ᠮᠧᠩ ᠰᠢᠶᠠᠨ ᠳ᠋ᠦᠩ ᠬᠤᠤᠯᠢᠩᠭᠤᠤᠯ ᠬᠤᠲᠠ ᠳᠤ ᠭᠦᠨᠵᠡᠭᠡᠶᠢᠷᠡᠨ ᠭᠠᠵᠠᠷ ᠬᠥᠳᠡᠯᠦᠯᠲᠡ ᠶᠢᠨ ᠳᠠᠷᠠᠭᠠᠬᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/9
    12 ᠰᠠᠷ᠎ᠠ ᠶᠢᠨ 3 ᠤ ᠡᠳᠦᠷ᠂ ᠮᠧᠩ ᠰᠢᠶᠠᠨ ᠳ᠋ᠦᠩ ᠬᠤᠤᠯᠢᠩᠭᠤᠤᠯ ᠬᠤᠲᠠ ᠶᠢᠨ ᠬᠡᠰᠡᠭ ᠰᠤᠷᠭᠠᠭᠤᠯᠢ᠂ ᠠᠶᠢᠯ ᠲᠣᠰᠬᠤᠨ᠂ ᠦᠢᠯᠡᠳᠪᠦᠷᠢ ᠠᠭᠤᠷᠬᠠᠶ᠂ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠭᠠᠵᠠᠷ ᠬᠥᠳᠡᠯᠦᠯᠲᠡ ᠶᠢᠨ ᠳᠠᠷᠠᠭᠠᠬᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃

   12 ᠰᠠᠷ᠎ᠠ ᠶᠢᠨ 3 ᠤ ᠡᠳᠦᠷ᠂ ᠮᠧᠩ ᠰᠢᠶᠠᠨ ᠳ᠋ᠦᠩ ᠬᠤᠤᠯᠢᠩᠭᠤᠤᠯ ᠬᠤᠲᠠ ᠶᠢᠨ ᠱᠢ ᠵᠢᠢ  ᡁᠢ ᠭᠤᠸᠠᠩ

ᠪᠠᠭ᠎ᠠ ᠲᠣᠭᠤᠷᠢᠭ ᠲᠤ ᠭᠦᠨᠵᠡᠭᠡᠶᠢᠷᠡᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠤᠬᠢᠷᠠᠯ ᠤᠨ ᠪᠠᠶᠢᠳᠠᠯ ᠢ

ᠣᠶᠢᠯᠠᠭᠠᠪᠠ᠃

   ᠬᠤᠣᠯᠢᠩᠭᠤᠣᠯ ᠬᠤᠲᠠ 11 ᠰᠠᠷ᠎ᠠ ᠶᠢᠨ 24 ᠤ ᠡᠳᠦᠷ 4.3 ᠲᠠᠰ ᠤᠨ ᠭᠠᠵᠠᠷ ᠬᠦᠳᠡᠯᠦᠯᠲᠡ ᠡᠬᠦᠰᠴᠦ᠂

ᠬᠡᠰᠡᠭ ᠠᠷᠠᠳ ᠤᠨ ᠭᠡᠷ ᠪᠠᠶᠢᠰᠢᠩ᠂ ᠡᠮᠨᠡᠯᠭᠡ ᠶᠢᠨ ᠬᠤᠷᠢᠶ᠎ᠠ᠂ ᠠᠵᠤ ᠠᠬᠤᠶᠢᠯᠠᠯ ᠤᠨ ᠦᠢᠯᠡᠳᠪᠣᠷᠢ ᠶᠢᠨ ᠭᠡᠷ᠂

ᠠᠵᠢᠯᠯᠠᠬᠤ ᠭᠠᠵᠠᠷ ᠠᠳᠠᠯᠢ ᠪᠣᠰᠦ ᠬᠡᠮᠵᠢᠶ᠎ᠡ ᠪᠠᠷ ᠬᠤᠬᠢᠷᠠᠯ ᠳᠤ ᠣᠴᠠᠷᠠᠪᠠ᠃ ᠬᠤᠲᠠ ᠶᠢᠨ ᠨᠠᠮ ᠤᠨ ᠬᠤᠷᠢᠶ᠎ᠠ᠂

