ᠨᠠᠮ ᠤᠨ ᠠᠴᠢ  ᠶᠢ ᠮᠡᠳᠡᠷᠡᠵᠦ ᠨᠠᠮ ᠤᠨ ᠦᠭᠡ  ᠶᠢ ᠰᠣᠨᠣᠰᠴᠤ ᠨᠠᠮ ᠢᠶᠠᠨ ᠲᠠᠭᠠᠬᠤ — ᠬᠤᠩ ᠱᠢ ᠨᠡᠶᠢᠭᠡᠮ ᠲᠣᠭᠤᠷᠢᠭ ᠤᠨ ᠬᠢᠨ ︽ᠭᠤᠷᠪᠠᠨ ᠴᠢᠪᠬᠠᠳᠠᠰᠦ︾  ᠢ ᠰᠠᠶᠢᠲᠤᠷ ᠴᠢᠪᠬᠠᠳᠠᠵᠤ᠂ ︽ᠨᠠᠮ ᠤᠨ ᠠᠴᠢ  ᠶᠢ ᠮᠡᠳᠡᠷᠡᠵᠦ᠂ ᠨᠠᠮ ᠤᠨ ᠦᠭᠡ  ᠶᠢ ᠰᠣᠨᠣᠰᠴᠤ᠂ ᠨᠠᠮ ᠢᠶᠠᠨ ᠳᠠᠭᠠᠵᠤ ᠶᠠᠪᠤᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ  ᠶᠢᠨ ᠠᠵᠢᠯᠯᠠᠭ᠎ᠠ  ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ  ᠶᠢ ᠠᠬᠢᠭᠤᠯᠪᠠ
ᠨᠡᠶᠢᠲᠡᠯᠡᠭᠰᠡᠨ ᠴᠠᠭ᠄
2024/3/20
    ᠪᠤᠷᠤᠬᠤᠵᠢᠷ ᠵᠡᠭᠡᠯᠢ ᠭᠤᠳᠤᠮᠵᠢ ᠶᠢᠨ ᠬᠤᠩᠱᠢ ᠨᠡᠶᠢᠭᠡᠮ ᠲᠣᠭᠤᠷᠢᠭ ᠤᠨ ᠨᠠᠮ ᠤᠨ ᠡᠭᠦᠷ︽ᠨᠠᠮ ᠤᠨ ᠪᠠᠶᠢᠭᠤᠯᠤᠯᠲᠠ +︾ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ︽ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠲᠥᠯᠥᠪᠵᠢᠭᠦᠯᠬᠦ᠂ ᠨᠠᠶᠢᠳᠠᠪᠤᠷᠢᠵᠢᠭᠤᠯᠬᠤ ᠶᠢ ᠪᠠᠲᠤᠯᠠᠬᠤ︾ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠢᠯᠡ ᠲᠥᠷᠥᠭᠳᠡᠯ ᠲᠠᠢ ᠪᠦᠲᠦᠮᠵᠢᠲᠡᠢ ᠥᠷᠨᠢᠭᠦᠯᠵᠦ᠂ ᠤᠯᠠᠨ ᠲᠦᠮᠡᠨ ᠤ ᠢᠲᠡᠭᠡᠯ ᠵᠣᠷᠢᠭ ᠢ ᠪᠠᠲᠤᠳᠬᠠᠨ ᠨᠠᠮ ᠢᠶᠠᠨ ᠲᠠᠭᠠᠵᠤ᠂ ᠰᠢᠨ᠎ᠡ ᠠᠶᠠᠨ ᠳᠤ ᠴᠢᠷᠮᠠᠶᠢᠨ ᠤᠷᠤᠭᠰᠢᠯᠠᠬᠤ ᠶᠢ ᠬᠥᠲᠥᠯᠥᠨ ᠳᠠᠭᠠᠭᠤᠯᠵᠠᠢ᠃

   ︽ᠨᠠᠮ ᠤᠨ ᠪᠠᠶᠢᠭᠤᠯᠤᠯᠲᠠ + ᠠᠮᠢᠳᠤᠯᠢᠭ ᠢᠶᠠᠷ ᠰᠤᠷᠤᠯᠴᠠᠬᠤ︾ ᠪᠠᠷ ᠲᠦᠷᠦ ᠶᠢᠨ ᠪᠣᠳᠣᠯᠭ᠎ᠠ ᠶᠢ ᠤᠬᠠᠭᠤᠯᠤᠨ

ᠲᠠᠶᠢᠯᠪᠤᠷᠢᠯᠠᠬᠤ︽ᠭᠤᠣᠯ ᠬᠦᠭ ᠠᠶᠠᠰ︾ ᠢ ᠬᠠᠩᠭᠢᠨᠠᠭᠤᠯᠪᠠ᠃ ︽ᠰᠦᠯᠵᠢᠶᠡᠨ ᠳᠡᠭᠡᠷᠡᠬᠢ︾ ᠸᠢᠴᠠᠲ ᠤᠨ

ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ᠂  ᠰᠤᠷᠤᠯᠴᠠᠯᠭ᠎ᠠ  ᠶᠢᠨ ᠬᠦᠴᠦᠷᠬᠡᠭ ᠤᠯᠤᠰ ᠤᠨ APP᠂

ᠰᠦᠯᠵᠢᠶᠡᠨ ᠤ ᠣᠯᠠᠨ ᠲᠦᠮᠡᠨ ᠤ ᠰᠤᠷᠤᠯᠴᠠᠯᠭ᠎ᠠ ᠵᠡᠷᠭᠡ ᠠᠷᠭ᠎ᠠ ᠮᠠᠶ᠋ᠢᠭ ᠢ ᠰᠤᠷᠤᠯᠴᠠᠵᠤ᠂ ᠰᠢ ᠶᠢᠨ ᠫᠢᠩ

‍ᠤᠨ‌‍ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ

ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ

ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠎ᠠ᠃ ︽ᠰᠦᠯᠵᠢᠶᠡᠨ

ᠭᠠᠳᠠᠨᠠᠬᠢ︾ᠨᠡᠶᠢᠭᠡᠮ ᠲᠣᠭᠤᠷᠢᠭ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠬᠠᠭᠤᠯᠤᠨ

ᠲᠠᠶᠢᠯᠪᠤᠷᠢᠯᠠᠬᠤ ᠲᠥᠯᠥᠪᠯᠡᠭᠡ ᠲᠣᠭᠲᠠᠭᠠᠵᠤ᠂︽ᠡᠭᠡᠯ ᠠᠷᠠᠳ ᠤᠨ ᠨᠡᠷᠡᠳᠦ ᠬᠤᠰᠢᠭᠤᠴᠢ︾᠂︽ᠪᠢᠴᠢᠬᠠᠨ ᠤᠯᠠᠭᠠᠨ

ᠮᠠᠯᠠᠭᠠᠢ︾ᠤᠬᠠᠭᠤᠯᠤᠨ ᠲᠠᠶᠢᠯᠪᠤᠷᠢᠯᠠᠬᠤ ᠠᠩᠭᠢ ᠶᠢ ᠵᠣᠬᠢᠶᠠᠨ ᠪᠠᠶᠢᠭᠤᠯᠵᠤ᠂ ᠨᠠᠮ ᠤᠨ ᠭᠡᠰᠢᠭᠦᠨ᠂ ᠤᠯᠠᠨ ᠲᠦᠮᠡᠨ ᠤ

ᠭᠡᠷ ᠲᠤ ᠭᠦᠨᠵᠡᠭᠡᠶᠢᠷᠡᠵᠦ᠂ ᠨᠠᠰᠤᠲᠠᠶᠢᠴᠤᠳ ᠤᠨ ᠨᠥᠬᠦᠪᠦᠷᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢᠨ

ᠠᠪᠤᠷᠠᠨ ᠲᠤᠰᠠᠯᠠᠯᠲᠠ᠂ ᠠᠵᠢᠯ ᠣᠯᠭᠤᠯᠲᠠ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠲᠤ ᠠᠰᠢᠭ ᠬᠦᠷᠲᠡᠭᠡᠬᠦ

ᠲᠦᠷᠦ ᠶᠢᠨ ᠪᠣᠳᠣᠯᠭ᠎ᠠ ᠶᠢ ᠡᠮᠬᠢᠯᠡᠵᠦ᠂ ᠨᠢᠭᠡᠨ︽ᠠᠷᠠᠳ ᠲᠤ ᠠᠰᠢᠭ ᠬᠦᠷᠲᠡᠭᠡᠬᠦ ᠺᠠᠷᠲ︾ ᠢ ᠰᠠᠶᠢᠲᠤᠷ ᠲᠠᠶᠢᠯᠪᠤᠷᠢᠯᠠᠨ

ᠥᠭᠴᠦ᠂ ᠤᠯᠠᠨ ᠲᠦᠮᠡᠨ ᠳᠤ ᠵᠣᠯ ᠵᠢᠷᠭᠠᠯᠲᠤ ᠠᠮᠢᠳᠤᠷᠠᠯ ᠬᠠᠮᠢᠭ᠎ᠠ ᠠᠴᠠ ᠢᠷᠡᠭᠰᠡᠨ ᠢ ᠣᠶᠢᠯᠠᠭᠠᠭᠤᠯᠵᠤ᠂ ᠨᠠᠮ ᠤᠨ

ᠰᠠᠶᠢᠨ ᠢ ᠮᠡᠳᠡᠷᠡᠭᠦᠯᠵᠦ᠂ ᠨᠠᠮ ᠤᠨ ᠰᠠᠶᠢᠨ ᠢ ᠳᠤᠷᠠᠰᠤᠨ ᠰᠠᠨᠠᠭᠠᠯᠵᠠᠨ᠎ᠠ᠃ ᠣᠳᠣᠬᠠᠨ ᠪᠣᠯᠲᠠᠯ᠎ᠠ᠂ 3 ᠤᠳᠠᠭ᠎ᠠ

ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ᠂ 3 ᠤᠳᠠᠭ᠎ᠠ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ 6

ᠤᠳᠠᠭ᠎ᠠ ᠨᠢᠭᠤᠷᠳᠠᠨ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠵᠦ᠂ 5000 ᠭᠠᠷᠤᠢ ᠬᠥᠮᠥᠨ ᠤ ᠠᠰᠢᠭ

ᠭᠥᠷᠳᠡᠭᠰᠡᠨ ᠪᠠᠶᠢᠨ᠎ᠠ᠃

︵ᠬᠤᠩ ᠱᠢ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠰᠠᠭᠤᠭᠠᠯᠢ ᠠᠷᠠᠳ ᠢ ᠰᠤᠷᠪᠤᠯᠵᠢᠯᠠᠵᠤ᠂

ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠤ ᠤᠴᠢᠷ ᠶᠠᠪᠤᠳᠠᠯ ᠢ ᠬᠠᠮᠵᠢᠨ ᠭᠦᠢᠴᠡᠳᠬᠡᠨ᠎ᠡ᠃︶

    ︽ᠨᠠᠮ ᠤᠨ ᠪᠠᠶᠢᠭᠤᠯᠤᠯᠲᠠ + ᠬᠡᠷᠡᠭ ᠶᠠᠪᠤᠳᠠᠯ ᠤᠨ ᠲᠠᠯ᠎ᠠ ᠠᠴᠠ ᠦᠵᠡᠬᠦ︾ ᠪᠠᠷ ᠤᠯᠠᠨ ᠲᠦᠮᠡᠨ ᠳᠤ

ᠦᠢᠯᠡᠴᠢᠯᠡᠬᠦ︽ᠬᠠᠮᠤᠭ ᠤᠨ ᠬᠦᠴᠦᠷᠬᠡᠭ ᠳᠠᠭᠤᠨ︾ ᠢ ᠬᠠᠩᠭᠢᠨᠠᠭᠤᠯᠪᠠ᠃ ᠨᠠᠮ ᠤᠨ ᠡᠭᠦᠷ ᠨᠢ ᠰᠠᠭᠤᠭᠠᠯᠢ ᠠᠷᠠᠳ ᠤᠨ

ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠠᠵᠢᠯ ᠢ

ᠯᠠᠪᠳᠠᠭᠤᠨ ᠪᠠᠲᠤᠲᠠᠢ ᠥᠷᠨᠢᠭᠦᠯᠪᠡ᠃ ᠨᠡᠶᠢᠭᠡᠮ ᠲᠣᠭᠤᠷᠢᠭ ᠨᠢ ᠥᠨᠳᠥᠷ ᠨᠠᠰᠤᠲᠠᠢ ᠨᠠᠰᠤᠲᠠᠶᠢᠴᠤᠳ ᠢ ᠭᠡᠷᠡᠴᠢᠯᠡᠬᠦ᠂

ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ᠂ ᠵᠡᠮᠳᠡᠭᠴᠦᠳ ᠤᠨ ᠦᠨᠡᠮᠯᠡᠯ ᠢ ᠭᠦᠢᠴᠡᠳᠬᠡᠬᠦ᠂ ᠬᠠᠤᠯᠢ

ᠴᠠᠭᠠᠵᠠ ᠶᠢᠨ ᠤᠬᠠᠭᠤᠯᠭ᠎ᠠ ᠵᠡᠷᠭᠡ ᠵᠦᠢᠯᠡᠰ ᠢ ᠭᠡᠷ ᠲᠤᠨᠢ ᠬᠦᠷᠴᠦ ︽ᠬᠠᠪᠰᠤᠷᠤᠨ ᠭᠦᠢᠴᠡᠳᠬᠡᠵᠦ ᠣᠷᠣᠯᠠᠨ

ᠭᠦᠢᠴᠡᠳᠬᠡᠬᠦ︾ ᠦᠢᠯᠡᠴᠢᠯᠡᠭᠡᠨ ᠤ ᠠᠭᠤᠯᠭ᠎ᠠ ᠳᠤ ᠣᠷᠣᠭᠤᠯᠵᠤ᠂ ︽ᠰᠠᠭᠤᠵᠤ ᠬᠦᠯᠢᠶᠡᠬᠦ︾   ᠠᠴᠠ ︽ᠭᠡᠷ ᠲᠤᠨᠢ

ᠬᠦᠷᠬᠦ︾ ᠬᠦᠷᠲᠡᠯ᠎ᠡ᠂ ︽ᠰᠠᠨᠠᠭᠠᠴᠢᠯᠠᠭ᠎ᠠ ᠦᠭᠡᠢ︾ ᠪᠠᠶᠢᠭᠰᠠᠨ   ᠠᠴᠠ ︽ᠰᠠᠨᠠᠭᠠᠴᠢᠯᠠᠭ᠎ᠠ   ᠠᠴᠠ ᠪᠠᠨ︾ ᠪᠣᠯᠭᠠᠨ

ᠬᠤᠪᠢᠷᠠᠭᠤᠯᠵᠤ᠂ ᠠᠰᠠᠭᠤᠨ ᠯᠠᠪᠯᠠᠬᠤ ᠶᠢ ᠭᠥᠯᠢᠶᠡᠨ ᠠᠪᠴᠤ ᠰᠢᠢᠳᠪᠦᠷᠢᠯᠡᠬᠦ ᠠᠴᠠ ᠠᠪᠤᠭᠠᠳ ᠨᠠᠶᠢᠳᠠᠯᠭ᠎ᠠ ᠪᠠᠷ

ᠭᠦᠢᠴᠡᠳᠬᠡᠬᠦ ᠬᠦᠷᠲᠡᠯ᠎ᠡ ᠳᠠᠭᠢᠵᠤ ᠤᠴᠢᠷ ᠶᠠᠪᠤᠳᠠᠯ ᠢ ᠭᠦᠢᠴᠡᠳᠬᠡᠵᠦ ᠳᠠᠭᠤᠰᠬᠠᠬᠤ ᠬᠦᠷᠲᠡᠯᠡᠬᠢ ᠪᠥᠬᠦ ᠶᠠᠪᠤᠴᠠ ᠳᠤ

