12 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ | ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ 116 ᠤᠳᠠᠭᠠᠨ ᠤ ᠪᠠᠶᠢᠩᠭᠤ ᠶᠢᠨ ᠬᠤᠷᠢᠶᠠᠨ ᠤ | ︵ᠥᠷᠭᠡᠳᠬᠡᠭᠰᠡᠨ︶ ᠬᠤᠷᠠᠯ ᠵᠢᠴᠢ ᠪᠥᠬᠦ ᠬᠤᠲᠠ ᠶᠢᠨ ᠨᠠᠮ ︵ᠠᠵᠢᠯᠴᠢᠨ︶ ᠤᠨ ᠬᠤᠷᠢᠶᠠᠨ ᠤ ᠱᠦᠵᠢ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ | ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ | ᠬᠤᠷᠠᠯ ᠳᠤ ᠣᠷᠣᠯᠴᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ | ᠳᠠᠷᠤᠭ᠎ᠠ᠂ ᠡᠯ᠎ᠡ ᠨᠠᠮ ︵ᠠᠵᠢᠯᠴᠢᠨ︶ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠬᠡᠰᠡᠭ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠨ ᠬᠤᠷᠠᠯ ᠳᠤ ᠰᠤᠯᠠ ᠣᠷᠣᠯᠴᠠᠪᠠ᠃ ᠲᠦᠩᠯᠢᠶᠣᠤ ᠬᠤᠳᠠ ᠶᠢᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠬᠤ ᠭᠤᠷᠪᠠᠳᠤᠭᠠᠷ ᠰᠠᠯᠠᠭᠠᠨ ᠤ ᠳᠠᠷᠤᠭ᠎ᠠ ᠯᠢᠦ | ᠴᠠᠩ ᠬᠤᠷᠠᠯ ᠳᠤ ᠣᠷᠣᠯᠴᠠᠨ ᠵᠢᠭᠠᠨ ᠵᠢᠯᠣᠭᠤᠳᠬᠤ ᠶᠢᠨ ᠬᠠᠮᠲᠤ ᠦᠨᠡᠯᠡᠯᠲᠡ ᠬᠢᠪᠡ᠃ | | | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ | ᠴᠢᠬᠤᠯᠠ ᠥᠭᠦᠯᠡᠯᠲᠡ ᠶᠢ ᠰᠤᠷᠤᠯᠴᠠᠪᠠ︔ ᠦᠨᠳᠦᠰᠦᠨ ᠱᠠᠲᠤᠨ ᠤ ᠨᠠᠮ ︵ᠠᠵᠢᠯ︶ ᠤᠨ ᠬᠤᠷᠢᠶᠠᠨ ᠤ ᠱᠦᠵᠢ | ᠲᠤᠰᠢᠶᠠᠯ ᠤᠨ ᠮᠡᠳᠡᠭᠦᠯᠦᠯᠲᠡ ᠬᠢᠪᠡ︔ ᠭᠤᠤ ᠵᠢᠢ ᠶᠧ ᠬᠤᠳᠠ ᠶᠢᠨ ᠨᠠᠮ ᠤᠨ ᠬᠤᠷᠢᠶ᠎ᠠ ᠶᠢ ᠲᠥᠯᠥᠭᠡᠯᠡᠨ | ᠲᠤᠰᠢᠶᠠᠯ ᠤᠨ ᠮᠡᠳᠡᠭᠦᠯᠦᠯᠲᠡ ᠶᠢᠨ ᠲᠤᠬᠠᠢ ᠨᠢᠭᠡᠳ ᠨᠢᠭᠡ ᠪᠠᠷ ᠦᠨᠡᠯᠡᠯᠲᠡ ᠬᠢᠵᠦ᠂ ᠬᠤᠳᠠ ᠶᠢᠨ ᠤᠳᠤᠷᠢᠳᠤᠯᠭ᠎ᠠ | ᠯᠢᠦ ᠮᠢᠩ ᠭᠦᠸᠧ᠂ ᠵᠠᠩ ᠸᠧᠢ᠂ ᠯᠢ ᠵᠢᠶᠠᠨ ᠾᠦᠢ᠂ ᠰᠢᠤᠢ ᠸᠧᠨ ᠵᠢᠶᠧ ᠬᠤᠪᠢᠳᠠᠨ ᠬᠠᠮᠢᠶᠠᠷᠴᠤ ᠪᠠᠶᠢᠭ᠎ᠠ | ᠠᠵᠢᠯ ᠢᠶᠠᠨ ᠡᠩᠬᠡ ᠲᠠᠶᠢᠪᠤᠩ ᠴᠠᠭ ᠦᠶ᠎ᠡ ᠲᠠᠢ ᠤᠶᠠᠯᠳᠤᠭᠤᠯᠤᠨ ᠡᠵᠡᠮᠰᠢᠭᠰᠡᠨ ᠪᠠᠶᠢᠳᠠᠯ ᠲᠠᠢ ᠪᠠᠨ ᠤᠶᠠᠯᠳᠤᠭᠤᠯᠤᠨ | ᠶᠡᠷᠦᠩᠬᠡᠶᠢᠯᠡᠭᠰᠡᠨ ᠦᠨᠡᠯᠡᠯᠲᠡ ᠬᠢᠵᠡᠢ᠃ | | | |
| ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ
| ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ
| ᠰᠢᠰᠲ᠋ᠧᠮ ᠢ ᠪᠦᠷᠢᠨᠰᠢᠬᠦᠯᠤᠨ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ
| ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠡᠷᠡᠰ
| ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂
| ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ
| ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂
| ᠭᠤᠣᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂
| ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ
| ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃
| ᠬᠤᠷᠠᠯ ᠠᠴᠠ᠂ ᠪᠦᠬᠦ ᠬᠤᠲᠠ ᠶᠢᠨ ᠭᠤᠣᠯ ᠠᠵᠢᠯ ᠤᠨ ᠲᠣᠭᠤᠷᠢᠨ ᠳᠤ᠂ ᠨᠢᠭᠡ ᠭᠤᠣᠯ ᠱᠤᠭᠤᠮ ᠢ
| ᠲᠤᠤᠱᠯᠠᠭᠤᠯᠬᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ
| ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ᠂ ︽
| ᠳᠤᠮᠳᠠᠳᠤ ᠤᠯᠤᠰ · ᠪᠣᠬᠢᠷᠲᠤᠯ ᠦᠭᠡᠢ ᠴᠠᠬᠢᠯᠭᠠᠨ ᠬᠦᠩᠭᠡᠨᠴᠠᠭᠠᠨ ᠤ ᠬᠤᠳᠠ︾ ᠶᠢ ᠪᠦᠬᠦ ᠬᠦᠴᠦᠨ ᠢᠶᠠᠷ ᠢᠶᠠᠨ
| ᠪᠦᠲᠦᠭᠡᠨ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ
| ᠡᠨᠡᠬᠦ ︽ᠵᠠᠩᠭᠢᠯᠠᠭ᠎ᠠ ᠶᠢᠨ ᠰᠠᠭᠤᠷᠢ︾ ᠶᠢ ᠪᠣᠳᠠᠲᠠᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠨᠠᠮ ᠤᠨ
| ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠡᠪ ᠬᠠᠮᠲᠤ ᠨᠠᠮ ᠤᠨ ᠭᠡᠰᠢᠭᠦᠨ ᠤ
| ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ
| ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
| ᠬᠤᠷᠠᠯ ᠠᠴᠠ᠂ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠲᠡᠷᠡ ᠶᠣᠰᠣᠭᠠᠷ ᠨᠢ
| ᠨᠠᠶᠢᠳᠠᠪᠤᠷᠢᠵᠢᠭᠤᠯᠵᠤ᠂ ᠬᠥᠮᠦᠨ ᠬᠡᠷᠡᠭᠯᠡᠬᠦ ᠵᠥᠪ ᠤᠳᠤᠷᠢᠳᠤᠮᠵᠢ ᠪᠠᠷ ᠠᠵᠢᠯ ᠬᠢᠵᠦ ᠦᠢᠯᠡᠰ ᠪᠤᠰᠬᠠᠬᠤ
| ᠤᠳᠤᠷᠢᠳᠤᠮᠵᠢ ᠶᠢ ᠬᠦᠳᠦᠯᠦᠨ ᠳᠠᠭᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠵᠤ᠂
| ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠪᠣᠯᠤᠨ ᠴᠢᠳᠠᠪᠤᠷᠢᠲᠠᠨ ᠤ ᠡᠩᠨᠡᠭᠡ ᠶᠢ
| ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠵᠢᠯ ᠤᠨ ᠡᠴᠦᠰ ᠵᠢᠯ ᠤᠨ ᠡᠬᠢᠨ ᠤ ᠠᠷᠠᠳ ᠤᠨ ᠠᠮᠢᠳᠤᠷᠠᠯ ᠤᠨ
| ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ
| ᠤᠯᠠᠨ ᠲᠦᠮᠡᠨ ᠤ ᠤᠶᠤᠨ ᠤ ᠪᠠ ᠰᠣᠶᠣᠯ ᠤᠨ ᠠᠮᠢᠳᠤᠷᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂
| ᠠᠮᠤᠷ ᠲᠦᠪᠰᠢᠨ ᠤ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ
| ᠠᠳᠬᠤᠵᠤ᠂ ᠠᠷᠠᠳ ᠤᠯᠠᠨ ᠤ ᠪᠠᠶᠠᠷ ᠪᠠᠶᠠᠰᠬᠤᠯᠠᠩ ᠲᠠᠢ ᠰᠢᠨ᠎ᠡ ᠵᠢᠯ ᠵᠢᠴᠢ ᠴᠠᠭᠠᠨ ᠰᠠᠷ᠎ᠠ ᠶᠢ ᠥᠩᠭᠡᠷᠡᠭᠦᠯᠬᠦ ᠶᠢ
| ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
| ᠬᠤᠷᠠᠯ ᠠᠴᠠ ᠪᠠᠰᠠ ᠲᠤᠰᠢᠶᠠᠯ ᠤᠨ ᠮᠡᠳᠡᠭᠦᠯᠦᠯᠲᠡ ᠬᠢᠬᠦ ᠳᠤ ᠣᠷᠣᠯᠴᠠᠭᠰᠠᠨ ᠨᠠᠮ ᠤᠨ ︵ᠠᠵᠢᠯᠴᠢᠨ︶
| ᠬᠤᠷᠢᠶᠠᠨ ᠤ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠪᠠᠶᠢᠳᠠᠯ ᠢ
| ᠠᠷᠠᠳᠴᠢᠯᠠᠯ ᠢᠶᠠᠷ ᠰᠢᠯᠭᠠᠨ ᠦᠨᠡᠯᠡᠪᠡ᠃
|
|
|