮᠥᠴᠢᠷ ᠤᠳ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠨᠡᠶᠢᠭᠡᠮ ᠤᠨ ᠡᠯ᠎ᠡ ᠲᠠᠯ᠎ᠠ ᠶᠢᠨ | ᠬᠦᠴᠦᠨ ᠢ ᠥᠷᠭᠡᠨ ᠢᠶᠠᠷ ᠳᠠᠶᠢᠴᠢᠯᠠᠨ᠂ ᠨᠠᠮ ᠤᠨ ᠰᠢᠨ᠎ᠡ ᠪᠠᠷ ᠬᠥᠭᠵᠢᠭᠰᠡᠨ ᠬᠦᠷᠢᠶᠡᠨ ᠳᠠᠬᠢ ᠤᠷᠢᠶᠠᠯᠠᠬᠤ | ᠬᠦᠴᠦᠨ ᠤ ᠨᠢᠭᠲᠠᠷᠠᠯ ᠤᠨ ᠬᠦᠴᠦᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ ᠰᠢᠨ᠎ᠡ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ | ᠣᠯᠭᠤᠯᠲᠠ ᠶᠢᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠷᠭ᠎ᠠ ᠵᠠᠮ ᠢ ᠢᠳᠡᠪᠬᠢᠲᠡᠢ | ᠰᠦᠪᠡᠭᠴᠢᠯᠡᠨ ᠠᠬᠢᠭᠤᠯᠵᠤ᠂ ᠮᠠᠨ ᠤ ᠬᠤᠲᠠ ᠶᠢᠨ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |