12 ᠰᠠᠷ᠎ᠠ ᠶᠢᠨ 25 ᠤ ᠡᠳᠦᠷ᠂ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ ᠪᠦᠯᠬᠦᠮ | ᠳᠠᠭᠠᠭᠤᠯᠤᠨ ᠱᠠᠨᠳᠦ᠋ᠩ ᠮᠤᠵᠢ ᠶᠢᠨ ᠦ᠋ ᠳ᠋ᠢ ᠰᠢᠶᠠᠨ ᠳᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠵᠤ᠂ ᠦ᠋ ᠳ᠋ᠢ | ᠰᠢᠶᠠᠨ ᠤ ᠨᠠᠮ ᠤᠨ ᠬᠤᠷᠢᠶᠠᠨ ᠤ ᠱᠦᠵᠢ ᠵᠧᠩ ᠵᠧᠨ ᠯᠢᠶᠠᠩ ᠣᠷᠣᠯᠴᠠᠵᠠᠶ᠃ | | | | | ᠭᠤᠤ ᠵᠢᠢ ᠶᠧ ᠨᠠᠷ ᠤᠷᠢᠳ ᠬᠤᠵᠢᠳ ᠶᠢᠨ ᠬᠤᠩ ᠣᠳᠣᠬᠢᠴᠢᠯᠠᠭᠰᠠᠨ ᠤᠶᠤᠨᠲᠤ ᠪᠠᠷᠠᠭᠠᠨ ᠤ ᠭᠦᠢᠯᠭᠡᠭᠡᠨ ᠤ | ᠬᠥᠮᠥᠷᠭᠡᠯᠡᠨ ᠬᠠᠳᠠᠭᠠᠯᠠᠬᠤ ᠵᠢᠵᠢᠭ ᠪᠢᠴᠢᠯ ᠠᠵᠤ ᠦᠢᠯᠡᠰ ᠤᠨ ᠬᠦᠷᠢᠶᠡᠯᠡᠩ᠂ ᠱᠠᠨᠳᠦ᠋ᠩ ᠤᠨ ᠴᠤᠸᠠᠩ ᠶᠤᠸᠠᠨ | ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠤᠰᠤᠲᠥ᠋ᠷᠥᠭᠴᠢ ᠶᠢᠨ | ᠬᠦᠩᠭᠡᠨ ᠴᠠᠭᠠᠨ ᠤ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠳ᠋ᠢ ᠤᠶᠤᠨᠴᠢ ᠲᠠᠷᠢᠶᠠᠯᠠᠩ ᠤᠨ ᠪᠥᠸᠧ ᠴᠧᠩ᠂ | ᠳ᠋ᠢ ᠵᠧᠦ ᡁᠢ ᠬᠤᠢ ᠪᠠᠷᠠᠭᠠᠨ ᠤ ᠭᠦᠢᠯᠭᠡᠭᠡᠨ ᠤ ᠭᠠᠷᠠᠮ ᠵᠡᠷᠭᠡ ᠭᠠᠵᠠᠷ ᠲᠤ ᠬᠦᠷᠴᠦ᠂ ᠦ᠋ ᠳ᠋ᠢ ᠰᠢᠶᠠᠨ ᠤ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ᠂ | ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠶᠡᠷᠦᠩᠬᠡᠶᠢᠯᠡᠨ ᠵᠢᠯᠣᠭᠤᠳᠬᠤ | ᠵᠡᠷᠭᠡ ᠲᠠᠯ᠎ᠠ ᠶᠢᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠨᠠᠷᠢᠨ ᠣᠶᠢᠯᠠᠭᠠᠪᠠ᠃ | | | | | ᠶᠢᠨ ᠬᠤᠩ ᠣᠳᠣᠬᠢᠴᠢᠯᠠᠭᠰᠠᠨ ᠣᠶᠤᠨᠴᠢ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠵᠢᠵᠢᠭ | ᠪᠢᠴᠢᠯ ᠠᠵᠤ ᠦᠢᠯᠡᠰ ᠤᠨ ᠬᠦᠷᠢᠶᠡᠯᠡᠩ᠂ ᠳ᠋ᠢ ᠵᠧᠦ ᡁᠢ ᠬᠤᠢ ᠪᠠᠷᠠᠭᠠᠨ ᠤ ᠭᠦᠢᠯᠭᠡᠭᠡᠨ ᠤ ᠭᠠᠷᠠᠮ ᠳᠤ᠂ ᠭᠤᠤ ᠵᠢᠢ | ᠶᠧ ᠠᠵᠤ ᠦᠢᠯᠡᠰ ᠤᠨ ᠪᠦᠯᠦᠭᠵᠢᠯ ᠤᠨ ᠪᠠᠶᠢᠷᠢᠰᠢᠭᠤᠯᠤᠯᠲᠠ᠂ ᠲᠦᠷᠦᠯ ᠵᠦᠢᠯ ᠤᠨ ᠲᠥᠯᠥᠪᠵᠢᠭᠦᠯᠭᠡ ᠪᠦᠳᠦᠭᠡᠨ | ᠪᠠᠶᠢᠭᠤᠯᠤᠯᠲᠠ ᠡᠵᠡᠩᠨᠡᠯᠲᠡ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠦ᠋ ᠳ᠋ᠢ ᠰᠢᠶᠠᠨ ᠣᠷᠣᠨ | ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠨᠴᠠᠯᠢᠬᠳᠤ ᠡᠬᠢ ᠪᠠᠶᠠᠯᠢᠭ ᠢ ᠰᠢᠨᠵᠢᠯᠡᠬᠦ | ᠤᠬᠠᠭᠠᠨᠴᠢ ᠪᠠᠷ ᠨᠡᠭᠡᠭᠡᠨ ᠬᠥᠭᠵᠢᠭᠦᠯᠵᠦ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ | ᠲᠣᠭᠤᠷᠢᠨ ᠳᠤ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠭᠠᠳᠠᠭᠠᠳᠤ ᠠᠷᠠᠯᠵᠢᠶᠠᠨ ᠤ ᠭᠦᠢᠯᠭᠡᠭᠡ | ᠂ ᠡᠯᠧᠺᠲᠷᠦᠨ ᠬᠤᠳᠠᠯᠳᠤᠭᠠᠨ ᠤ ᠬᠥᠭᠵᠢᠯᠲᠡ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ ᠵᠡᠷᠭᠡ ᠤᠯᠠᠨ | ᠬᠦᠷᠢᠶᠡᠨ ᠳᠤ ᠦᠯᠢᠭᠡᠷ ᠳᠠᠭᠤᠷᠢᠶᠠᠯ ᠲᠦᠷᠦᠯ ᠵᠦᠢᠯ ᠢ ᠪᠠᠶᠢᠭᠤᠯᠵᠤ᠂ ᠠᠮᠵᠢᠯᠲᠠ ᠲᠠᠢ ᠲᠤᠷᠰᠢᠯᠭ᠎ᠠ ᠪᠦᠷᠢᠯᠳᠦᠭᠰᠡᠨ | ᠪᠠᠶᠢᠨ᠎ᠠ᠂ ᠡᠨᠡ ᠨᠢ ᠬᠤᠤᠯᠢᠩᠭᠤᠤᠯ ᠳᠤ ᠮᠠᠰᠢ ᠰᠤᠷᠤᠯᠴᠠᠭᠤᠰᠢᠲᠠᠢ ᠶᠤᠮ ᠭᠡᠵᠦ ᠢᠯᠡᠳᠬᠡᠪᠡ᠃ ᠬᠤᠤᠯᠢᠩᠭᠤᠤᠯ ᠨᠢ | ᠲᠡᠷᠢᠭᠦᠨ ᠤ ᠬᠢ ᠪᠠᠷ ᠪᠠᠷᠢᠮᠵᠢᠶᠠᠯᠠᠵᠤ᠂ ᠦᠷ᠎ᠡ ᠪᠦᠲᠦᠭᠡᠯ ᠢᠶᠠᠷ ᠲᠤᠯᠢ ᠪᠣᠯᠭᠠᠵᠤ᠂ ᠦᠢᠯᠡᠴᠢᠯᠡᠭᠡᠨ ᠤ ᠦᠢᠯᠡᠰ | ᠪᠣᠯᠤᠨ ᠠᠵᠤ ᠦᠢᠯᠡᠳᠪᠦᠷᠢ ᠶᠢᠨ ᠨᠡᠩ ᠥᠨᠳᠥᠷ ᠲᠦᠪᠰᠢᠨ ᠳᠡᠭᠡᠷ᠎ᠡ ᠣᠷᠭᠠᠨᠢᠭ ᠢᠶᠠᠷ ᠠᠭᠤᠰᠤᠯᠴᠠᠬᠤ ᠶᠢ ᠴᠢᠷᠮᠠᠶᠢᠨ | ᠪᠡᠶᠡᠯᠡᠭᠦᠯᠵᠦ᠂ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠵᠦ ᠲᠡᠰ | ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ | ᠱᠠᠨᠳᠦ᠋ᠩ ᠤᠨ ᠴᠤᠸᠠᠩ ᠶᠤᠸᠠᠨ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ 300 ᠲᠦᠮᠡᠨ ᠲᠣᠨ ᠤᠰᠤᠳᠦ᠋ᠷᠦᠭᠴᠢᠳᠦ ᠬᠦᠩᠭᠡᠨᠴᠠᠭᠠᠨ ᠤ ᠲᠦᠷᠦᠯ ᠵᠦᠢᠯ ᠤᠨ ᠲᠤᠬᠠᠢ ᠶᠢᠨ | ᠲᠠᠯᠠᠪᠠᠢ ᠳᠤ᠂ ᠱᠠᠨᠳᠦ᠋ᠩ ᠤᠨ ᠰᠢᠨ ᠴᠤᠸᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠼᠦᠢ ᠯᠢ ᠰᠢᠨ | ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠲᠠᠨᠢᠯᠴᠠᠭᠤᠯᠤᠭᠰᠠᠨ ᠪᠥᠭᠡᠳ ᠳ᠋ᠢ ᠦ᠋ ᠪᠣᠯᠤᠨ | ᠬᠤᠤᠯᠢᠩᠭᠤᠤᠯ ᠤᠨ ᠠᠵᠤ ᠠᠬᠤᠶᠢᠯᠠᠯ ᠤᠨ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠪᠣᠯᠤᠨ ᠬᠠᠪᠰᠤᠷᠤᠯᠭ᠎ᠠ ᠳᠤ | ᠲᠠᠯᠠᠷᠬᠠᠵᠤ ᠪᠠᠶᠢᠬᠤ ᠪᠠᠨ ᠢᠯᠡᠳᠬᠡᠪᠡ᠃ ᠭᠤᠤ ᠵᠢᠢ ᠶᠧ᠂ ᠰᠢᠨ᠎ᠡ ᠶᠢ ᠡᠭᠦᠳᠬᠦ ᠪᠦᠯᠦᠭᠯᠡᠯ ᠨᠢ ᠬᠤᠶᠠᠷ ᠭᠠᠵᠠᠷ ᠲᠤ | ᠬᠤᠯᠪᠣᠭ᠎ᠠ ᠲᠠᠢ ᠠᠵᠤ ᠦᠢᠯᠡᠰ ᠢ ᠪᠠᠶᠢᠷᠢᠰᠢᠭᠤᠯᠵᠤ᠂ ᠬᠤᠶᠠᠷ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ | ᠬᠠᠮᠵᠢᠯᠴᠠᠨ ᠬᠠᠮᠲᠤᠪᠠᠷ ᠬᠥᠭᠵᠢᠬᠦ ᠶᠢ ᠬᠦᠴᠦᠲᠡᠢ ᠠᠬᠢᠭᠤᠯᠵᠤ᠂ ᠬᠤᠤᠯᠢᠩᠭᠤᠤᠯ ᠨᠢ ᠦᠷᠭᠦᠯᠵᠢᠯᠡᠨ ᠰᠢᠨ᠎ᠡ ᠶᠢ | ᠡᠭᠦᠳᠬᠦ ᠪᠦᠯᠦᠭᠯᠡᠯ ᠤᠨ ᠬᠤᠤᠯᠢᠩᠭᠤᠤᠯ ᠳᠤ ᠦᠢᠯᠡᠴᠢᠯᠡᠬᠦ ᠲᠦᠷᠦᠯ ᠵᠦᠢᠯ ᠳᠤ ᠰᠠᠶᠢᠲᠤᠷ ᠦᠢᠯᠡᠴᠢᠯᠡᠬᠦ ᠶᠢᠨ | ᠬᠠᠮᠲᠤ ᠭᠦᠸᠧ ᠳ᠋ᠢ ᠰᠢᠶᠠᠨ ᠲᠠᠢ ᠴᠢᠨᠠᠭᠰᠢᠳᠠ ᠪᠣᠳᠠᠲᠠᠢ ᠶᠢ ᠡᠷᠬᠢᠮᠯᠡᠭᠰᠡᠨ ᠰᠣᠯᠢᠯᠴᠠᠭ᠎ᠠ ᠬᠠᠮᠲᠤᠷᠠᠯᠴᠠᠭ᠎ᠠ ᠬᠢᠵᠦ᠂ | ᠬᠤᠣᠰ ᠴᠢᠭᠯᠡᠯ ᠢᠶᠠᠷ ᠡᠨᠧᠷᠭᠢ ᠣᠯᠭᠤᠬᠤ ᠶᠢ ᠪᠡᠶᠡᠯᠡᠭᠦᠯᠵᠦ᠂ ᠬᠤᠶᠠᠷ ᠭᠠᠵᠠᠷ ᠤᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠤᠨ᠎ᠠ ᠭᠡᠵᠦ ᠴᠢᠬᠤᠯᠠᠴᠢᠯᠠᠪᠠ᠃ | ᠦ᠋ ᠳ᠋ᠢ ᠰᠢᠶᠠᠨ ᠤ ᠤᠳᠤᠷᠢᠳᠤᠯᠭ᠎ᠠ ᠯᠢᠦ ᠬᠠᠢ ᠴᠢᠩ᠂ ᠯᠢᠦ ᠹᠦ᠋ ᠯᠸᠢ᠂ ᠵᠤᠤ ᠵᠢᠢ ᠢ᠂ ᠬᠤᠤᠯᠢᠩᠭᠤᠤᠯ | ᠬᠤᠳᠠ ᠶᠢᠨ ᠤᠳᠤᠷᠢᠳᠤᠯᠭ᠎ᠠ ᠱᠠᠨ ᠯᠢᠶᠠᠨ ᠾᠧᠩ᠂ ᠰᠦᠩ ᠴᠢ ᠵᠧ᠂ ᠵᠤᠤ ᠱᠢ ᠶᠢᠨ ᠠᠵᠢᠯᠯᠠᠭ᠎ᠠ ᠳᠤ ᠣᠷᠣᠯᠴᠠᠪᠠ | ᠃ | |