ᠬᠤᠲᠠ ᠶᠢᠨ ᠵᠠᠰᠠᠭ ᠤᠨ ᠣᠷᠳᠣᠨ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠭᠠᠵᠠᠷ ᠬᠥᠳᠡᠯᠦᠯᠲᠡ ᠲᠠᠢ

ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠲᠡᠷᠡ ᠳᠠᠷᠤᠶ ᠳᠤᠨᠢ ᠲᠣᠬᠢᠷᠠᠭᠤᠯᠤᠨ ᠪᠠᠶᠢᠷᠢᠯᠠᠭᠤᠯᠵᠤ᠂ ᠮᠧᠩ

ᠰᠢᠶᠠᠨ ᠳ᠋ᠦᠩ ᠤᠷᠢᠳ ᠬᠤᠵᠢᠳ ᠴᠣᠬᠤᠯᠠᠪᠤᠷᠢ ᠥᠭᠴᠦ᠂ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ

ᠠᠵᠢᠯ ᠢᠶᠠᠨ ᠲᠣᠬᠢᠷᠠᠭᠤᠯᠤᠨ ᠠᠬᠢᠭᠤᠯᠪᠠ᠃ ᠲᠤᠰ ᠤᠳᠠᠭᠠᠨ ᠤ ᠪᠠᠶᠢᠴᠠᠭᠠᠨ ᠰᠤᠳᠤᠯᠤᠯᠳᠠ ᠳᠤ ᠮᠧᠩ ᠰᠢᠶᠠᠨ

ᠳ᠋ᠦᠩ ᠤᠷᠢᠳ ᠬᠤᠵᠢᠳ ᠱᠢ ᠵᠢᠢ ᡁᠢ ᠭᠤᠸᠠᠩ ᠪᠠᠭ᠎ᠠ ᠲᠤᠭᠤᠷᠢᠭ᠂ ᠤᠯᠤᠰ ᠤᠨ ᠴᠠᠬᠢᠯᠭᠠᠨ ᠬᠦᠴᠦᠨ ᠤ ᠪᠡᠯᠡ

ᠤᠷᠤᠭᠤᠯᠤᠯᠳᠠ ᠶᠢᠨ ᠡᠮᠦᠨ᠎ᠡ ᠵᠠᠳᠠᠭᠠᠢ ᠠᠭᠤᠷᠬᠠᠢ᠂ ᠲᠠᠯᠠᠶᠢᠬᠤᠰᠢᠭᠤ ᠰᠤᠮᠤ ᠶᠢᠨ ᠴᠠᠭᠠᠨᠨᠠᠭᠤᠷ ᠲᠤᠰᠬᠤᠨ᠂

ᠲᠠᠯᠠᠶᠢᠬᠤᠰᠢᠭᠤ ᠰᠤᠮᠤᠨ ᠤ ᠭᠤᠤᠯ ᠰᠤᠷᠭᠠᠭᠤᠯᠢ  ᠂ ᠵᠢᠷᠭᠤᠳᠤᠭᠠᠷ ᠳᠤᠮᠳᠠᠳᠤ ᠰᠤᠷᠭᠠᠭᠤᠯᠢ ᠵᠡᠷᠭᠡ ᠭᠠᠵᠠᠷ ᠲᠤ

ᠬᠦᠷᠴᠦ᠂ ᠭᠠᠮᠰᠢᠬᠳᠠᠬᠰᠠᠨ ᠪᠠᠶᠢᠳᠠᠯ ᠢ ᠪᠠᠶᠢᠴᠠᠭᠠᠨ ᠦᠵᠡᠵᠦ᠂ ᠭᠠᠮᠰᠢᠭᠳᠠᠭᠰᠠᠨ ᠤᠯᠠᠨ ᠲᠦᠮᠡᠨ ᠢ ᠪᠤᠯᠭᠤᠭᠠᠨ

