ᠥᠷᠭᠡᠨ ᠣᠯᠠᠨ ᠵᠣᠬᠢᠬᠤ ᠨᠠᠰᠤᠨ ᠤ ᠵᠠᠯᠠᠭᠤᠴᠤᠳ ᠵᠢᠴᠢ ᠭᠡᠷ ᠤᠨ ᠠᠬᠠᠮᠠᠳ ᠨᠠᠶᠢᠵᠠ ᠨᠠᠷ᠄ | 2025 ᠣᠨ ᠳᠤ ᠪᠥᠬᠦ ᠤᠯᠤᠰ ᠤᠨ ᠴᠡᠷᠢᠭ ᠡᠯᠰᠡᠬᠦ ᠨᠡᠷ᠎ᠡ ᠮᠡᠳᠡᠭᠦᠯᠬᠦ ᠠᠵᠢᠯ 2024 ᠣᠨ ᠤ 12 | ᠰᠠᠷ᠎ᠠ ᠶᠢᠨ 1 ᠤ ᠡᠳᠦᠷ ᠠᠴᠠ ᠡᠬᠢᠯᠡᠵᠦ᠂ ᠣᠯᠠᠨ ᠢᠶᠠᠷ ᠢᠶᠠᠨ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢ | ᠣᠶᠢᠯᠠᠭᠠᠬᠤ ᠳᠤ ᠲᠥᠬᠦᠮ ᠪᠣᠯᠭᠠᠵᠤ᠂ ᠤᠯᠤᠰ ᠤᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ | ᠴᠡᠷᠢᠭ ᠲᠤ ᠡᠯᠰᠡᠬᠦ ᠪᠠᠷ ᠢᠳᠡᠪᠬᠢᠲᠡᠢ ᠨᠡᠷ᠎ᠡ ᠮᠡᠳᠡᠭᠦᠯᠵᠦ᠂ ᠣᠲᠣ ᠮᠠᠨ ᠤ ᠬᠤᠲᠠ ᠶᠢᠨ 2025 ᠣᠨ ᠤ ᠴᠡᠷᠢᠭ | ᠡᠯᠰᠡᠬᠦ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠨᠡᠷ᠎ᠡ ᠮᠡᠳᠡᠭᠦᠯᠬᠦ ᠴᠠᠭ | ᠡᠷᠡᠭᠲᠡᠢ ᠴᠡᠷᠢᠭ 2025 ᠣᠨ ᠳᠤ ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠬᠦ ᠴᠠᠭ᠄ | ᠳᠡᠭᠡᠷ᠎ᠡ ᠬᠠᠭᠠᠰ ᠵᠢᠯ᠄ 2024 ᠣᠨ ᠤ 12 ᠰᠠᠷ᠎ᠠ ᠶᠢᠨ 1 ᠤ ᠡᠳᠦᠷ ᠠᠴᠠ 2025 ᠣᠨ ᠤ 2 ᠰᠠᠷ᠎ᠠ ᠶᠢᠨ | 10 ᠤ ᠡᠳᠦᠷ ᠤᠨ 24 ᠴᠠᠭ ᠪᠣᠯᠲᠠᠯ᠎ᠠ᠃ | ᠳᠣᠣᠷ᠎ᠠ ᠬᠠᠭᠠᠰ ᠵᠢᠯ᠄ 2024 ᠣᠨ ᠤ 12 ᠰᠠᠷ᠎ᠠ ᠶᠢᠨ 1 ᠤ ᠡᠳᠦᠷ ᠠᠴᠠ 2025 ᠣᠨ ᠤ 8 | ᠰᠠᠷ᠎ᠠ ᠶᠢᠨ 10 ᠤ ᠡᠳᠦᠷ ᠤᠨ 24 ᠴᠠᠭ ᠪᠣᠯᠲᠠᠯ᠎ᠠ᠃ | ᠡᠮᠡᠭᠲᠡᠶ ᠴᠡᠷᠢᠭ 2025 ᠣᠨ ᠤ ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠬᠦ ᠴᠠᠭ᠄ | ᠳᠡᠭᠡᠷ᠎ᠡ ᠬᠠᠭᠠᠰ ᠵᠢᠯ᠄ 2025 ᠣᠨ ᠤ 1 ᠰᠠᠷ᠎ᠠ ᠶᠢᠨ 1 ᠤ ᠡᠳᠦᠷ ᠠᠴᠠ 2025 ᠣᠨ ᠤ 2 ᠰᠠᠷ᠎ᠠ ᠶᠢᠨ | 10 ᠤ ᠡᠳᠦᠷ ᠤᠨ 24 ᠴᠠᠭ ᠪᠣᠯᠲᠠᠯ᠎ᠠ᠃ | ᠳᠣᠤᠷ᠎ᠠ ᠬᠠᠭᠠᠰ ᠵᠢᠯ᠄ 2025 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ 2025 ᠣᠨ ᠤ 8 | ᠳ᠋ᠤᠭᠠᠷ ᠰᠠᠷ᠎ᠠ ᠶᠢᠨ 10 ᠤ ᠡᠳᠦᠷ ᠤᠨ 24 ᠴᠠᠭ ᠪᠣᠯᠲᠠᠯ᠎ᠠ᠃ | ᠬᠤᠶᠠᠷ᠂ ᠦᠨᠳᠦᠰᠦᠨ ᠨᠥᠬᠦᠴᠡᠯ | ︵ᠨᠢᠭᠡ︶ ᠤᠯᠤᠰ ᠲᠦᠷᠦ ᠶᠢᠨ ᠨᠦᠬᠦᠴᠡᠯ | ᠴᠡᠷᠢᠭ ᠠᠩᠭᠢ ᠶᠢᠨ ᠡᠯᠰᠡᠨ ᠴᠤᠭᠯᠠᠭᠤᠯᠤᠭᠰᠠᠨ ᠪᠠ ᠡᠯᠰᠡᠭᠰᠡᠨ ᠬᠥᠮᠦᠰ ᠡᠷᠬᠡᠪᠰᠢ ᠤᠯᠤᠰ ᠲᠥᠷᠥ ᠶᠢᠨ ᠬᠢᠨᠠᠨ | ᠰᠢᠯᠭᠠᠯᠲᠠ ᠬᠢᠵᠦ᠂ ᠲᠣᠰ ᠬᠥᠮᠦᠨ ᠤ ᠤᠯᠤᠰ ᠲᠥᠷᠥ ᠦᠵᠡᠯ ᠰᠠᠨᠠᠭᠠᠨ ᠤ ᠢᠯᠡᠷᠡᠯ ᠢ ᠬᠢᠨᠠᠨ ᠰᠢᠯᠭᠠᠬᠤ ᠪᠠᠷ ᠭᠤᠣᠯ | ᠪᠣᠯᠭᠠᠵᠤ᠂ ᠨᠠᠮ ᠤᠨ ᠣᠨᠣᠯ ᠪᠠ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠬᠦᠷᠢᠶᠡᠯᠡᠵᠦ ᠬᠡᠷᠡᠭᠵᠢᠭᠦᠯᠬᠦ᠂ | ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ᠂ ᠴᠢᠬᠤᠯᠠ ᠶᠡᠭᠡ ᠵᠠᠷᠴᠢᠮ ᠤᠨ ᠠᠰᠠᠭᠤᠳᠠᠯ᠂ | ᠴᠢᠬᠤᠯᠠ ᠶᠡᠭᠡ ᠤᠯᠤᠰ ᠲᠥᠷᠥ ᠶᠢᠨ ᠲᠡᠮᠡᠴᠡᠯ ᠤᠨ ᠳᠤᠮᠳᠠᠬᠢ ᠤᠯᠤᠰ ᠲᠥᠷᠥ ᠶᠢᠨ ᠵᠣᠭᠰᠣᠯᠲᠠ᠂ ᠤᠯᠤᠰ | ᠲᠥᠷᠥ ᠶᠢᠨ ᠣᠪᠣᠷ ᠪᠠ ᠪᠣᠳᠠᠲᠤ ᠢᠯᠡᠷᠡᠯ ᠢ ᠭᠤᠣᠯᠳᠠᠯᠭ᠎ᠠ ᠲᠠᠢ ᠬᠢᠨᠠᠨ ᠰᠢᠯᠭᠠᠵᠤ᠂ ᠤᠯᠤᠰ ᠲᠥᠷᠥ ᠶᠢᠨ ᠰᠠᠬᠢᠯᠭ᠎ᠠ | ᠪᠠᠲᠤ ᠪᠠ ᠤᠯᠤᠰ ᠲᠥᠷᠥ ᠶᠢᠨ ᠶᠣᠰᠣ ᠮᠣᠷᠠᠯ᠂ ᠶᠣᠰᠣ ᠮᠣᠷᠠᠯ᠂ ᠱᠠᠰᠢᠨ ᠰᠢᠲᠦᠯᠭᠡ᠂ ᠨᠡᠶᠢᠭᠡᠮ ᠤᠨ ᠶᠠᠪᠤᠯᠴᠠᠭ᠎ᠠ᠂ | ᠦᠨᠡᠨᠴᠢ ᠢᠲᠡᠭᠡᠮᠵᠢᠲᠡᠶ ᠪᠠ ᠤᠯᠤᠰ ︵ᠬᠢᠯᠢ︶ ᠵᠡᠷᠭᠡ ᠪᠠᠶᠢᠳᠠᠯ ᠵᠢᠴᠢ ᠭᠡᠷ ᠪᠦᠯᠢ ᠶᠢᠨ ᠪᠦᠷᠢᠯᠳᠦᠬᠦᠨ᠂ ᠬᠠᠨᠢ | ᠨᠥᠬᠦᠷ ᠤᠨ ᠢᠶᠠᠨ ᠡᠴᠢᠭᠡ ᠡᠬᠡ᠂ ᠬᠠᠮᠲᠤ ᠪᠠᠷ ᠠᠮᠢᠳᠤᠷᠠᠵᠤ ᠪᠠᠶᠢᠭ᠎ᠠ ᠦᠭᠡᠢ ᠠᠬ᠎ᠠ ᠳᠡᠭᠦᠦ ᠡᠭᠡᠴᠢ ᠥᠬᠢᠨ | ᠳᠡᠭᠦᠤ ᠶᠢᠨ ᠤᠯᠤᠰ ᠲᠥᠷᠥ ᠶᠢᠨ ᠠᠬᠤᠢ ᠪᠠᠶᠢᠳᠠᠯ ᠪᠠ ᠬᠠᠤᠯᠢ ᠶᠢ ᠵᠥᠷᠢᠴᠡᠵᠦ ᠶᠠᠯ᠎ᠠ ᠬᠢᠭᠰᠡᠨ ᠵᠡᠷᠭᠡ ᠪᠠᠶᠢᠳᠠᠯ ᠢ | ᠵᠢᠷᠤᠮᠯᠠᠨ ᠰᠠᠬᠢᠬᠤ ᠬᠡᠷᠡᠭᠲᠡᠶ᠃ | ︵ᠬᠤᠶᠠᠷ︶ ᠨᠠᠰᠤᠨ ᠤ ᠨᠦᠬᠦᠴᠡᠯ | ᠡᠷᠡᠭᠲᠡᠢ ᠴᠡᠷᠢᠭ ᠡᠯᠰᠡᠬᠦ ᠨᠡᠷ᠎ᠡ ᠮᠡᠳᠡᠭᠦᠯᠬᠦ ᠡᠲᠡᠭᠡᠳ᠄ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ︵ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ | ᠠᠵᠢᠯ ᠮᠡᠷᠭᠡᠵᠢᠯ ᠤᠨ ᠳᠡᠭᠡᠳᠦ ᠵᠡᠷᠭᠡ ᠶᠢᠨ ᠰᠤᠷᠭᠠᠭᠤᠯᠢ᠂ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠲᠡᠭᠦᠰᠦᠭᠰᠡᠳ | ᠵᠢᠴᠢ ᠲᠡᠭᠦᠨ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠵᠠᠯᠠᠭᠤᠴᠤᠳ ︵ᠳᠡᠭᠡᠳᠦ ᠵᠡᠷᠭᠡ ᠶᠢᠨ | ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠪᠠᠭᠲᠠᠨ᠎ᠠ︶᠂ ᠪᠦᠬᠦᠯᠢ 18 ᠠᠴᠠ 22 ᠪᠦᠬᠦᠯᠢ ᠨᠠᠰᠤ | ︵2003 ᠣᠨ ᠤ 1 ᠳ᠋ᠦᠭᠡᠷ ᠰᠠᠷ᠎ᠠ ᠶᠢᠨ 1 ᠤ ᠡᠳᠦᠷ ᠠᠴᠠ 2007 ᠣᠨ ᠤ 12 ᠳ᠋ᠤᠭᠠᠷ ᠰᠠᠷ᠎ᠠ ᠶᠢᠨ 31 ᠤ | ᠡᠳᠦᠷ ᠪᠣᠯᠲᠠᠯ᠎ᠠ ᠲᠥᠷᠥᠭᠰᠡᠨ︶︔ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠲᠤᠰᠬᠠᠶ | ᠮᠡᠷᠭᠡᠵᠢᠯ ᠤᠨ ᠠᠩᠭᠢ ᠠᠴᠠ ᠲᠡᠭᠦᠰᠦᠭᠰᠡᠳ᠂ ᠳᠡᠭᠡᠷ᠎ᠡ ᠬᠠᠭᠠᠰ ᠵᠢᠯ ᠤᠨ ᠲᠡᠭᠦᠰᠬᠦ ᠨᠥᠬᠦᠴᠡᠯ ᠳᠤ ᠨᠡᠶᠢᠴᠡᠬᠦ ᠲᠡᠭᠦᠰᠬᠦ | ᠠᠩᠭᠢ ᠶᠢᠨ ᠰᠤᠷᠤᠭᠴᠢ᠂ ᠪᠦᠬᠦᠯᠢ 18 ᠠᠴᠠ 24 ᠪᠦᠬᠦᠯᠢ ᠨᠠᠰᠤ ᠬᠦᠷᠦᠭᠰᠡᠨ᠂ ᠠᠰᠫᠢᠷᠠᠨᠲ ᠲᠡᠭᠦᠰᠦᠭᠰᠡᠳ | ᠵᠢᠴᠢ ᠰᠤᠷᠭᠠᠭᠤᠯᠢ ᠳᠤ ᠪᠠᠶᠢᠭ᠎ᠠ ᠰᠤᠷᠤᠭᠴᠢ ᠶᠢ ᠪᠦᠬᠦᠯᠢ 18 ᠨᠠᠰᠤ ᠬᠦᠷᠲᠡᠯ᠎ᠡ ᠠᠭᠤᠵᠢᠭᠤ ᠲᠠᠯᠪᠢᠨ᠎ᠠ᠃ | ᠡᠮᠡᠭᠲᠡᠶ ᠴᠡᠷᠢᠭ ᠡᠯᠰᠡᠬᠦ ᠨᠡᠷ᠎ᠡ ᠮᠡᠳᠡᠭᠦᠯᠬᠦ ᠡᠲᠡᠭᠡᠳ᠄ | ᠳᠡᠭᠡᠷ᠎ᠡ ᠬᠠᠭᠠᠰ ᠵᠢᠯ ᠳᠤ ᠡᠯᠰᠡᠭᠳᠡᠬᠦ ᠨᠡᠷ᠎ᠡ ᠮᠡᠳᠡᠭᠦᠯᠬᠦ᠄ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠪᠠ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠪᠦᠬᠦᠯᠢ ᠡᠳᠦᠷ ᠤᠨ ᠳᠦᠷᠢᠮᠲᠦ ᠲᠤᠰ ᠬᠤᠭᠤᠴᠠᠭᠠᠨ ᠤ | ᠲᠡᠭᠦᠰᠦᠭᠰᠡᠳ ᠵᠢᠴᠢ ᠰᠤᠷᠭᠠᠭᠤᠯᠢ ᠳᠤ ᠪᠠᠶᠢᠭ᠎ᠠ ᠰᠤᠷᠤᠭᠴᠢ᠂ ᠪᠦᠬᠦᠯᠢ 18 ᠠᠴᠠ 22 ᠪᠦᠬᠦᠯᠢ ᠨᠠᠰᠤ ︵2003 | ᠣᠨ ᠤ 1 ᠰᠠᠷ᠎ᠠ ᠶᠢᠨ 1 ᠤ ᠡᠳᠦᠷ ᠠᠴᠠ 2007 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ︶᠂ | ᠪᠦᠬᠦᠯᠢ ᠡᠳᠦᠷ ᠤᠨ ᠳᠦᠷᠢᠮᠲᠦ ᠠᠰᠫᠢᠷᠠᠨᠲ ᠤᠨ ᠲᠤᠰ ᠬᠤᠭᠤᠴᠠᠭᠠᠨ ᠤ ᠲᠡᠭᠦᠰᠬᠦ ᠰᠤᠷᠤᠭᠴᠢ ᠵᠢᠴᠢ | ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠪᠦᠬᠦᠯᠢ 26 ᠨᠠᠰᠤ ᠪᠣᠯᠲᠠᠯ᠎ᠠ ᠠᠭᠤᠵᠢᠭᠤ ᠲᠠᠯᠪᠢᠨ᠎ᠠ︔ 2024 | ᠣᠨ ᠳᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ | ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠰᠡᠳ ᠢ 2025 ᠣᠨ ᠤ ᠳᠡᠭᠡᠷ᠎ᠡ ᠬᠠᠭᠠᠰ ᠵᠢᠯ ᠳᠤ ᠡᠮᠡᠭᠲᠡᠶ ᠴᠡᠷᠢᠭ | ᠡᠯᠰᠡᠬᠦ ᠳᠤ ᠨᠡᠷ᠎ᠡ ᠮᠡᠳᠡᠭᠦᠯᠵᠦ ᠣᠷᠣᠯᠴᠠᠭᠤᠯᠵᠤ᠂ ᠨᠠᠰᠤ ᠵᠢᠯ ᠢ 23 ᠨᠠᠰᠤ ᠪᠣᠯᠲᠠᠯ᠎ᠠ ᠠᠭᠤᠵᠢᠭᠤ ᠲᠠᠯᠪᠢᠨ᠎ᠠ᠃ | ᠳᠣᠤᠷ᠎ᠠ ᠬᠠᠭᠠᠰ ᠵᠢᠯ ᠳᠤ ᠡᠯᠰᠡᠭᠳᠡᠬᠦ ᠨᠡᠷ᠎ᠡ ᠮᠡᠳᠡᠭᠦᠯᠬᠦ᠂ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠲᠤᠰ ᠬᠤᠭᠤᠴᠠᠭᠠᠨ ᠤ ᠲᠡᠭᠦᠰᠬᠦ ᠰᠤᠷᠤᠭᠴᠢ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ | ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ ᠪᠦᠬᠦᠯᠢ ᠡᠳᠦᠷ ᠤᠨ ᠳᠦᠷᠢᠮᠲᠦ ᠲᠤᠰ | ᠬᠤᠭᠤᠴᠠᠭᠠᠨ ᠤ ᠲᠡᠭᠦᠰᠦᠭᠰᠡᠳ ᠵᠢᠴᠢ ᠰᠤᠷᠭᠠᠭᠤᠯᠢ ᠳᠤ ᠪᠠᠶᠢᠭ᠎ᠠ ᠰᠤᠷᠤᠭᠴᠢ᠂ ᠪᠦᠬᠦᠯᠢ 18 ᠠᠴᠠ 22 ᠨᠠᠰᠤ ︵ | 2003 ᠣᠨ ᠤ 1 ᠳ᠋ᠦᠭᠡᠷ ᠰᠠᠷ᠎ᠠ ᠶᠢᠨ 1 ᠤ ᠡᠳᠦᠷ ᠠᠴᠠ 2007 ᠣᠨ ᠤ 12 ᠳ᠋ᠤᠭᠠᠷ ᠰᠠᠷ᠎ᠠ ᠶᠢᠨ 31 ᠤ | ᠡᠳᠦᠷ ᠪᠣᠯᠲᠠᠯ᠎ᠠ ᠲᠥᠷᠥᠭᠰᠡᠨ︶ ᠪᠥᠭᠡᠳ ᠪᠦᠬᠦᠯᠢ ᠡᠳᠦᠷ ᠤᠨ ᠳᠦᠷᠢᠮᠲᠦ ᠰᠤᠳᠤᠯᠬᠤ ᠰᠤᠷᠤᠭᠴᠢ ᠶᠢᠨ ᠲᠤᠰ | ᠬᠤᠭᠤᠴᠠᠭᠠᠨ ᠤ ᠲᠡᠭᠦᠰᠬᠦ ᠰᠤᠷᠤᠭᠴᠢ ᠵᠢᠴᠢ ᠰᠤᠷᠭᠠᠭᠤᠯᠢ ᠳᠤ ᠪᠠᠶᠢᠭ᠎ᠠ ᠰᠤᠷᠤᠭᠴᠢ ᠶᠢ ᠪᠦᠬᠦᠯᠢ 26 ᠨᠠᠰᠤ | ᠬᠦᠷᠲᠡᠯ᠎ᠡ ᠠᠭᠤᠵᠢᠭᠤ ᠲᠠᠯᠪᠢᠨ᠎ᠠ᠃ | ︵ᠭᠤᠷᠪᠠ︶ ᠪᠡᠶ᠎ᠡ ᠶᠢᠨ ᠪᠠᠶᠢᠴᠠᠭᠠᠯᠲᠠ ᠶᠢᠨ ᠦᠨᠳᠦᠰᠦᠨ ᠨᠦᠭᠦᠴᠡᠯ | 1. ᠪᠡᠶ᠎ᠡ ᠶᠢᠨ ᠥᠨᠳᠥᠷ᠄ ᠡᠷᠡᠭᠲᠡᠶ 160cm ᠠᠴᠠ ᠳᠡᠭᠡᠭᠰᠢ᠂ ᠡᠮᠡᠭᠲᠡᠶ 158cm ᠠᠴᠠ ᠳᠡᠭᠡᠭᠰᠢ᠂ ᠬᠢᠷᠢ | ᠲᠡᠩᠴᠡᠭᠰᠡᠨ᠃ | ᠡᠷᠡᠭᠲᠠᠢ᠄ 17.5 - BMI-30᠂ ᠡᠭᠦᠨ ᠤ ᠳᠤᠳᠤᠷ᠎ᠠ 17.5 101 ᠡᠷᠡᠭᠲᠡᠢ ᠶᠢᠨ ᠪᠡᠶ᠎ᠡ ᠶᠢᠨ | ᠨᠦᠬᠦᠴᠡᠯ ᠤᠨ ᠴᠡᠷᠢᠭ BMI ︵27︶ ᠪᠠᠶᠢᠵᠠᠢ᠃ | ᠡᠮᠡᠭᠲᠡᠢ᠄ 17BMI ︵24︶᠃ | BMI 28 ᠨᠣᠮᠧᠷᠲᠤ ᠴᠢᠰᠤᠨ ᠤ ᠤᠯᠠᠭᠠᠨ ᠤᠭᠤᠷᠠᠭ ᠢ ᠨᠡᠮᠡᠬᠦ ᠪᠠᠶᠢᠴᠠᠭᠠᠯᠲᠠ ᠶᠢᠨ ᠲᠥᠷᠥᠯ ᠵᠦᠢᠯ ᠪᠠ | ᠰᠢᠬᠢᠷᠵᠢᠭᠦᠯᠦᠭᠰᠡᠨ ᠴᠢᠰᠤᠨ ᠤ ᠤᠭᠤᠷᠠᠭ ᠤᠨ ᠵᠠᠭᠤᠨ ᠤ ᠬᠠᠷᠢᠴᠠᠯ 6.5% ᠪᠠᠶᠢᠵᠤ᠂ ᠬᠢᠷᠢ ᠲᠡᠩᠴᠡᠭᠰᠡᠨ ᠪᠠᠶᠢᠬᠤ | ᠬᠡᠷᠡᠭᠲᠡᠢ᠃ | ︵BMI = ᠪᠡᠶ᠎ᠡ ᠶᠢᠨ ᠬᠦᠨᠳᠦ ︵ᠮᠢᠩᠭᠠᠨ ᠭᠷᠠᠮ︶ ÷ ᠪᠡᠶ᠎ᠡ ᠶᠢᠨ ᠥᠨᠳᠥᠷ cm︶ | 3᠂ ᠬᠠᠷᠠᠭ᠎ᠠ᠄ ᠶᠠᠮᠠᠷ ᠨᠢᠭᠡᠨ ᠨᠢᠴᠦᠭᠦᠨ ᠨᠢᠳᠦᠨ ᠤ ᠬᠠᠷᠠᠭ᠎ᠠ 4.5 ᠠᠴᠠ ᠳᠣᠣᠷ᠎ᠠ ᠦᠭᠡᠢ᠃ ︵ | ᠲᠣᠳᠣᠷᠬᠠᠶᠢᠯᠠᠬᠤ ᠨᠢ᠄ ᠶᠠᠮᠠᠷᠪᠠ ᠨᠢᠭᠡ ᠨᠢᠳᠦ ᠨᠢ ᠨᠢᠴᠦᠭᠦᠨ ᠬᠠᠷᠠᠭ᠎ᠠ ᠨᠢ 4.8 ᠠᠴᠠ ᠳᠣᠤᠷ᠎ᠠ᠂ ᠵᠠᠯᠠᠷᠠᠭᠤᠯᠬᠤ | ᠴᠢᠬᠤᠯᠠᠲᠠᠶ ᠬᠠᠷᠠᠭ᠎ᠠ ᠶᠢ ᠨᠢ ᠪᠠᠶᠢᠴᠠᠭᠠᠬᠤ ᠴᠢᠬᠤᠯᠠᠲᠠᠶ᠂ ᠶᠠᠮᠠᠷᠪᠠ ᠨᠢᠭᠡ ᠣᠯᠵᠤ ᠮᠡᠳᠡᠭᠰᠡᠨ ᠵᠠᠯᠠᠷᠠᠭᠤᠯᠬᠤ | ᠬᠠᠷᠠᠭ᠎ᠠ ᠨᠢ 4.8 ᠪᠤᠶᠤ ᠵᠠᠯᠠᠷᠠᠭᠤᠯᠬᠤ ᠬᠡᠮᠵᠢᠶ᠎ᠡ ᠨᠢ 600 ᠭᠷᠠᠳᠦ᠋ᠰ ᠠᠴᠠ ᠳᠣᠤᠷ᠎ᠠ ᠪᠠᠶᠢᠪᠠᠯ ᠬᠢᠷᠢ ᠲᠡᠩᠴᠡᠬᠦ | ᠥᠬᠡᠶ᠃︶ | ᠭᠡᠷᠡᠯ ᠲᠠᠲᠠᠭᠰᠠᠨ ᠲᠥᠪ ᠪᠤᠰᠤ ᠮᠣᠯᠧᠺᠦ᠋ᠯ ᠤᠨ ᠯᠠᠶᠢᠰᠧᠷ ᠮᠡᠰᠡ ᠵᠠᠰᠠᠯ ᠢᠶᠠᠷ ᠳᠠᠮᠵᠢᠬᠤ ︵ᠲᠠᠯᠠᠰᠲᠤ | ᠪᠡᠶᠡᠲᠦ ᠶᠢᠨ ᠬᠢᠮᠡᠯ ᠲᠠᠯᠠᠰᠲᠤ ᠪᠡᠶᠡᠲᠦ ᠶᠢ ᠰᠠᠭᠤᠯᠭᠠᠬᠤ ᠵᠠᠰᠠᠯ ᠵᠡᠷᠭᠡ ᠪᠤᠰᠤᠳ ᠮᠡᠷᠭᠡᠵᠢᠯ ᠪᠠᠭᠲᠠᠬᠤ ᠦᠭᠡᠢ︶ | ᠰᠡᠭᠦᠯ ᠤᠨ ᠬᠠᠭᠠᠰ ᠵᠢᠯ ᠠᠴᠠ ᠳᠡᠭᠡᠭᠰᠢ ᠡᠪᠡᠳᠴᠢᠨ ᠳᠠᠪᠬᠤᠴᠠᠭᠰᠠᠨ ᠦᠭᠡᠢ᠂ ᠶᠠᠮᠠᠷ ᠴᠤ ᠨᠢᠴᠦᠭᠦᠨ ᠨᠢᠳᠦᠨ ᠤ | ᠬᠠᠷᠠᠭ᠎ᠠ 4.8 ᠬᠦᠷᠴᠦ᠂ ᠨᠢᠳᠦᠨ ᠤ ᠢᠷᠤᠭᠠᠷ ᠨᠢ ᠬᠡᠪ ᠤᠨ ᠪᠠᠶᠢᠳᠠᠯ ᠳᠤ ᠣᠷᠣᠵᠤ᠂ ᠨᠥᠬᠦᠴᠡᠯ ᠠᠴᠠ ᠭᠠᠳᠠᠨ᠎ᠠ | ᠬᠢᠷᠢ ᠲᠡᠩᠴᠡᠭᠰᠡᠨ ᠪᠠᠶᠢᠨ᠎ᠠ᠃ | ᠨᠥᠬᠦᠴᠡᠯ ᠤᠨ ᠴᠡᠷᠢᠭ ᠤᠨ ᠬᠠᠷᠠᠭ᠎ᠠ ᠶᠢᠨ ᠬᠢᠷᠢ ᠲᠡᠩᠴᠡᠭᠰᠡᠨ ᠨᠥᠬᠦᠴᠡᠯ ᠢ ᠬᠤᠯᠪᠣᠭᠳᠠᠯ ᠪᠦᠬᠦᠢ ᠪᠠᠷᠢᠮᠵᠢᠶ᠎ᠠ | ᠶᠣᠰᠣᠭᠠᠷ ᠬᠡᠷᠡᠭᠵᠢᠭᠦᠯᠬᠦ ᠬᠡᠷᠡᠭᠲᠡᠶ᠃ | ᠪᠤᠰᠤᠳ ᠪᠡᠶ᠎ᠡ ᠮᠠᠬᠠᠪᠣᠳ ᠤᠨ ᠪᠠᠷᠢᠮᠵᠢᠶ᠎ᠠ ᠶᠢᠨ ᠨᠥᠬᠦᠴᠡᠯ ᠳᠤ ᠡᠯᠰᠡᠭᠳᠡᠬᠦ ᠵᠠᠯᠠᠭᠤᠴᠤᠳ ᠪᠥᠬᠦ ᠤᠯᠤᠰ ᠤᠨ | ᠴᠡᠷᠢᠭ ᠡᠯᠰᠡᠬᠦ ᠲᠣᠤᠷ ᠤᠨ ᠠᠩᠬᠠᠨ ᠤ ᠨᠢᠭᠤᠷ ᠲᠤ ᠣᠷᠣᠵᠤ ︽ᠡᠯᠰᠡᠭᠳᠡᠬᠦ ᠡᠷᠬᠡᠲᠦ ᠠᠷᠠᠳ ᠤᠨ ᠪᠡᠶ᠎ᠡ ᠶᠢᠨ | ᠪᠠᠶᠢᠴᠠᠭᠠᠯᠲᠠ ᠶᠢᠨ ᠪᠠᠷᠢᠮᠵᠢᠶ᠎ᠠ ᠶᠢᠨ ᠲᠣᠪᠴᠢ︾ ᠶᠢ ᠪᠠᠶᠢᠴᠠᠭᠠᠨ ᠦᠵᠡᠵᠦ ᠨᠠᠷᠢᠨ ᠠᠭᠤᠯᠭ᠎ᠠ ᠶᠢ ᠣᠶᠢᠯᠠᠭᠠᠵᠤ | ᠪᠣᠯᠤᠨ᠎ᠠ᠃ | ᠭᠤᠷᠪᠠ᠂ ᠨᠡᠷ᠎ᠡ ᠮᠡᠳᠡᠭᠦᠯᠬᠦ ᠳᠡᠰ ᠳᠠᠷᠠᠭᠠᠯᠠᠯ | 1 ︵http://www.gfbzb.gov.cn/︶ ᠪᠦᠬᠦ ᠤᠯᠤᠰ ᠤᠨ ᠴᠡᠷᠢᠭ ᠡᠯᠰᠡᠬᠦ ᠰᠦᠯᠵᠢᠶ᠎ᠡ ᠳᠤ ᠭᠠᠷᠴᠤ | ᠂ ︽ᠴᠡᠷᠢᠭ ᠢᠶᠠᠷ ᠨᠡᠷ᠎ᠡ ᠮᠡᠳᠡᠭᠦᠯᠬᠦ︾ ᠶᠢ ᠳᠦᠢᠨᠠ᠃ | 2. ︽ᠡᠯᠰᠡᠭᠳᠡᠬᠦ ᠨᠡᠷ᠎ᠡ ᠮᠡᠳᠡᠭᠦᠯᠬᠦ︾ ᠰᠦᠯᠵᠢᠶᠡᠨ ᠤ ᠨᠢᠭᠤᠷ ᠲᠤ ︽ᠡᠯᠰᠡᠭᠳᠡᠬᠦ ᠦᠶ᠎ᠡ ᠳᠤ ᠨᠡᠷ᠎ᠡ ᠮᠡᠳᠡᠭᠦᠯᠬᠦ | ︵ᠡᠷᠡᠭᠲᠡᠶ ᠴᠡᠷᠢᠭ / ᠡᠮᠡᠭᠲᠡᠶ ᠴᠡᠷᠢᠭ︶ | 3. ᠳᠠᠩᠰᠠᠯᠠᠭᠤᠯᠤᠭᠰᠠᠨ ᠰᠤᠷᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ᠳᠠᠩᠰᠠᠨ ᠤ ᠨᠣᠮᠧᠷ ᠨᠢ | ᠲᠡᠮᠳᠡᠭᠯᠡᠨ᠎ᠡ᠃ | 4. ᠳᠠᠩᠰᠠᠯᠠᠭᠤᠯᠤᠭᠰᠠᠨ ᠤ ᠳᠠᠷᠠᠭ᠎ᠠ ᠬᠤᠪᠢ ᠬᠥᠮᠦᠨ ᠤ ᠮᠡᠳᠡᠭᠡ ᠵᠠᠩᠭᠢ ᠶᠢ ᠲᠠᠭᠯᠠᠵᠤ᠂ ᠰᠦᠯᠵᠢᠶᠡᠨ ᠳᠡᠭᠡᠷ᠎ᠡ | ᠨᠡᠷ᠎ᠡ ᠮᠡᠳᠡᠭᠦᠯᠬᠦ ᠶᠢ ᠪᠡᠶᠡᠯᠡᠭᠦᠯᠪᠡ᠃ | ︵ᠲᠣᠳᠣᠷᠬᠠᠶᠢᠯᠠᠯᠲᠠ᠄ ᠡᠷᠡᠭᠲᠡᠶ ᠴᠡᠷᠢᠭ ᠨᠡᠷ᠎ᠡ ᠮᠡᠳᠡᠭᠦᠯᠬᠦ ᠠᠴᠠ ᠡᠮᠦᠨ᠎ᠡ ᠴᠡᠷᠢᠭ ᠤᠨ ᠠᠯᠪᠠᠨ ᠤ | ᠳᠠᠩᠰᠠᠯᠠᠯᠲᠠ ᠶᠢ ᠪᠡᠶᠡᠯᠡᠭᠦᠯᠬᠦ ᠬᠡᠷᠡᠭᠲᠡᠶ᠃︶ | ᠳᠥᠷᠪᠡ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ | ︵ᠨᠢᠭᠡ︶ ᠴᠡᠷᠢᠭ ᠲᠤ ᠣᠷᠣᠬᠤ ᠬᠠᠷᠠᠭᠠᠯᠵᠠᠯᠠᠯ ᠤᠨ ᠲᠦᠷᠦ ᠶᠢᠨ ᠪᠣᠳᠣᠯᠭ᠎ᠠ | 