12 ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠬᠤᠤᠯᠢᠩᠭᠤᠤᠯ ᠬᠤᠲᠠ ᠶᠢᠨ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ | ᠬᠤᠶᠠᠳᠤᠭᠠᠷ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠬᠤᠲᠠ ᠶᠢᠨ ᠳᠠᠷᠤᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠵᠧᠦ ᠬᠠᠢ ᠮᠢᠨ | ᠬᠤᠷᠠᠯ ᠳᠤ ᠣᠷᠣᠯᠴᠠᠪᠠ᠃ | | | | | | | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠤᠲᠤ ᠪᠦᠷᠢᠯᠲᠦᠭᠦᠨ ᠪᠦᠷᠢᠯᠲᠦᠭᠦᠨ 29 ᠬᠦᠮᠦᠨ᠂ ᠪᠤᠲᠠᠲᠠᠢ | ᠢᠷᠡᠭᠰᠡᠨ ᠨᠢ 25 ᠬᠦᠮᠦᠨ᠂ ᠬᠠᠤᠯᠢ ᠳᠤ ᠲᠤᠭᠲᠠᠭᠠᠭᠰᠠᠨ ᠬᠦᠮᠤᠨ ᠤ ᠲᠤᠭ᠎ᠠ ᠲᠠᠢ ᠨᠡᠶᠢᠴᠡᠨ᠎ᠡ᠃ | ᠬᠤᠷᠠᠯ ᠠᠴᠠ ︽ᠬᠤᠤᠯᠢᠩᠭᠤᠤᠯ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠤᠨ | ᠮᠡᠳᠡᠭᠦᠯᠦᠯᠲᠡ︾᠂ ︽2023 ᠣᠨ ᠤ ᠬᠤᠤᠯᠢᠩᠭᠤᠤᠯ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ | ᠲᠣᠰ ᠱᠠᠲᠤᠨ ᠤ ᠪᠡᠯᠡᠭᠯᠡᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ | ᠮᠡᠳᠡᠭᠦᠯᠦᠯᠲᠡ︾᠂ ︽ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ | ᠬᠡᠷᠡᠭ ᠡᠷᠬᠢᠯᠡᠭᠴᠢᠳ ᠤᠨ ᠬᠤᠷᠠᠯ ᠤᠨ ᠬᠤᠶᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ︾᠂ ︽ | ᠬᠤᠤᠯᠢᠩᠭᠤᠤᠯ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠬᠡᠷᠡᠭ | ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ᠂ ᠪᠠᠶᠢᠩᠭᠤ ᠶᠢᠨ ᠬᠡᠷᠡᠭ ᠡᠷᠬᠢᠯᠡᠭᠴᠢ᠂ ᠪᠠᠶᠢᠩᠭᠤ ᠶᠢᠨ ᠳᠡᠳ᠋ | ᠳᠠᠷᠤᠭ᠎ᠠ᠂ ᠲᠤᠰᠢᠶᠠᠯ ᠬᠠᠪᠰᠤᠷᠭᠠᠭᠰᠠᠨ ᠳᠡᠳ᠋ ᠳᠠᠷᠤᠭ᠎ᠠ ᠶᠢ ᠨᠡᠮᠡᠨ ᠨᠥᠬᠦᠪᠥᠷᠢᠯᠡᠬᠦ ᠲᠤᠬᠠᠶ ᠵᠥᠪᠯᠡᠯᠭᠡ︾᠂ ︽ | ᠬᠤᠤᠯᠢᠩᠭᠤᠤᠯ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠥᠮᠦᠯᠢᠭ ᠦᠵᠡᠯ ᠤᠨ ᠠᠪᠤᠷᠠᠨ | ᠲᠤᠰᠠᠯᠠᠬᠤ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾ ᠶᠢ ᠬᠢᠨᠠᠨ ᠵᠥᠪᠯᠡᠵᠦ ᠪᠠᠲᠤᠯᠠᠨ᠂ ᠬᠤᠤᠯᠢᠩᠭᠤᠤᠯ | ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ 2023 ᠣᠨ ᠤ ᠬᠢᠨᠠᠭᠴᠢᠳ ᠤᠨ ᠵᠥᠪᠯᠡᠯ ᠤᠨ ᠬᠢᠨᠠᠯᠲᠠ | ᠲᠠᠯᠪᠢᠬᠤ ᠠᠵᠢᠯ ᠤᠨ ᠪᠠᠶᠢᠳᠠᠯ ᠢ ᠪᠢᠴᠢᠭ ᠢᠶᠠᠷ ᠮᠡᠳᠡᠭᠳᠡᠪᠡ᠃ | ᠵᠧᠦ ᠬᠠᠢ ᠮᠢᠨ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠤᠯᠤᠰ | ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠤᠯᠤᠰ | ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠲᠤᠤᠱᠯᠠᠭᠤᠯᠵᠤ᠂ ᠨᠠᠮ ᠤᠨ | ᠤᠳᠤᠷᠢᠳᠤᠯᠭ᠎ᠠ ᠶᠢ ᠢᠮᠠᠭᠲᠠ ᠤᠯᠠᠭᠠᠨ ᠵᠠᠭᠠᠯᠮᠠᠶᠢᠳᠠᠨ ᠤ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ | ᠲᠤᠤᠱᠯᠠᠭᠤᠯᠬᠤ ᠬᠡᠷᠡᠭᠲᠡᠢ︔ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠭᠠᠮᠰᠢᠭ ᠠᠴᠠ | ᠠᠪᠤᠷᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠥᠮᠦᠯᠢᠭ ᠰᠣᠶᠣᠯ ᠤᠨ ᠳᠠᠮᠵᠢᠭᠤᠯᠭ᠎ᠠ ᠶᠢᠨ ᠲᠦᠪᠰᠢᠨ ᠢ | ᠳᠡᠭᠡᠭᠰᠢᠯᠡᠭᠦᠯᠵᠦ᠂ ᠤᠯᠠᠭᠠᠨ ᠵᠠᠭᠠᠯᠮᠠᠶᠢᠳᠠᠨ ᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ | ᠬᠡᠷᠡᠭᠲᠡᠢ︔ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠲᠠᠢ ᠬᠠᠷᠢᠯᠴᠠᠬᠤ᠂ ᠬᠥᠮᠦᠯᠢᠭ ᠦᠵᠡᠯ ᠤᠨ ᠡᠬᠢ | ᠪᠠᠶᠠᠯᠢᠭ ᠢ ᠬᠤᠷᠠᠮᠳᠤᠭᠤᠯᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠬᠥᠮᠦᠯᠢᠭ ᠦᠵᠡᠯ ᠤᠨ ᠬᠦᠷᠢᠶᠡᠨ ᠤ ᠤᠯᠠᠨ ᠲᠦᠮᠡᠨ ᠲᠠᠢ ᠬᠠᠷᠢᠯᠴᠠᠬᠤ | ᠬᠥᠭᠦᠷᠭᠡ ᠪᠠ ᠬᠤᠯᠪᠣᠭᠠᠰᠤ ᠶᠢᠨ ᠦᠢᠯᠡᠳᠦᠯ ᠢ ᠬᠦᠴᠦᠯᠡᠨ ᠪᠠᠳᠠᠷᠠᠭᠤᠯᠵᠤ᠂ ᠮᠠᠨ ᠤ ᠬᠤᠳᠠ ᠶᠢᠨ ᠤᠯᠠᠭᠠᠨ | ᠵᠠᠭᠠᠯᠮᠠᠶᠢᠳᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ | ᠭᠡᠵᠠᠢ᠃ | | |