ᠲᠤᠬᠤᠨᠢᠭᠤᠯᠵᠤ᠂ ᠠᠶᠤᠯ ᠲᠦᠭᠰᠢᠭᠦᠷᠢ ᠶᠢ ᠠᠷᠢᠯᠭᠠᠨ ᠪᠠᠬᠢᠯᠡᠬᠦ᠂ ᠭᠠᠮᠰᠢᠭ ᠤᠨ ᠳᠠᠷᠠᠭᠠᠬᠢ ᠰᠡᠷᠬᠦᠯᠳᠡ ᠵᠡᠷᠭᠡ

ᠠᠵᠢᠯ ᠤᠨ ᠠᠬᠢᠴᠠ ᠶᠢ ᠤᠶᠢᠯᠠᠭᠠᠭᠰᠠᠨ ᠪᠦᠭᠡᠳ ᠬᠤᠷᠠᠯ ᠬᠤᠷᠠᠯᠳᠤᠭᠤᠯᠵᠤ ᠬᠤᠤᠯᠢᠩᠭᠤᠤᠯ ᠬᠤᠳᠠ ᠶᠢᠨ ᠬᠠᠮᠢᠶ᠎ᠠ

ᠪᠦᠬᠦᠢ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠤᠨᠤᠰᠴᠤ᠂ ᠳᠠᠷᠠᠭᠠᠴᠢ ᠶᠢᠨ ᠠᠯᠬᠤᠮ ᠤᠨ ᠠᠵᠢᠯ ᠳᠤ ᠪᠤᠳᠠᠳᠠᠢ

ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃

   ᠮᠧᠩ ᠰᠢᠶᠠᠨ ᠳ᠋ᠦᠩ᠂ ᠲᠣᠰ ᠤᠳᠠᠭᠠᠨ ᠤ ᠭᠠᠵᠠᠷ ᠬᠥᠳᠡᠯᠦᠯᠲᠡ ᠶᠢᠨ ᠳᠡᠰ ᠲᠡᠶᠢᠮᠦ ᠶᠡᠭᠡ ᠪᠢᠰᠢ ᠪᠣᠯᠪᠠᠴᠤ

ᠵᠣᠬᠢᠬᠤ ᠬᠡᠮᠵᠢᠶᠡᠨ ᠤ ᠭᠠᠵᠠᠷ ᠬᠥᠳᠡᠯᠦᠯᠲᠡ ᠶᠢᠨ ᠭᠠᠮᠰᠢᠭ ᠭᠠᠷᠤᠭᠰᠠᠨ ᠪᠠᠶᠢᠨ᠎ᠠ᠃ ᠭᠠᠮᠰᠢᠭ ᠤᠨ ᠪᠠᠶᠢᠳᠠᠯ ᠪᠣᠯ

ᠳᠠᠷᠤᠶ ᠵᠠᠷᠯᠢᠭ ᠮᠥᠨ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂

ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ ᠬᠤᠪᠢ ᠳᠠᠬᠢᠨ ᠴᠢᠷᠮᠠᠶᠢᠵᠤ᠂ ᠭᠠᠮᠰᠢᠭ ᠢ ᠰᠡᠷᠭᠡᠶᠢᠯᠡᠵᠦ

ᠭᠠᠮᠰᠢᠭ ᠢ ᠪᠠᠭᠠᠰᠬᠠᠬᠤ ᠪᠠ ᠭᠠᠮᠰᠢᠭ ᠤᠨ ᠳᠠᠷᠠᠭ᠎ᠠ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ

ᠬᠢᠵᠦ᠂ ᠭᠠᠮᠰᠢᠭ ᠠᠴᠠ ᠪᠣᠯᠤᠭᠰᠠᠨ ᠬᠤᠬᠢᠷᠠᠯ ᠢ ᠪᠦᠬᠦ ᠬᠦᠴᠦᠨ ᠢᠶᠠᠷ ᠢᠶᠠᠨ ᠬᠠᠮᠤᠭ ᠤᠨ ᠳᠣᠤᠷ᠎ᠠ ᠬᠡᠮᠵᠢᠶᠡᠨ ᠳᠤ

ᠬᠦᠷᠲᠡᠯ᠎ᠡ ᠪᠠᠭᠠᠰᠬᠠᠬᠤ ᠬᠡᠷᠡᠭᠲᠡᠶ᠃ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠵᠦ᠂

ᠬᠦᠴᠢᠷᠳᠡᠯᠲᠡᠢ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠦᠨᠳᠦᠰᠦᠨ ᠠᠮᠢᠳᠤᠷᠠᠯ ᠢ ᠬᠦᠴᠦᠲᠡᠢ ᠪᠠᠲᠤᠯᠠᠬᠤ

ᠬᠡᠷᠡᠭᠲᠡᠢ᠃ ᠡᠪᠳᠡᠭᠳᠡᠭᠰᠡᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠬᠢᠨᠠᠨ ᠲᠣᠭᠲᠠᠭᠠᠬᠤ ᠠᠵᠢᠯ ᠢ ᠭᠦᠨᠵᠡᠭᠡᠶ

ᠪᠥᠭᠡᠳ ᠨᠠᠷᠢᠨ ᠨᠢᠮᠪᠠᠶ ᠥᠷᠨᠢᠭᠦᠯᠵᠦ᠂ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠨ᠂ ᠲᠤᠰᠬᠠᠶ

ᠮᠡᠷᠭᠡᠵᠢᠯ ᠤᠨ ᠪᠠᠶᠢᠭᠤᠯᠤᠮᠵᠢ ᠶᠢᠨ ᠬᠦᠴᠦᠨ ᠢ ᠵᠣᠬᠢᠶᠠᠨ ᠪᠠᠶᠢᠭᠤᠯᠵᠤ᠂ ᠬᠥᠮᠦᠨ ᠣᠯᠠᠨ ᠴᠤᠭᠯᠠᠷᠠᠬᠤ ᠭᠠᠵᠠᠷ

ᠲᠠᠯᠠᠪᠤᠷ ᠢᠯᠠᠩᠭᠤᠶ᠎ᠠ ᠰᠤᠷᠭᠠᠭᠤᠯᠢ ᠶᠢᠨ ᠪᠠᠷᠢᠯᠭ᠎ᠠ ᠳᠤ ᠤᠷᠢᠳᠠᠪᠠᠷ ᠦᠨᠡᠯᠡᠨ ᠵᠢᠱᠢᠵᠦ ᠬᠢᠨᠠᠨ ᠲᠣᠭᠲᠠᠭᠠᠯᠲᠠ ᠬᠢᠵᠦ᠂

ᠰᠢᠨᠵᠢᠯᠡᠬᠦ ᠤᠬᠠᠭᠠᠨᠴᠢ ᠪᠥᠭᠡᠳ ᠴᠢᠩᠭ᠎ᠠ ᠨᠢᠮᠪᠠᠶ ᠬᠢᠨᠠᠨ ᠲᠣᠭᠲᠠᠭᠠᠭᠰᠠᠨ ᠦᠷ᠎ᠡ ᠳ᠋ᠦᠩ ᠢ ᠳᠤᠷᠠᠳᠬᠤ ᠬᠡᠷᠡᠭᠲᠡᠶ᠃