1. ᠰᠤᠷᠭᠠᠭᠤᠯᠢ ᠶᠢᠨ ᠬᠠᠷᠢᠶᠠᠯᠠᠯ ︵ᠰᠤᠷᠭᠠᠭᠤᠯᠢ ᠳᠤ ᠣᠷᠣᠬᠤ ᠬᠢᠷᠢ ᠬᠡᠮ︶ ᠢ ᠬᠡᠪ ᠢᠶᠠᠷ ᠪᠠᠶᠢᠯᠭᠠᠨ᠎ᠠ᠃ | ᠴᠡᠷᠢᠭ ᠲᠤ ᠣᠷᠣᠬᠤ ᠠᠴᠠ ᠡᠮᠦᠨ᠎ᠡ ᠨᠢᠭᠡᠨᠲᠡ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠡᠯᠰᠡᠭᠳᠡᠭᠰᠡᠨ ᠪᠤᠶᠤ | ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠪᠣᠯ᠂ ᠴᠡᠷᠢᠭ ᠤᠨ ᠠᠯᠪᠠ | ᠬᠠᠭᠠᠵᠤ ᠪᠠᠶᠢᠭ᠎ᠠ ᠬᠤᠭᠤᠴᠠᠭᠠᠨ ᠳᠤ ᠰᠤᠷᠭᠠᠭᠤᠯᠢ ᠳᠤ ᠣᠷᠣᠬᠤ ᠬᠢᠷᠢ ᠭᠡᠮ ᠢᠶᠠᠨ ᠦᠯᠡᠳᠡᠭᠡᠨ᠂ ᠴᠡᠷᠢᠭ ᠤᠨ | ᠠᠯᠪᠠᠨ ᠠᠴᠠ ᠪᠠᠭᠤᠭᠰᠠᠨ ᠤ ᠳᠠᠷᠠᠭ᠎ᠠ 2 ᠵᠢᠯ ᠤᠨ ᠳᠣᠲᠣᠷ᠎ᠠ ᠰᠤᠷᠭᠠᠭᠤᠯᠢ ᠳᠤ ᠣᠷᠣᠬᠤ ᠪᠤᠶᠤ ᠰᠤᠷᠤᠯᠭ᠎ᠠ ᠪᠠᠨ | ᠰᠡᠷᠭᠦᠭᠡᠬᠦ ᠶᠢ ᠵᠥᠪᠰᠢᠶᠡᠷᠡᠬᠦ ᠬᠡᠷᠡᠭᠲᠡᠶ᠃ | 2. ᠰᠤᠷᠤᠯᠭ᠎ᠠ ᠪᠠᠨ ᠰᠡᠷᠭᠦᠭᠡᠵᠦ ᠲᠤᠰᠬᠠᠶ ᠮᠡᠷᠭᠡᠵᠢᠯ ᠢᠶᠠᠨ ᠰᠢᠯᠵᠢᠭᠦᠯᠦᠨ᠎ᠡ᠃ ᠣᠶᠤᠲᠠᠨ ᠪᠠᠶᠢᠯᠳᠤᠭᠴᠢ | ᠴᠡᠷᠢᠭ ᠤᠨ ᠠᠯᠪᠠᠨ ᠠᠴᠠ ᠪᠠᠭᠤᠭᠰᠠᠨ ᠤ ᠳᠠᠷᠠᠭ᠎ᠠ ᠰᠤᠷᠤᠯᠭ᠎ᠠ ᠪᠠᠨ ᠰᠡᠷᠭᠦᠭᠡᠵᠦ᠂ ᠰᠤᠷᠭᠠᠭᠤᠯᠢ ᠪᠠᠷ ᠢᠶᠠᠨ | ᠵᠥᠪᠰᠢᠶᠡᠷᠡᠭᠦᠯᠬᠦ ᠶᠢᠨ ᠬᠠᠮᠲᠤ ᠬᠠᠮᠢᠶ᠎ᠠ ᠪᠦᠬᠦᠢ ᠳᠡᠰ ᠳᠠᠷᠠᠭᠠᠯᠠᠯ ᠢ ᠭᠦᠢᠴᠡᠳᠬᠡᠭᠰᠡᠨ ᠤ ᠳᠠᠷᠠᠭ᠎ᠠ᠂ ᠲᠤᠰ | ᠰᠤᠷᠭᠠᠭᠤᠯᠢ ᠶᠢᠨ ᠢᠶᠠᠨ ᠪᠤᠰᠤᠳ ᠲᠤᠰᠬᠠᠶ ᠮᠡᠷᠭᠡᠵᠢᠯ ᠳᠤ ᠰᠢᠯᠵᠢᠭᠦᠯᠦᠨ ᠣᠷᠣᠭᠤᠯᠵᠤ ᠰᠤᠷᠤᠯᠴᠠᠭᠤᠯᠵᠤ ᠪᠣᠯᠤᠨ᠎ᠠ᠃ | | 3. ᠤᠯᠤᠰ ᠤᠨ ᠰᠤᠷᠭᠠᠨ ᠬᠥᠮᠦᠵᠢᠯ ᠤᠨ ᠲᠤᠰᠠᠯᠠᠮᠵᠢ ᠶᠢ ᠬᠦᠷᠲᠡᠨ᠎ᠡ᠃ ᠴᠡᠷᠢᠭ ᠲᠤ ᠡᠯᠰᠡᠭᠳᠡᠵᠦ ᠠᠯᠪᠠᠨ | ᠵᠢᠷᠤᠮ ᠤᠨ ᠴᠡᠷᠢᠭ ᠤᠨ ᠠᠯᠪᠠ ᠬᠠᠭᠠᠭᠰᠠᠳ᠂ ᠴᠡᠷᠢᠭ ᠤᠨ ᠠᠯᠪᠠᠨ ᠠᠴᠠ ᠪᠠᠭᠤᠭᠰᠠᠨ ᠤ ᠳᠠᠷᠠᠭ᠎ᠠ ᠰᠤᠷᠤᠯᠭ᠎ᠠ ᠪᠠᠨ | ᠰᠡᠷᠭᠦᠭᠡᠬᠦ ᠪᠤᠶᠤ ᠰᠤᠷᠭᠠᠭᠤᠯᠢ ᠳᠤ ᠤᠷᠤᠭᠰᠠᠨ ᠳᠡᠭᠡᠳᠦ ᠰᠤᠷᠭᠠᠭᠤᠯᠢ ᠶᠢᠨ ᠰᠤᠷᠤᠭᠴᠢᠳ ᠲᠤ ᠰᠤᠷᠤᠯᠭ᠎ᠠ ᠶᠢᠨ | ᠰᠦᠢᠳᠬᠡᠯ ᠤᠨ ᠨᠥᠬᠦᠪᠥᠷᠢ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠳᠦᠯᠦᠬᠦ᠂ | ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠦᠨ᠎ᠡ᠂ ᠪᠠᠷᠢᠮᠵᠢᠶ᠎ᠠ ᠪᠠᠷ ᠲᠤᠰ ᠲᠤᠰᠬᠠᠶ ᠮᠡᠷᠭᠡᠵᠢᠯ ᠤᠨ | ᠠᠩᠭᠢ ᠶᠢᠨ ᠰᠤᠷᠤᠭᠴᠢ ᠵᠢᠯ ᠪᠦᠷᠢ ᠬᠠᠮᠤᠭ ᠤᠨ ᠥᠨᠳᠥᠷ ᠲᠡᠭᠡᠨ 20000 ᠲᠥᠭᠦᠷᠢᠭ ᠠᠴᠠ ᠬᠡᠲᠦᠷᠡᠭᠦᠯᠵᠦ | ᠪᠣᠯᠬᠤ ᠦᠭᠡᠶ᠂ ᠰᠤᠳᠤᠯᠬᠤ ᠰᠤᠷᠤᠭᠴᠢ ᠬᠥᠮᠦᠨ ᠪᠦᠷᠢ ᠳᠤ ᠵᠢᠯ ᠪᠦᠷᠢ ᠬᠠᠮᠤᠭ ᠤᠨ ᠥᠨᠳᠥᠷ ᠲᠡᠭᠡᠨ 25000 | ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ᠃ | 4. ︽ᠲᠤᠰᠬᠠᠶ ᠮᠡᠷᠭᠡᠵᠢᠯ ᠤᠨ ᠠᠩᠭᠢ︾ ᠶᠢ ᠰᠢᠯᠭᠠᠬᠤ ᠥᠬᠡᠶ᠃ ᠳᠡᠭᠡᠳᠦ ᠵᠡᠷᠭᠡ ᠶᠢᠨ ᠠᠵᠢᠯ ᠮᠡᠷᠭᠡᠵᠢᠯ ︵ | ᠲᠤᠰᠬᠠᠶ ᠮᠡᠷᠭᠡᠵᠢᠯ︶ ᠲᠡᠭᠦᠰᠦᠭᠰᠡᠳ ᠵᠢᠴᠢ ᠰᠤᠷᠭᠠᠭᠤᠯᠢ ᠳᠤ ᠪᠠᠶᠢᠭ᠎ᠠ ᠰᠤᠷᠤᠭᠴᠢᠳ ︵ᠳᠡᠭᠡᠳᠦ ᠵᠡᠷᠭᠡ ᠶᠢᠨ | ᠲᠤᠰᠬᠠᠶ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠲᠤ ᠴᠡᠷᠢᠭ ᠲᠤ ᠡᠯᠰᠡᠭᠳᠡᠵᠦ᠂ ᠴᠡᠷᠢᠭ ᠤᠨ ᠠᠯᠪᠠᠨ ᠠᠴᠠ | ᠪᠠᠭᠤᠭᠰᠠᠨ ᠤ ᠳᠠᠷᠠᠭ᠎ᠠ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ ᠤᠨ ᠠᠩᠭᠢ︶ ᠤᠨ | ᠰᠤᠷᠤᠯᠭ᠎ᠠ ᠶᠢ ᠪᠡᠶᠡᠯᠡᠭᠦᠯᠦᠭᠰᠡᠨ ᠤᠷᠢᠲᠠᠯ ᠳᠣᠤᠷ᠎ᠠ᠂ ᠡᠩ ᠤᠨ ᠵᠢᠩᠬᠢᠨᠢ ᠠᠩᠭᠢ ︵2024 ᠣᠨ ᠳᠤ ᠥᠪᠥᠷ | ᠮᠣᠩᠭᠤᠯ ᠳᠤ ᠨᠡᠶᠢᠲᠡ 7 ᠳᠡᠭᠡᠳᠦ ᠰᠤᠷᠭᠠᠭᠤᠯᠢ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠡᠯᠰᠡᠵᠦ | ᠪᠣᠯᠤᠨ᠎ᠠ᠄ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠪᠣᠷᠣᠲᠣᠬᠤᠶ ᠳᠡᠭᠡᠳᠦ ᠰᠤᠷᠭᠠᠭᠤᠯᠢ᠂ | ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ᠂ ᠬᠥᠯᠥᠨ ᠪᠤᠶᠢᠷ ᠳᠡᠭᠡᠳᠦ ᠰᠤᠷᠭᠠᠭᠤᠯᠢ᠂ ᠵᠢᠨᠢᠩ ᠤᠨ | ᠪᠠᠭᠰᠢ ᠶᠢᠨ ᠳᠡᠭᠡᠳᠦ ᠰᠤᠷᠭᠠᠭᠤᠯᠢ᠂ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠳᠤ | ᠰᠢᠯᠭᠠᠭᠤᠯᠬᠤ ᠦᠭᠡᠢ ᠪᠠᠷ ᠣᠷᠣᠵᠤ ᠰᠤᠷᠤᠯᠴᠠᠵᠤ ᠪᠣᠯᠤᠨ᠎ᠠ᠃ | 5. ᠰᠤᠳᠤᠯᠬᠤ ᠰᠤᠷᠤᠭᠴᠢ ᠰᠢᠯᠭᠠᠬᠤ ᠬᠠᠷᠠᠭᠠᠯᠵᠠᠯ ᠢ ᠬᠦᠷᠲᠡᠨ᠎ᠡ᠃ ︵1︶ ᠰᠤᠷᠭᠠᠨ ᠬᠦᠮᠦᠵᠢᠯ ᠤᠨ | ᠶᠠᠮᠤᠨ ᠠᠴᠠ ︽ᠴᠡᠷᠢᠭ ᠤᠨ ᠠᠯᠪᠠᠨ ᠠᠴᠠ ᠪᠠᠭᠤᠭᠰᠠᠨ ᠣᠶᠤᠲᠠᠨ ᠪᠠᠶᠢᠯᠳᠤᠭᠴᠢ︾ ᠶᠢᠨ ᠲᠤᠰᠬᠠᠢ ᠲᠦᠷᠦᠯ ᠤᠨ | ᠠᠰᠫᠢᠷᠠᠨᠲ ᠡᠯᠰᠡᠬᠦ ᠲᠦᠯᠦᠪᠯᠡᠭᠡ ᠲᠤᠭᠳᠠᠭᠠᠵᠤ᠂ ᠵᠢᠯ ᠪᠦᠷᠢ 8000 ᠬᠦᠮᠦᠨ ᠡᠯᠰᠡᠬᠦ ᠶᠢᠨ ᠬᠠᠮᠳᠤ ︽ᠬᠤᠶᠠᠷ ᠢ | ᠲᠡᠷᠢᠭᠦᠨ ᠪᠠᠶᠢᠷᠢᠨ ᠳᠤ ᠤᠷᠤᠭᠤᠯᠬᠤ︾ ᠪᠦᠲᠦᠭᠡᠨ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠲᠡᠰᠢ | ᠭᠤᠤᠯᠳᠠᠯᠭ᠎ᠠ ᠲᠠᠢ ᠬᠡᠯᠪᠠᠶᠢᠯᠭᠡᠨ᠎ᠡ︔ ② ᠳᠡᠭᠡᠲᠤ ᠰᠤᠷᠭᠠᠭᠤᠯᠢ ᠶᠢᠨ ᠰᠤᠷᠤᠭᠴᠢ ᠶᠢᠨ ᠴᠡᠷᠢᠭ ᠲᠤ ᠡᠯᠰᠡᠭᠳᠡᠭᠰᠡᠨ | ᠠᠯᠪᠠᠨ ᠵᠢᠷᠤᠮ ᠤᠨ ᠴᠡᠷᠢᠭ ᠤᠨ ᠠᠯᠪᠠᠨ ᠳᠤ ᠤᠷᠤᠵᠤ᠂ ᠴᠡᠷᠢᠭ ᠤᠨ ᠠᠯᠪᠠᠨ ᠠᠴᠠ ᠪᠠᠭᠤᠭᠰᠠᠨ ᠤ ᠳᠠᠷᠠᠭ᠎ᠠ 3 | ᠵᠢᠯ ᠤᠨ ᠲᠤᠳᠤᠷ᠎ᠠ ᠪᠦᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠳᠤ ᠤᠷᠤᠯᠴᠠᠵᠤ᠂ ᠠᠩᠬᠠᠨ ᠤ | ᠰᠢᠯᠭᠠᠯᠲᠠ ᠶᠢᠨ ᠶᠡᠷᠦᠩᠬᠡᠢ ᠬᠤᠪᠢ 10 ᠬᠤᠪᠢ ᠨᠡᠮᠡᠵᠦ᠂ ᠠᠳᠠᠯᠢ ᠨᠦᠬᠦᠴᠡᠯ ᠲᠤᠤᠷ᠎ᠠ ᠤᠷᠢᠳ ᠢᠶᠠᠷ ᠡᠯᠰᠡᠨ᠎ᠡ︔ | ③ ᠴᠡᠷᠢᠭ ᠤᠨ ᠠᠯᠪᠠ ᠬᠠᠭᠠᠬᠤ ᠬᠤᠭᠤᠴᠠᠭᠠᠨ ᠳᠤ ᠬᠤᠶᠠᠳᠤᠭᠠᠷ ᠳᠡᠰ ᠤᠨ ᠭᠠᠪᠢᠶ᠎ᠠ ᠪᠠᠶᠢᠭᠤᠯᠬᠤ ᠵᠢᠴᠢ | ᠲᠡᠭᠦᠨ ᠠᠴᠠ ᠳᠡᠭᠡᠭᠰᠢᠬᠢ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ᠂ ᠰᠤᠳᠤᠯᠬᠤ ᠰᠤᠷᠤᠭᠴᠢ ᠶᠢᠨ ᠨᠡᠷ᠎ᠡ | ᠮᠡᠳᠡᠭᠦᠯᠬᠦ ᠨᠦᠬᠦᠴᠡᠯ ᠳᠤ ᠨᠡᠶᠢᠴᠡᠪᠡᠯ ᠰᠢᠯᠭᠠᠭᠤᠯᠬᠤ ᠦᠭᠡᠢ ︵ᠠᠩᠬᠠᠨ ᠤ ᠰᠢᠯᠭᠠᠯᠲᠠ︶ ᠰᠤᠳᠤᠯᠬᠤ ᠦᠭᠡᠢ | ᠪᠠᠶᠢᠵᠤ ᠪᠣᠯᠤᠨ᠎ᠠ᠃ | 6. ᠳᠡᠭᠡᠳᠦ ᠰᠤᠷᠭᠠᠭᠤᠯᠢ ᠲᠡᠭᠦᠰᠦᠭᠰᠡᠨ ᠠᠩᠬᠢ ᠶᠢᠨ ᠰᠤᠷᠤᠭᠴᠢᠳ ᠴᠡᠷᠢᠭ ᠲᠤ ᠣᠷᠣᠵᠤ᠃ ᠳᠡᠭᠡᠷ᠎ᠡ ᠬᠠᠭᠠᠰ | ᠵᠢᠯ ᠳᠤ ᠴᠡᠷᠢᠭ ᠲᠤ ᠣᠷᠣᠬᠤ ᠪᠠᠷ ᠵᠥᠪᠰᠢᠶᠡᠷᠡᠭᠳᠡᠭᠰᠡᠨ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ | ︶᠂ ᠡᠩ ᠤᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠲᠡᠭᠦᠰᠬᠦ ᠠᠩᠭᠢ ᠶᠢᠨ ᠰᠤᠷᠤᠭᠴᠢ᠂ ᠲᠤᠰᠬᠠᠶ | ᠮᠡᠷᠭᠡᠵᠢᠯ ᠤᠨ ᠣᠨᠣᠯ ᠤᠨ ᠬᠢᠴᠢᠶᠡᠯ ᠤᠨ ᠰᠤᠷᠤᠯᠴᠠᠯᠭ᠎ᠠ ᠶᠢ ᠪᠡᠶᠡᠯᠡᠭᠦᠯᠦᠭᠰᠡᠨ ᠪᠠ ᠬᠠᠮᠢᠶ᠎ᠠ ᠪᠦᠬᠦᠢ ᠰᠤᠷᠤᠯᠭ᠎ᠠ᠂ | ᠲᠡᠭᠦᠰᠬᠦ ᠵᠢᠷᠤᠭ ᠲᠥᠯᠥᠪᠯᠡᠭᠡ ᠪᠠ ᠥᠭᠦᠯᠡᠯ ᠤᠨ ᠬᠠᠷᠢᠭᠤ ᠮᠠᠷᠭᠤᠵᠤ ᠬᠢᠷᠢ ᠲᠡᠩᠴᠡᠪᠡᠯ᠂ ᠲᠡᠭᠦᠰᠬᠦ ᠨᠥᠬᠦᠴᠡᠯ ᠳᠤ | ᠨᠡᠶᠢᠴᠡᠪᠡᠯ᠂ ᠰᠤᠷᠭᠠᠭᠤᠯᠢ ᠠᠴᠠ ᠲᠡᠭᠦᠰᠬᠦ ᠶᠢ ᠵᠥᠪᠰᠢᠶᠡᠷᠡᠵᠦ᠂ ᠲᠤᠰ ᠬᠤᠭᠤᠴᠠᠭᠠᠨ ᠤ ᠲᠡᠭᠦᠰᠦᠭᠰᠡᠳ ᠤᠨ | ᠴᠡᠷᠢᠭ ᠲᠤ ᠣᠷᠣᠬᠤ ᠬᠠᠮᠢᠶ᠎ᠠ ᠪᠦᠬᠦᠢ ᠬᠠᠷᠠᠭᠠᠯᠵᠠᠯ ᠢ ᠬᠦᠷᠲᠡᠨ᠎ᠡ᠃ | ︵ᠬᠤᠶᠠᠷ︶ ᠠᠯᠪᠠ ᠬᠠᠭᠠᠬᠤ ᠬᠤᠭᠤᠴᠠᠭᠠᠨ ᠳᠠᠬᠢ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ | 1. ᠠᠮᠢᠳᠤᠷᠠᠯ ᠤᠨ ᠬᠠᠷᠠᠭᠠᠯᠵᠠᠯ᠃ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠵᠤ ᠪᠠᠶᠢᠭ᠎ᠠ | ᠬᠤᠭᠤᠴᠠᠭᠠᠨ ᠳᠤ ᠬᠠᠩᠭᠠᠯᠭ᠎ᠠ ᠶᠢᠨ ᠳᠦᠷᠢᠮ ᠤᠨ ᠠᠮᠢᠳᠤᠷᠠᠯ ᠤᠨ ᠬᠠᠷᠠᠭᠠᠯᠵᠠᠯ ᠢ ᠬᠦᠷᠲᠡᠵᠦ᠂ ᠲᠣᠭᠲᠠᠭᠠᠯ | ᠶᠣᠰᠣᠭᠠᠷ ᠨᠡᠮᠡᠭᠦᠷᠢ ᠪᠠ ᠨᠥᠬᠦᠪᠥᠷᠢ ᠣᠯᠭᠤᠨ᠎ᠠ᠃ ᠣᠳᠣ ᠶᠢᠨ ᠬᠡᠷᠡᠭᠵᠢᠭᠦᠯᠵᠦ ᠪᠠᠶᠢᠭ᠎ᠠ ᠨᠥᠬᠦᠪᠥᠷᠢ ᠮᠥᠩᠭᠦ ᠶᠢᠨ | ᠪᠠᠷᠢᠮᠵᠢᠶ᠎ᠠ ᠶᠢ ᠪᠣᠯ ᠨᠢᠭᠡᠳᠦᠭᠡᠷ ᠵᠢᠯ ᠳᠤ ᠰᠠᠷ᠎ᠠ ᠪᠦᠷᠢ ᠪᠠᠷᠤᠭ 1100 ᠲᠥᠭᠦᠷᠢᠭ᠂ ᠬᠤᠶᠠᠳᠤᠭᠠᠷ ᠵᠢᠯ ᠳᠤ | ᠰᠠᠷ᠎ᠠ ᠳᠤ ᠪᠠᠷᠤᠭ 1200 ᠲᠥᠭᠦᠷᠢᠭ ︵ᠭᠤᠤᠯᠯᠠᠬᠤ ᠬᠥᠮᠦᠨ ᠤ ᠨᠡᠮᠡᠭᠦᠷᠢ᠂ ᠣᠨᠴᠣᠭᠤᠶ ᠠᠵᠢᠯ ᠤᠨ ᠪᠠᠶᠢᠷᠢ ᠶᠢᠨ | ᠨᠡᠮᠡᠭᠦᠷᠢ᠂ ᠬᠠᠲᠠᠭᠤᠵᠢᠯᠲᠠᠶ ᠠᠯᠤᠰ ᠬᠢᠵᠠᠭᠠᠷ ᠭᠠᠵᠠᠷ ᠣᠷᠣᠨ ᠤ ᠨᠥᠬᠦᠪᠥᠷᠢ᠂ ᠬᠠᠯᠠᠭᠤᠨ ᠢ ᠰᠡᠷᠭᠡᠶᠢᠯᠡᠬᠦ ᠵᠠᠷᠤᠳᠠᠯ | ᠵᠡᠷᠭᠡ ᠨᠥᠬᠦᠪᠥᠷᠢ ᠶᠢ ᠪᠠᠭᠲᠠᠭᠠᠬᠤ ᠦᠭᠡᠶ︶᠃ | 2. ᠭᠡᠷ ᠪᠦᠯᠢ ᠬᠠᠷᠠᠭᠠᠯᠵᠠᠯ ᠲᠠᠢ᠃ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ ᠬᠤᠭᠤᠴᠠᠭᠠᠨ ᠳᠤ᠂ | ᠲᠡᠭᠦᠨ ᠤ ᠬᠡᠷ ᠪᠦᠯᠢ ᠶᠢᠨ ᠬᠢᠨ ᠢ ᠴᠡᠷᠢᠭ ᠲᠤ ᠣᠷᠣᠬᠤ ᠶᠢ ᠵᠥᠪᠰᠢᠶᠡᠷᠡᠭᠰᠡᠨ ᠵᠠᠰᠠᠭ ᠤᠨ ᠣᠷᠳᠣᠨ ᠠᠴᠠ ᠠᠯᠪᠠᠨ | ᠵᠢᠷᠤᠮ ᠤᠨ ᠴᠡᠷᠢᠭ ᠤᠨ ᠬᠡᠷ ᠪᠦᠯᠢ ᠶᠢᠨ ᠬᠠᠷᠠᠭᠠᠯᠵᠠᠯ ᠤᠨ ᠮᠥᠩᠭᠦ ︵2024 ᠣᠨ ᠳᠤ ᠮᠠᠨ ᠤ ᠬᠤᠲᠠ ᠶᠢᠨ | ᠠᠯᠪᠠᠨ ᠵᠢᠷᠤᠮ ᠤᠨ ᠴᠡᠷᠢᠭ ᠤᠨ ᠬᠡᠷ ᠪᠦᠯᠢ ᠶᠢᠨ ᠬᠠᠷᠠᠭᠠᠯᠵᠠᠯ ᠤᠨ ᠮᠥᠩᠭᠦ 28522.5 ᠲᠥᠭᠦᠷᠢᠭ / ᠵᠢᠯ︶ | ᠣᠯᠭᠤᠵᠤ᠂ ᠠᠯᠪᠠᠨ ᠵᠢᠷᠤᠮ ᠤᠨ ᠴᠡᠷᠢᠭ ᠤᠨ ᠬᠡᠷ ᠪᠦᠯᠢ ᠶᠢᠨ ᠲᠣᠭᠲᠠᠭᠠᠯ ᠶᠣᠰᠣᠭᠠᠷ ᠴᠡᠷᠢᠭ ᠤᠨ ᠬᠡᠷ ᠪᠦᠯᠢ ᠶᠢᠨ | ᠬᠠᠷᠠᠭᠠᠯᠵᠠᠯ ᠭᠥᠷᠳᠡᠨ᠎ᠡ᠃ | 3. ᠪᠠᠶᠢᠯᠳᠤᠭᠴᠢ ᠰᠣᠩᠭᠤᠨ᠎ᠠ᠃ ︵1︶ ᠴᠡᠷᠢᠭ ᠤᠨ ᠶᠡᠭᠡ ᠳᠡᠭᠡᠳᠦ ᠰᠤᠷᠭᠠᠭᠤᠯᠢ ᠳᠤ ᠨᠡᠷ᠎ᠡ ᠮᠡᠳᠡᠭᠦᠯᠦᠨ᠎ᠡ᠃ | ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠨᠥᠬᠦᠴᠡᠯ ᠳᠤ ᠨᠡᠶᠢᠴᠡᠬᠦ ᠳᠤᠨᠢ ᠴᠡᠷᠢᠭ ᠤᠨ | ᠰᠤᠷᠭᠠᠭᠤᠯᠢ ᠳᠤ ᠨᠡᠷ᠎ᠡ ᠮᠡᠳᠡᠭᠦᠯᠵᠦ ᠪᠣᠯᠤᠨ᠎ᠠ᠂ ᠲᠡᠭᠦᠰᠦᠭᠰᠡᠨ ᠤ ᠳᠠᠷᠠᠭ᠎ᠠ ᠳᠡᠭᠡᠳᠦ ᠵᠡᠷᠭᠡ ᠶᠢᠨ ᠲᠤᠰᠬᠠᠶ | ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠣᠯᠬᠤ ᠪᠥᠭᠡᠳ ᠵᠣᠬᠢᠴᠠᠩᠭᠤᠶ ᠪᠦᠬᠦᠢ ᠴᠡᠷᠢᠭ ᠤᠨ | ᠴᠣᠯᠠ ᠣᠯᠭᠤᠬᠤ ᠬᠡᠷᠡᠭᠲᠡᠶ᠃ ︵2︶ ᠴᠡᠷᠢᠭ ᠤᠨ ᠲᠦᠷᠦᠭᠦᠴᠢ ᠪᠣᠯᠭᠠᠨ ᠥᠭᠡᠷᠡᠴᠢᠯᠡᠨ᠎ᠡ᠃ ᠠᠯᠪᠠᠨ ᠵᠢᠷᠤᠮ ᠤᠨ | ᠴᠡᠷᠢᠭ ᠤᠨ ᠠᠯᠪᠠ ᠬᠠᠭᠠᠬᠤ ᠬᠤᠭᠤᠴᠠᠭ᠎ᠠ ᠨᠢ ᠳᠦᠭᠦᠷᠪᠡᠯ᠂ ᠲᠤᠰ ᠬᠥᠮᠦᠨ ᠨᠢ ᠭᠤᠶᠤᠴᠢᠯᠠᠭᠳᠠᠭᠰᠠᠨ ᠪᠥᠭᠡᠳ | ᠬᠤᠯᠪᠣᠭᠳᠠᠬᠤ ᠨᠥᠬᠦᠴᠡᠯ ᠳᠤ ᠨᠡᠶᠢᠴᠡᠭᠰᠡᠨ ᠪᠣᠯ᠂ ᠴᠡᠷᠢᠭ ᠤᠨ ᠲᠦᠷᠦᠭᠦᠴᠢ ᠶᠢ ᠰᠣᠩᠭᠤᠨ ᠥᠭᠡᠷᠡᠴᠢᠯᠡᠵᠦ᠂ | ᠵᠣᠬᠢᠴᠠᠩᠭᠤᠶ ᠪᠦᠬᠦᠢ ᠴᠡᠷᠢᠭ ᠤᠨ ᠴᠣᠯᠠ ᠣᠯᠭᠤᠵᠤ ᠪᠣᠯᠤᠨ᠎ᠠ᠃ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ | ᠬᠤᠭᠤᠴᠠᠭᠠᠨ ᠳᠤ ᠣᠨᠴᠠ ᠰᠢᠯᠢᠳᠡᠭ ᠢᠯᠡᠷᠡᠯ ᠲᠠᠢ ᠪᠣᠯ ᠵᠥᠪᠰᠢᠶᠡᠷᠡᠭᠦᠯᠬᠦ ᠪᠠᠷ ᠳᠠᠮᠵᠢᠭᠠᠳ ᠴᠡᠷᠢᠭ ᠤᠨ | ᠠᠯᠪᠠᠨ ᠠᠴᠠ ᠬᠠᠯᠠᠭᠳᠠᠵᠤ ᠪᠣᠯᠤᠨ᠎ᠠ᠃ | 4. ᠣᠹᠢᠼᠧᠷ ᠢ ᠰᠢᠯᠢᠨ ᠳᠡᠪᠰᠢᠭᠦᠯᠦᠨ᠎ᠡ᠃ ︵1︶ ᠴᠡᠷᠢᠭ ᠤᠨ ᠰᠤᠷᠭᠠᠭᠤᠯᠢ ᠳᠤ ᠨᠡᠷ᠎ᠡ ᠮᠡᠳᠡᠭᠦᠯᠦᠨ᠎ᠡ᠃ | ᠬᠦᠷᠳᠡᠬᠦ ᠡᠲᠡᠭᠡᠳ ᠨᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠠᠴᠠ ᠳᠡᠭᠡᠭᠰᠢᠬᠢ | ᠰᠣᠶᠣᠯ ᠤᠨ ᠬᠢᠷᠢ ᠬᠡᠮᠵᠢᠶ᠎ᠡ ᠪᠤᠶᠤ ᠠᠳᠠᠯᠢ ᠵᠡᠷᠭᠡ ᠶᠢᠨ ᠰᠤᠷᠤᠯᠴᠠᠭᠰᠠᠨ ᠨᠠᠮᠲᠠᠷ ᠲᠠᠢ ᠬᠥᠮᠦᠰ᠂ ᠤᠷᠤᠭᠯᠠᠭᠠᠳᠤᠶ | ᠨᠠᠰᠤ ᠨᠢ 22 ᠪᠦᠬᠦᠯᠢ ᠨᠠᠰᠤ ︵ᠴᠡᠷᠢᠭ ᠲᠤ ᠣᠷᠣᠬᠤ ᠠᠴᠠ ᠡᠮᠦᠨ᠎ᠡ ᠡᠩ ᠤᠨ ᠳᠡᠭᠡᠳᠦ ᠵᠡᠷᠭᠡ ᠶᠢᠨ | ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ᠂ ᠲᠡᠭᠦᠰᠦᠭᠰᠡᠳ ᠪᠤᠶᠤ ᠴᠥᠭᠡᠨ ᠲᠣᠭᠠᠲᠤ ᠦᠨᠳᠦᠰᠦᠲᠡᠨ | ᠪᠣᠯ 1 ᠨᠠᠰᠤ ᠶᠢ ᠠᠭᠤᠵᠢᠭᠤ ᠲᠠᠯᠪᠢᠵᠤ ᠪᠣᠯᠤᠨ᠎ᠠ︶᠂ ᠪᠦᠬᠦᠯᠢ 1 ᠵᠢᠯ ᠢᠶᠠᠷ ᠠᠯᠪᠠ ᠬᠠᠭᠠᠭᠠᠳ᠂ 3 ᠵᠢᠯ ᠠᠴᠠ | ᠬᠡᠲᠦᠷᠡᠭᠦᠯᠵᠦ ᠪᠣᠯᠬᠤ ᠦᠭᠡᠶ᠂ ᠴᠡᠷᠢᠭ ᠠᠩᠭᠢ ᠶᠢᠨ ᠪᠣᠭᠤᠮᠲᠠ ᠶᠢᠨ ᠨᠥᠬᠦᠴᠡᠯ ᠳᠤ ᠨᠡᠶᠢᠴᠡᠪᠡᠯ᠂ ᠴᠡᠷᠢᠭ ᠤᠨ | ᠰᠤᠷᠭᠠᠭᠤᠯᠢ ᠳᠤ ᠨᠡᠷ᠎ᠡ ᠮᠡᠳᠡᠭᠦᠯᠵᠦ ᠪᠣᠯᠤᠨ᠎ᠠ᠃ ︵2︶ ᠵᠢᠩᠬᠢᠨᠢ ᠠᠩᠭᠢ ᠠᠴᠠ ᠳᠡᠭᠦᠰᠦᠭᠰᠡᠨ ᠺᠠᠳ᠋ᠷ ᠬᠦᠷᠳᠡᠬᠦ | ᠡᠲᠡᠭᠡᠳ ᠨᠢ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠠᠴᠠ | ᠳᠡᠭᠡᠭᠰᠢ ᠲᠡᠭᠦᠰᠴᠦ᠂ ᠠᠯᠪᠠ ᠬᠠᠭᠠᠭᠠᠳ ᠪᠦᠬᠦᠯᠢ 1 ᠵᠢᠯ ᠪᠣᠯᠵᠤ ᠪᠣᠯᠬᠤ ᠦᠭᠡᠢ᠂ 3 ᠵᠢᠯ ᠠᠴᠠ ᠬᠡᠲᠦᠷᠡᠭᠦᠯᠵᠦ | ᠪᠣᠯᠬᠤ ᠦᠭᠡᠢ᠂ ᠵᠢᠩᠬᠢᠨᠢ ᠠᠩᠭᠢ ᠶᠢᠨ ᠨᠠᠰᠤ ᠶᠢ ᠨᠢ ᠪᠦᠬᠦᠯᠢ 26 ᠨᠠᠰᠤᠨ ᠠᠴᠠ ᠬᠡᠲᠦᠷᠡᠭᠦᠯᠵᠦ ᠪᠣᠯᠬᠤ ᠦᠭᠡᠢ᠂ | ᠠᠰᠫᠢᠷᠠᠨᠲ ᠲᠡᠭᠦᠰᠦᠭᠰᠡᠳ ᠢ 29 ᠪᠦᠬᠦᠯᠢ ᠨᠠᠰᠤᠨ ᠠᠴᠠ ᠬᠡᠲᠦᠷᠡᠭᠦᠯᠵᠦ ᠪᠣᠯᠬᠤ ᠦᠭᠡᠢ᠂ ᠴᠡᠷᠢᠭ ᠠᠩᠭᠢ ᠶᠢᠨ | ᠬᠠᠮᠢᠶ᠎ᠠ ᠪᠦᠬᠦᠢ ᠨᠥᠬᠦᠴᠡᠯ ᠳᠤ ᠨᠡᠶᠢᠴᠡᠭᠦᠯᠵᠦ ᠪᠣᠯᠤᠨ᠎ᠠ᠃ ᠡᠭᠦᠨ ᠤ ᠳᠣᠲᠣᠷ᠎ᠠ ᠲᠥᠪᠡᠳ ᠪᠠ ᠭᠤᠷᠪᠠᠳᠤᠭᠠᠷ | ᠲᠥᠷᠥᠯ ᠠᠴᠠ ᠳᠡᠭᠡᠭᠰᠢᠬᠢ ᠬᠠᠲᠠᠭᠤᠵᠢᠯᠲᠠᠶ ᠠᠯᠤᠰ ᠬᠢᠵᠠᠭᠠᠷ ᠭᠠᠵᠠᠷ ᠣᠷᠣᠨ ᠤ ᠴᠥᠭᠡᠨ ᠲᠣᠭᠠᠲᠤ ᠦᠨᠳᠦᠰᠦᠲᠡᠨ | ᠲᠥᠪᠯᠡᠷᠡᠨ ᠰᠠᠭᠤᠭᠰᠠᠨ ᠣᠷᠣᠨ ᠤ ᠴᠡᠷᠢᠭ ᠠᠩᠭᠢ ᠶᠢᠨ ᠠᠯᠪᠠ ᠬᠠᠭᠠᠭᠰᠠᠨ ᠴᠥᠭᠡᠨ ᠲᠣᠭᠠᠲᠤ ᠦᠨᠳᠦᠰᠦᠲᠡᠨ ᠤ | ᠪᠠᠶᠢᠯᠳᠤᠭᠴᠢ ᠶᠢᠨ ᠨᠠᠰᠤ ᠶᠢ ᠨᠢ ᠨᠢᠭᠡ ᠨᠠᠰᠤ ᠠᠭᠤᠵᠢᠭᠤ ᠲᠠᠯᠪᠢᠵᠤ ᠪᠣᠯᠤᠨ᠎ᠠ᠃ | ︵ᠭᠤᠷᠪᠠ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ | 1. ᠲᠥᠪᠬᠢᠨᠡᠭᠦᠯᠬᠦ ᠲᠥᠷᠥ ᠶᠢᠨ ᠪᠣᠳᠣᠯᠭ᠎ᠠ᠃ ᠴᠡᠷᠢᠭ ᠤᠨ ᠠᠯᠪᠠᠨ ᠠᠴᠠ ᠪᠠᠭᠤᠭᠰᠠᠨ ᠠᠯᠪᠠᠨ ᠵᠢᠷᠤᠮ ᠤᠨ | ᠴᠡᠷᠢᠭ ᠲᠤ ᠤᠯᠤᠰ ᠠᠴᠠ ᠪᠡᠶ᠎ᠡ ᠪᠠᠨ ᠳᠠᠭᠠᠭᠠᠵᠤ ᠠᠵᠢᠯ ᠣᠯᠬᠤ᠂ ᠠᠵᠢᠯ ᠲᠣᠬᠢᠷᠠᠭᠤᠯᠬᠤ᠂ ᠠᠰᠠᠷᠠᠨ ᠲᠡᠵᠢᠭᠡᠬᠦ | ᠵᠡᠷᠭᠡ ᠠᠷᠭ᠎ᠠ ᠮᠠᠶᠢᠭ ᠢᠶᠠᠷ ᠲᠣᠬᠢᠲᠠᠶ ᠲᠥᠪᠬᠢᠨᠡᠭᠦᠯᠬᠦ ᠬᠡᠷᠡᠭᠲᠡᠶ᠃ ᠴᠡᠷᠢᠭ ᠤᠨ ᠠᠯᠪᠠᠨ ᠠᠴᠠ ᠪᠠᠭᠤᠭᠰᠠᠨ | ᠪᠠᠶᠢᠯᠳᠤᠭᠴᠢᠳ ᠢ ᠤᠯᠤᠰ ᠠᠴᠠ ᠴᠡᠷᠢᠭ ᠤᠨ ᠠᠯᠪᠠᠨ ᠠᠴᠠ ᠪᠠᠭᠤᠭᠰᠠᠨ ᠮᠥᠩᠭᠦ ᠶᠢ ᠰᠠᠷ᠎ᠠ ᠳᠠᠷᠠᠭᠠᠯᠠᠨ ᠠᠪᠬᠤ᠂ | ᠪᠡᠶ᠎ᠡ ᠪᠠᠨ ᠳᠠᠭᠠᠭᠠᠵᠤ ᠠᠵᠢᠯ ᠣᠯᠬᠤ᠂ ᠠᠵᠢᠯ ᠲᠣᠬᠢᠷᠠᠭᠤᠯᠬᠤ᠂ ᠠᠵᠢᠯ ᠠᠴᠠ ᠪᠠᠨ ᠪᠠᠭᠤᠵᠤ ᠠᠮᠠᠷᠠᠬᠤ᠂ ᠠᠰᠠᠷᠠᠨ | ᠲᠡᠵᠢᠭᠡᠬᠦ ᠵᠡᠷᠭᠡ ᠠᠷᠭ᠎ᠠ ᠮᠠᠶ᠋ᠢᠭ ᠢ ᠠᠪᠴᠤ ᠲᠣᠬᠢᠲᠠᠶ ᠲᠥᠪᠬᠢᠨᠡᠭᠦᠯᠬᠦ ᠬᠡᠷᠡᠭᠲᠡᠶ᠃ ᠴᠡᠷᠢᠭ ᠤᠨ ᠠᠯᠪᠠᠨ ᠠᠴᠠ | ᠪᠠᠭᠤᠭᠰᠠᠨ ᠴᠡᠷᠢᠭ ᠤᠨ ᠠᠯᠪᠠ ᠬᠠᠭᠠᠬᠤ ᠬᠤᠭᠤᠴᠠᠭ᠎ᠠ ᠨᠢ 12 ᠵᠢᠯ ᠪᠤᠶᠤ ᠤᠯᠤᠰ ᠠᠴᠠ ᠲᠣᠭᠲᠠᠭᠠᠭᠰᠠᠨ ᠪᠤᠰᠤᠳ | ᠨᠥᠬᠦᠴᠡᠯ ᠳᠤ ᠨᠡᠶᠢᠴᠡᠬᠦ ᠳᠤᠨᠢ ᠲᠥᠪᠬᠢᠨᠡᠭᠦᠯᠬᠦ ᠭᠠᠵᠠᠷ ᠤᠨ ᠰᠢᠶᠠᠨ ︵ᠲᠣᠭᠤᠷᠢᠭ︶ ᠤ ᠱᠠᠲᠤᠨ ᠠᠴᠠ ᠳᠡᠭᠡᠭᠰᠢᠬᠢ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠠᠵᠢᠯ ᠲᠣᠬᠢᠷᠠᠭᠤᠯᠬᠤ ᠬᠡᠷᠡᠭᠲᠡᠶ᠃ | 2. ᠬᠠᠨᠳᠤᠯᠭ᠎ᠠ ᠲᠠᠢ ᠡᠯᠰᠡᠬᠦ ᠪᠤᠶᠤ ᠡᠩ ᠲᠡᠷᠢᠭᠦᠨ ᠳᠤ ᠡᠯᠰᠡᠬᠦ ᠬᠡᠷᠡᠭᠲᠡᠶ᠃ ᠴᠡᠷᠢᠭ ᠠᠩᠭᠢ ᠳᠤ ᠠᠯᠪᠠ ᠬᠠᠭᠠᠭᠰᠠᠨ | 5 ᠵᠢᠯ ︵ᠪᠠᠭᠲᠠᠨ᠎ᠠ︶ ᠠᠴᠠ ᠳᠡᠭᠡᠭᠰᠢᠬᠢ ᠳᠡᠭᠡᠳᠦ ᠰᠤᠷᠭᠠᠭᠤᠯᠢ ᠲᠡᠭᠦᠰᠦᠭᠰᠡᠳ ᠴᠡᠷᠢᠭ ᠤᠨ ᠠᠯᠪᠠᠨ ᠠᠴᠠ | ᠪᠠᠭᠤᠭᠰᠠᠨ ᠤ ᠳᠠᠷᠠᠭ᠎ᠠ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠬᠥᠮᠦᠰ ᠲᠤ | ᠬᠠᠨᠳᠤᠭᠤᠯᠤᠭᠰᠠᠨ ᠬᠠᠨᠳᠤᠯᠭ᠎ᠠ ᠲᠠᠢ ᠰᠢᠯᠭᠠᠨ ᠡᠯᠰᠡᠬᠦ ᠪᠠᠷ ᠨᠡᠷ᠎ᠡ ᠮᠡᠳᠡᠭᠦᠯᠦᠨ ᠰᠢᠯᠭᠠᠭᠤᠯᠵᠤ ᠪᠣᠯᠤᠨ᠎ᠠ᠃ ᠠᠯᠪᠠᠲᠠᠨ | ᠡᠯᠰᠡᠨ ᠬᠡᠷᠡᠭᠯᠡᠬᠦ᠂ ᠠᠯᠪᠠᠲᠠᠨ ᠤ ᠬᠠᠤᠯᠢ ᠶᠢᠨ ᠬᠠᠮᠢᠶᠠᠷᠤᠯᠲᠠ ᠶᠢᠨ ᠪᠠᠶᠢᠭᠤᠯᠤᠯᠭ᠎ᠠ ︵ᠨᠢᠭᠡᠴᠡ︶ ᠶᠢᠨ ᠠᠵᠢᠯᠲᠠᠨ ︵ | ᠲᠤᠬᠠᠶᠢᠯᠠᠪᠠᠯ ᠠᠯᠪᠠᠨ ᠶᠠᠪᠤᠳᠠᠯ ᠳᠤ ᠣᠷᠣᠯᠴᠠᠭᠴᠢ︶ ᠢᠶᠠᠷ ᠯᠠᠪᠯᠠᠯᠲᠠ ᠪᠣᠯᠭᠠᠵᠤ᠂ ᠠᠵᠢᠯ ᠦᠢᠯᠡᠰ ᠤᠨ | ᠨᠢᠭᠡᠴᠡ ᠶᠢᠨ ᠠᠵᠢᠯᠲᠠᠨ ᠤᠷᠢᠬᠤ ᠳᠠᠭᠠᠨ᠂ ᠠᠳᠠᠯᠢ ᠨᠥᠬᠦᠴᠡᠯ ᠤᠨ ᠳᠣᠤᠷ᠎ᠠ ᠵᠠᠰᠠᠭ ᠤᠨ ᠣᠷᠳᠣᠨ ᠠᠵᠢᠯ | ᠲᠣᠬᠢᠷᠠᠭᠤᠯᠬᠤ ᠨᠥᠬᠦᠴᠡᠯ ᠳᠤ ᠨᠡᠶᠢᠴᠡᠬᠦ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠢ ᠡᠩ | ᠲᠡᠷᠢᠭᠦᠨ ᠳᠤ ᠡᠯᠰᠡᠨ ᠬᠡᠷᠡᠭᠯᠡᠬᠦ ᠬᠡᠷᠡᠭᠲᠡᠶ᠃ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠠᠯᠪᠠᠲᠠᠨ | ᠰᠢᠯᠭᠠᠨ ᠪᠠᠶᠢᠴᠠᠭᠠᠯᠭᠠᠬᠤ᠂ ᠠᠵᠢᠯ ᠦᠢᠯᠡᠰ ᠤᠨ ᠨᠢᠭᠡᠴᠡ ᠶᠢᠨ ᠲᠤᠰᠢᠶᠠᠯ ᠤᠨ ᠪᠠᠶᠢᠷᠢ ᠳᠤ ᠤᠷᠢᠭᠳᠠᠭᠰᠠᠨ ᠪᠣᠯ | ᠴᠡᠷᠢᠭ ᠠᠩᠭᠢ ᠳᠤ ᠴᠡᠷᠢᠭ ᠤᠨ ᠠᠯᠪᠠ ᠬᠠᠭᠠᠭᠰᠠᠨ ᠥᠩᠭᠡᠷᠡᠯᠲᠡ ᠶᠢ ᠦᠨᠳᠦᠰᠦᠨ ᠱᠠᠲᠤᠨ ᠳᠤ ᠠᠵᠢᠯᠯᠠᠭᠰᠠᠨ | ᠥᠩᠭᠡᠷᠡᠯᠲᠡ ᠪᠠᠷ ᠦᠵᠡᠵᠦ᠂ ᠴᠡᠷᠢᠭ ᠤᠨ ᠠᠯᠪᠠ ᠬᠠᠭᠠᠭᠰᠠᠨ ᠤᠨ ᠵᠢᠯ ᠢ ᠠᠵᠢᠯᠯᠠᠭᠰᠠᠨ ᠤᠨ ᠵᠢᠯ ᠢᠶᠠᠷ ᠪᠣᠳᠣᠨ᠎ᠠ᠃ | ᠰᠦᠢᠳᠬᠡᠯ ᠬᠤᠷᠢᠶᠠᠬᠤ ᠦᠭᠡᠶ ᠪᠠᠷ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ | ᠬᠢᠬᠦ ᠬᠡᠷᠡᠭᠲᠡᠶ᠃ ᠡᠵᠡᠨ ᠮᠡᠳᠡᠵᠦ ᠠᠵᠢᠯ ᠣᠯᠤᠭᠰᠠᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ | ᠴᠡᠷᠢᠭ ᠤᠨ ᠠᠯᠪᠠᠨ ᠠᠴᠠ ᠪᠠᠭᠤᠭᠰᠠᠨ ᠤ ᠳᠠᠷᠠᠭ᠎ᠠ ᠨᠢᠭᠡ ᠤᠳᠠᠭ᠎ᠠ ᠰᠦᠢᠳᠬᠡᠯ ᠬᠤᠷᠢᠶᠠᠬᠤ ᠦᠭᠡᠶ ᠪᠠᠷ | ᠪᠣᠯᠪᠠᠰᠤᠷᠠᠭᠤᠯᠤᠯ ᠬᠦᠷᠲᠡᠭᠡᠬᠦ ᠶᠢ ᠰᠣᠩᠭᠤᠬᠤ ᠶᠢᠨ ᠬᠠᠮᠲᠤ ᠪᠣᠯᠪᠠᠰᠤᠷᠠᠭᠤᠯᠤᠯ ᠤᠨ ᠬᠤᠭᠤᠴᠠᠭᠠᠨ ᠤ ᠠᠮᠢᠳᠤᠷᠠᠯ ᠤᠨ | ᠲᠤᠰᠠᠯᠠᠮᠵᠢ ᠬᠦᠷᠲᠡᠵᠦ᠂ ᠬᠥᠮᠦᠵᠢᠯ ᠪᠣᠯᠪᠠᠰᠤᠷᠠᠭᠤᠯᠤᠯ ᠤᠨ ᠬᠤᠭᠤᠴᠠᠭ᠎ᠠ ᠨᠢ ᠡᠩ ᠤᠨ ᠪᠠᠶᠢᠳᠠᠯ ᠳᠣᠤᠷ᠎ᠠ 2 ᠵᠢᠯ | ᠪᠠᠶᠢᠵᠤ᠂ ᠬᠠᠮᠤᠭ ᠤᠨ ᠣᠬᠤᠷ ᠬᠤᠭᠤᠴᠠᠭ᠎ᠠ ᠨᠢ 3 ᠰᠠᠷ᠎ᠠ ᠠᠴᠠ ᠳᠤᠲᠠᠭᠤ ᠦᠭᠡᠶ ᠪᠠᠶᠢᠬᠤ ᠬᠡᠷᠡᠭᠲᠡᠶ᠃ | 4. ᠠᠳᠠᠯ ᠦᠢᠯᠡᠰ ᠴᠣᠭᠴᠠᠯᠠᠬᠤ ᠮᠥᠩᠭᠦᠨ ᠭᠦᠢᠯᠭᠡᠭᠡᠨ ᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠢ ᠬᠦᠷᠲᠡᠨ᠎ᠡ | ᠃ ᠨᠥᠬᠦᠴᠡᠯ ᠳᠤ ᠨᠡᠶᠢᠴᠡᠬᠦ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠤᠨ ᠠᠯᠪᠠᠨ ᠠᠴᠠ ᠪᠠᠭᠤᠭᠰᠠᠨ | ᠪᠠᠶᠢᠯᠳᠤᠭᠴᠢ ᠵᠢᠴᠢ ᠡᠭᠦᠳᠦᠨ ᠪᠠᠶᠢᠭᠤᠯᠤᠭᠰᠠᠨ ᠪᠠᠭ᠎ᠠ ᠵᠢᠵᠢᠭ ᠠᠵᠤ ᠠᠬᠤᠶᠢᠯᠠᠯ ᠨᠢ ᠠᠳᠠᠯ ᠦᠢᠯᠡᠰ ᠪᠣᠰᠬᠠᠬᠤ | ᠳᠠᠭᠠᠭᠠᠯᠲᠠᠲᠤ ᠵᠢᠭᠡᠯᠡᠯᠭᠡ ᠭᠤᠶᠤᠴᠢᠯᠠᠵᠤ ᠪᠣᠯᠬᠤ ᠪᠥᠭᠡᠳ ᠤᠯᠤᠰ ᠤᠨ ᠲᠣᠭᠲᠠᠭᠠᠯ ᠶᠣᠰᠣᠭᠠᠷ ᠵᠢᠭᠡᠯᠡᠯᠭᠡ ᠶᠢᠨ ᠳᠠᠮ | ᠬᠦᠦ ᠶᠢ ᠬᠦᠷᠲᠡᠨ᠎ᠡ᠃ ᠴᠡᠷᠢᠭ ᠠᠴᠠ ᠬᠠᠯᠠᠭᠳᠠᠭᠰᠠᠳ ᠬᠤᠪᠢ ᠶᠢᠨ ᠡᠵᠡᠩᠨᠡᠯᠲᠡ ᠬᠢᠵᠦ᠂ ᠨᠥᠬᠦᠴᠡᠯ ᠳᠤ ᠨᠡᠶᠢᠴᠡᠪᠡᠯ | ᠤᠯᠤᠰ ᠤᠨ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠢ ᠬᠦᠷᠲᠡᠵᠦ ᠪᠣᠯᠤᠨ᠎ᠠ᠃ | ᠴᠡᠷᠢᠭ ᠤᠨ ᠠᠯᠪᠠᠨ ᠠᠴᠠ ᠪᠠᠭᠤᠬᠤ ᠨᠢᠭᠡ ᠤᠳᠠᠭ᠎ᠠ ᠶᠢᠨ ᠴᠢᠨᠠᠷᠲᠠᠶ ᠲᠤᠰᠠᠯᠠᠮᠵᠢ ᠶᠢᠨ ᠮᠥᠩᠭᠦ ᠶᠢ ᠬᠦᠷᠲᠡᠨ᠎ᠡ᠃ | ᠨᠥᠬᠦᠴᠡᠯ ᠳᠤ ᠨᠡᠶᠢᠴᠡᠬᠦ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠨ | ᠪᠠᠶᠢᠯᠳᠤᠭᠴᠢᠳ ᠨᠢ ᠤᠯᠤᠰ ᠪᠠ ᠴᠡᠷᠢᠭ ᠠᠩᠭᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠮᠥᠩᠭᠦ ᠠᠪᠴᠤ ︵2024 ᠣᠨ ᠤ | ᠮᠠᠨ ᠤ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠥᠬᠦᠪᠥᠷᠢ ᠮᠥᠩᠭᠦ ᠶᠢᠨ ᠪᠠᠷᠢᠮᠵᠢᠶ᠎ᠠ ᠨᠢ | 93004 ᠲᠥᠭᠦᠷᠢᠭ︶᠃ | ᠲᠠᠪᠤ᠂ ᠨᠡᠷ᠎ᠡ ᠮᠡᠳᠡᠭᠦᠯᠬᠦ ᠯᠠᠪᠯᠠᠭ᠎ᠠ | ᠥᠷᠭᠡᠨ ᠣᠯᠠᠨ ᠵᠠᠯᠠᠭᠤᠴᠤᠳ ᠪᠣᠯᠤᠨ ᠬᠡᠷ ᠤᠨ ᠠᠬᠠᠮᠠᠳ ᠤᠨ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢ | ᠣᠶᠢᠯᠠᠭᠠᠵᠤ᠂ ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠬᠦ ᠶᠢᠨ ᠲᠥᠯᠥᠭᠡ᠂ ᠡᠳᠦᠭᠡ ᠮᠠᠨ ᠤ ᠬᠤᠲᠠ ᠶᠢᠨ ᠡᠯ᠎ᠡ | ᠱᠠᠲᠤᠨ ᠤ ᠴᠡᠷᠢᠭ ᠤᠨ ᠠᠯᠪᠠᠨ ᠤ ᠪᠠᠶᠢᠭᠤᠯᠭ᠎ᠠ ᠶᠢᠨ ᠬᠠᠷᠢᠯᠴᠠᠬᠤ ᠠᠷᠭ᠎ᠠ ᠮᠠᠶ᠋ᠢᠭ ᠢ ᠳᠣᠤᠷᠠᠬᠢ ᠮᠡᠲᠦ ᠨᠡᠶᠢᠲᠡᠯᠡᠪᠡ᠄ | ᠬᠤᠣᠯᠢᠩᠭᠤᠣᠯ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠄ 0475 - 7820105᠂ | 15848172738᠂ 15754935240 | ᠮᠦᠰᠦᠲᠠᠢ ᠵᠡᠭᠡᠯᠢ ᠭᠤᠳᠤᠮᠵᠢ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠄ 15047510804 | ᠵᠦᠰᠬᠤᠸᠠ ᠵᠡᠭᠡᠯᠢ ᠭᠤᠲᠣᠮᠵᠢ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠄ 18404716771 | ᠪᠣᠷᠣᠬᠤᠵᠢᠷ ᠵᠡᠭᠡᠯᠢ ᠭᠤᠲᠣᠮᠵᠢ ᠶᠢᠨ ᠠᠷᠠᠳ ᠤᠨ ᠵᠡᠪᠰᠡᠭᠲᠤ ᠬᠦᠴᠦᠨ ᠤ ᠬᠡᠯᠲᠡᠰ᠄ 18247555680 | ᠰᠢᠷ᠎ᠠ ᠬᠦᠤᠷ ᠵᠡᠭᠡᠯᠢ ᠭᠤᠳᠤᠮᠵᠢ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠄ 13190891756 | ᠳᠠᠯᠠᠶᠢᠬᠤᠰᠢᠭᠤ ᠰᠤᠮᠤ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠄ 18747353520 | ᠬᠤᠤᠯᠢᠩᠭᠤᠤᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠡᠷᠢᠭ ᠡᠯᠰᠡᠬᠦ ᠠᠯᠪᠠᠨ ᠭᠡᠷ | 2024 ᠣᠨ ᠤ 12 ᠰᠠᠷ᠎ᠠ ᠶᠢᠨ 2 ᠤᠨ ᠡᠳᠦᠷ | | |