ᠬᠡᠷᠡᠭᠯᠡᠭᠴᠢ ᠶᠢᠨ ᠡᠷᠬᠡ ᠠᠰᠢᠭ ᠲᠤ ᠬᠠᠯᠳᠠᠭᠰᠠᠨ ᠠᠵᠢᠯᠯᠠᠭ᠎ᠠ ᠶᠢᠨ ᠲᠤᠬᠠᠢ APP ︵SDK︶  ᠶᠢᠨ ᠵᠠᠷᠯᠠᠯ
ᠨᠡᠶᠢᠲᠡᠯᠡᠭᠰᠡᠨ ᠴᠠᠭ᠄
2024/3/18
   ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠬᠡᠷᠡᠭᠯᠡᠭᠴᠢ ᠶᠢᠨ ᠡᠷᠬᠡ ᠠᠰᠢᠭ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ︾ ︽ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠴᠠᠬᠢᠯᠭᠠᠨ ᠬᠤᠯᠪᠣᠭᠠᠨ ᠤ ᠳᠦᠷᠢᠮ︾ ︽ᠴᠠᠬᠢᠯᠭᠠᠨ ᠬᠤᠯᠪᠣᠭ᠎ᠠ ᠪᠠ ᠢᠨᠲ᠋ᠧᠷ ᠰᠦᠯᠵᠢᠶᠡᠨ ᠤ ᠬᠡᠷᠡᠭᠯᠡᠭᠴᠢ ᠶᠢᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ APP ᠶᠢᠨ ᠬᠡᠷᠡᠭᠯᠡᠭᠴᠢ ᠶᠢᠨ ᠡᠷᠬᠡ ᠠᠰᠢᠭ ᠲᠤ ᠬᠠᠯᠳᠠᠭᠰᠠᠨ ᠲᠣᠭᠲᠠᠭᠠᠯ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠦᠷᠭᠦᠯᠵᠢᠯᠡᠨ ᠴᠡᠭᠴᠡᠯᠡᠨ ᠵᠠᠰᠠᠪᠠ᠃ ᠣᠶᠢᠷ᠎ᠠ ᠶᠢᠨ ᠬᠤᠭᠤᠴᠠᠭᠠᠨ ᠳᠤ᠂ ᠮᠠᠨ ᠤ ᠶᠠᠮᠤᠨ ᠭᠤᠷᠪᠠᠳᠠᠭᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠬᠡᠷᠡᠭᠯᠡᠭᠴᠢ ᠶᠢᠨ ᠲᠤᠰᠬᠠᠯ ᠲᠣᠪᠣᠶᠢᠮ᠎ᠠ ᠪᠠᠶᠢᠭ᠎ᠠ ︽ᠡᠷᠭᠢᠭᠦᠯᠬᠦ ︾᠂ ᠮᠡᠳᠡᠭᠡ ᠵᠠᠩᠭᠢ ᠶᠢᠨ ᠴᠣᠩᠬᠤ ᠶᠢ ︽ᠬᠠᠭᠠᠵᠤ ᠳᠡᠶᠢᠯᠬᠦ ᠦᠭᠡᠢ︾ ᠵᠢᠴᠢ ᠲᠣᠭᠲᠠᠭᠠᠯ ᠢ ᠵᠥᠷᠢᠴᠡᠨ ᠬᠤᠪᠢ ᠬᠥᠮᠥᠨ ᠤ ᠮᠡᠳᠡᠭᠡ ᠵᠠᠩᠭᠢ ᠶᠢ ᠴᠤᠭᠯᠠᠭᠤᠯᠵᠤ ᠬᠡᠷᠡᠭᠯᠡᠭᠰᠡᠨ ᠵᠡᠷᠭᠡ ᠠᠰᠠᠭᠤᠳᠠᠯ ᠳᠤ ᠪᠠᠶᠢᠴᠠᠭᠠᠯᠲᠠ ᠬᠢᠵᠦ᠂ ᠨᠡᠶᠢᠲᠡ 62 ᠵᠦᠢᠯ ᠤᠨ APP ᠵᠢᠴᠢ SDK ᠳᠤ ᠬᠡᠷᠡᠭᠯᠡᠭᠴᠢ ᠶᠢᠨ ᠡᠷᠬᠡ ᠠᠰᠢᠭ ᠲᠤ ᠬᠠᠯᠳᠠᠭᠰᠠᠨ ᠦᠶᠯᠡ ᠠᠵᠢᠯᠯᠠᠭ᠎ᠠ ᠣᠷᠣᠰᠢᠵᠤ ᠪᠠᠶᠢᠬᠤ ᠶᠢ ᠢᠯᠡᠷᠡᠭᠦᠯᠪᠡ ︵ᠳᠠᠭᠠᠯᠳᠤᠭᠤᠯᠤᠯ ᠳᠤ ᠦᠵᠡ︶᠂ ᠣᠲᠣ ᠵᠠᠷᠯᠠᠨ ᠮᠡᠳᠡᠭᠳᠡᠶ᠎ᠡ᠃   ᠳᠡᠭᠡᠷ᠎ᠡ ᠳᠤᠷᠠᠳᠤᠭᠰᠠᠨ APP ᠵᠢᠴᠢ SDK ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠡᠭᠴᠡᠯᠡᠨ ᠥᠭᠡᠷᠡᠴᠢᠯᠡᠬᠦ ᠬᠡᠷᠡᠭᠲᠡᠢ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ ᠪᠠᠶᠢᠪᠠᠯ᠂ ᠮᠠᠨ ᠤ ᠶᠠᠮᠤᠨ ᠬᠠᠤᠯᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃     ᠳᠠᠭᠠᠯᠳᠤᠭᠤᠯᠤᠯ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠵᠠᠷᠯᠠᠨ ᠮᠡᠳᠡᠭᠳᠡᠭᠰᠡᠨ ᠠᠰᠠᠭᠤᠳᠠᠯ ᠣᠷᠣᠰᠢᠵᠤ ᠪᠠᠶᠢᠭ᠎ᠠ APP ︵SDK︶ ᠶᠢᠨ ᠨᠡᠷᠡᠰ

     ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠮᠡᠳᠡᠭᠡ ᠵᠠᠩᠭᠢ ᠬᠤᠯᠪᠣᠭᠠᠨ ᠤ ᠲᠤᠪᠴᠢᠶ᠎ᠠ

                                       2024 ᠣᠨ ᠤ 3 ᠰᠠᠷ᠎ᠠ ᠶᠢᠨ 14 ᠤ ᠡᠳᠦᠷ

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号