ᠬᠢᠨᠠᠨ ᠲᠣᠭᠲᠠᠭᠠᠭᠰᠠᠨ ᠰᠠᠨᠠᠯ ᠢ ᠦᠨᠳᠦᠰᠦᠯᠡᠨ ᠪᠣᠳᠠᠲᠠᠶ ᠠᠵᠢᠯ ᠤᠨ ᠲᠥᠰᠦᠯ ᠢ ᠲᠦᠷᠭᠡᠬᠡᠨ ᠲᠣᠭᠲᠠᠭᠠᠵᠤ᠂

ᠰᠡᠯᠪᠢᠨ ᠵᠠᠰᠠᠬᠤ ᠴᠢᠬᠤᠯᠠ ᠲᠠᠢ ᠶᠢ ᠨᠢ ᠡᠷᠲᠡᠬᠡᠨ ᠰᠡᠯᠪᠢᠨ ᠵᠠᠰᠠᠵᠤ᠂ ᠡᠷᠬᠡᠪᠰᠢ ᠳᠠᠬᠢᠨ ᠪᠠᠶᠢᠭᠤᠯᠵᠤ ᠴᠠᠭ

ᠲᠤᠬᠠᠶ ᠳᠤᠨᠢ ᠳᠠᠬᠢᠨ ᠪᠠᠶᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ

ᠦᠨᠡᠨᠬᠦ ᠪᠠᠲᠤᠯᠠᠬᠤ ᠬᠡᠷᠡᠭᠲᠡᠶ᠃ ᠭᠠᠵᠠᠷ ᠣᠷᠣᠨ ᠤ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠨᠡᠯᠢᠶᠡᠳ

ᠣᠯᠠᠨ ᠪᠣᠳᠠᠲᠤ ᠪᠠᠶᠢᠳᠠᠯ ᠳᠤ ᠴᠢᠭᠯᠡᠭᠦᠯᠦᠨ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠭᠯᠡᠭᠦᠯᠬᠦ

ᠴᠢᠨᠠᠷᠲᠠᠶ ᠪᠠᠷ ᠰᠠᠶᠢᠲᠤᠷ ᠠᠳᠬᠤᠵᠤ᠂ ᠬᠢᠨᠠᠨ ᠬᠡᠮᠵᠢᠬᠦ ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠢ ᠪᠠᠲᠤᠯᠠᠨ᠂

ᠲᠤᠭ᠎ᠠ ᠪᠠᠷᠢᠮᠲᠠ ᠶᠢ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠶᠤᠯᠭᠦᠢ

ᠦᠢᠯᠡᠳᠪᠦᠷᠢᠯᠡᠯ᠂ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠮᠡᠳᠡᠭᠡ ᠵᠠᠩᠭᠢ ᠨᠡᠶᠢᠲᠡᠯᠡᠬᠦ

ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠢᠳᠡᠪᠬᠢᠲᠡᠶ ᠰᠠᠶᠢᠲᠤᠷ ᠬᠢᠵᠦ᠂ ᠭᠠᠵᠠᠷ

ᠬᠥᠳᠡᠯᠦᠯᠲᠡ ᠶᠢᠨ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠭᠠᠵᠠᠷ ᠬᠥᠳᠡᠯᠦᠯᠲᠡ ᠠᠴᠠ

ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠪᠠᠴᠢᠮ

ᠪᠠᠶᠢᠳᠠᠯ ᠢ ᠠᠷᠭᠠᠴᠠᠬᠤ ᠰᠣᠷᠢᠯᠲᠠ ᠶᠢ ᠴᠢᠬᠤᠯᠠᠴᠢᠯᠠᠨ ᠴᠢᠩᠭᠠᠳᠬᠠᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠬᠦ

ᠮᠡᠳᠡᠯᠭᠡ ᠶᠢᠨ ᠬᠢᠷᠢ ᠲᠦᠪᠰᠢᠨ ᠪᠠ ᠠᠶᠤᠯ ᠠᠴᠠ ᠵᠠᠶᠢᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ

ᠭᠡᠵᠠᠢ᠃

   ᠮᠧᠩ ᠰᠢᠶᠠᠨ ᠳ᠋ᠦᠩ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠣᠯᠠᠨ ᠲᠦᠮᠡᠨ ᠤ ᠠᠮᠤᠷ ᠲᠦᠪᠰᠢᠨ

ᠠᠶᠤᠯ ᠲᠦᠭᠰᠢᠭᠦᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠭᠠᠮᠰᠢᠭᠳᠠᠭᠰᠠᠨ ᠣᠯᠠᠨ ᠲᠦᠮᠡᠨ ᠤ

ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ

ᠳᠤᠮᠳᠠ ᠡᠮᠦᠨ᠎ᠡ ᠨᠢ ᠭᠠᠪᠰᠢᠭᠠᠶᠢᠯᠠᠵᠤ᠂ ᠥᠯᠢᠭᠡᠷ ᠳᠠᠭᠤᠷᠢᠶᠠᠯ ᠪᠣᠯᠵᠣ᠂ ᠡᠯ᠎ᠡ ᠱᠠᠲᠤᠨ ᠤ ᠨᠠᠮ ᠤᠨ ᠭᠡᠰᠢᠭᠦᠨ

ᠺᠠᠳ᠋ᠷᠴᠤᠳ ᠢ ᠳᠠᠭᠠᠭᠤᠯᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠡᠯ᠎ᠡ ᠲᠠᠯ᠎ᠠ ᠶᠢᠨ ᠠᠵᠢᠯ ᠢ

ᠰᠠᠶᠢᠲᠤᠷ ᠬᠢᠵᠦ᠂ ᠨᠠᠮ ᠪᠠ ᠣᠯᠠᠨ ᠲᠦᠮᠡᠨ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ

ᠨᠢᠭᠲᠠᠷᠠᠭᠤᠯᠵᠤ᠂ ᠠᠷᠠᠳ ᠣᠯᠠᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ

ᠮᠡᠳᠡᠷᠡᠭᠦᠯᠬᠦ ᠬᠡᠷᠡᠭᠲᠡᠶ᠃ ᠠᠷᠠᠳ ᠣᠯᠠᠨ ᠤ ᠭᠤᠤᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂

ᠥᠷᠭᠡᠨ ᠣᠯᠠᠨ ᠠᠷᠠᠳ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠥᠪᠡᠷ ᠢ ᠪᠠᠨ ᠠᠪᠤᠷᠠᠬᠤ ᠪᠠ ᠬᠠᠷᠢᠯᠴᠠᠨ

ᠠᠪᠤᠷᠠᠬᠤ ᠠᠵᠢᠯ ᠢ ᠢᠳᠡᠪᠬᠢᠲᠡᠶ ᠥᠷᠨᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠯᠤᠭ᠎ᠠ ᠶᠢᠨ ᠤᠯᠤᠯᠴᠠᠭ᠎ᠠ

ᠵᠣᠯᠭᠠᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠭᠠᠮᠰᠢᠭ ᠤᠨ ᠪᠠᠶᠢᠳᠠᠯ ᠢ ᠴᠠᠭ ᠲᠤᠬᠠᠢ ᠳᠤᠨᠢ

ᠦᠨᠡᠨ ᠮᠥᠨ ᠢᠶᠠᠷ ᠨᠢ ᠮᠡᠳᠡᠭᠦᠯᠵᠦ᠂ ᠳᠡᠮᠵᠢᠯᠭᠡ ᠬᠠᠪᠰᠤᠷᠤᠯᠭ᠎ᠠ ᠶᠢ ᠢᠳᠡᠪᠬᠢᠲᠡᠢ ᠣᠯᠵᠤ᠂ ᠭᠠᠮᠰᠢᠭ ᠤᠨ ᠳᠠᠷᠠᠭᠠᠬᠢ

ᠪᠦᠳᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠪᠡ᠃

   ᠮᠡᠷᠭᠡᠨᠪᠠᠲᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号