︽ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ︾ ᠵᠠᠭᠪᠤᠷ ᠢ ᠬᠡᠷᠡᠭᠯᠡᠨ᠂ ᠪᠣᠳᠠᠲᠤ ᠠᠵᠢᠯᠯᠠᠭ᠎ᠠ ᠪᠠᠷ ᠢᠶᠠᠨ

ᠣᠯᠠᠨ ᠲᠦᠮᠡᠨ ᠳᠤ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ

ᠬᠡᠷᠡᠭᠲᠡᠢ᠃ ᠣᠳᠣᠬᠠᠨ ᠳᠤ᠂ ᠰᠦᠯᠵᠢᠶᠡᠨ ᠤ ᠠᠵᠢᠯᠲᠠᠨ ᠰᠠᠭᠤᠭᠠᠯᠢ ᠠᠷᠠᠳ ᠢ ᠬᠠᠪᠰᠤᠷᠤᠨ 16 ᠬᠤᠪᠢ ︽

ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠵᠦ︾᠂ ᠰᠡᠳᠬᠢᠯ ᠳᠤᠯᠠᠭᠠᠴᠠᠭᠤᠯᠬᠤ ᠦᠢᠯᠡᠴᠢᠯᠡᠭᠡᠨ ᠤ

ᠰᠠᠯᠪᠤᠷᠢ ᠪᠠᠭ᠎ᠠ ᠠᠩᠭᠢ᠂ ᠰᠠᠶᠢᠨ ᠳᠤᠷ᠎ᠠ ᠶᠢᠨ ᠠᠵᠢᠯᠯᠠᠭᠴᠢᠳ ᠭᠡᠷ ᠲᠤᠨᠢ ᠬᠦᠷᠴᠦ ᠨᠢᠭᠡ ᠳᠤ ᠨᠢᠭᠡ ᠳᠤ 165

ᠬᠥᠮᠥᠨ ᠤᠳᠠᠭ᠎ᠠ ᠦᠢᠯᠡᠴᠢᠯᠡᠵᠦ ᠪᠠᠶᠢᠨ᠎ᠠ᠃

   ︽ᠨᠠᠮ ᠤᠨ ᠪᠠᠶᠢᠭᠤᠯᠤᠯᠲᠠ + ᠲᠦᠷᠦ ᠶᠢᠨ ᠪᠣᠳᠣᠯᠭ᠎ᠠ ᠪᠠᠷ ᠬᠥᠮᠥᠨ ᠢ ᠡᠷᠢᠬᠦ︾ ᠪᠠᠷ ᠤᠯᠠᠨ ᠲᠦᠮᠡᠨ ᠢ

ᠬᠠᠯᠠᠮᠵᠢᠯᠠᠨ ᠬᠠᠶᠢᠷᠠᠯᠠᠬᠤ ︽ᠤᠷᠤᠭᠰᠢᠯᠠᠨ ᠲᠠᠪᠰᠢᠬᠤ ᠠᠶᠠᠰ︾  ᠢ ᠤᠯᠠᠮᠵᠢᠯᠠᠨ ᠳᠠᠭᠤᠯᠠᠪᠠ᠃ ᠠᠮᠢᠳᠤᠷᠠᠯ ᠤᠨ

ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠬᠥᠮᠥᠨ ᠠᠮᠠ ᠶᠢ ᠭᠤᠣᠯᠳᠠᠯᠭ᠎ᠠ ᠲᠠᠢ ᠠᠩᠬᠠᠷᠴᠤ᠂ ︽

ᠬᠥᠮᠥᠨ ᠨᠢ ᠲᠥᠷᠥ ᠶᠢᠨ ᠪᠣᠳᠣᠯᠭ᠎ᠠ ᠡᠷᠢᠬᠦ ᠠᠴᠠ ︽ᠲᠥᠷᠥ ᠶᠢᠨ ᠪᠣᠳᠣᠯᠭ᠎ᠠ ᠪᠠᠷ ᠬᠥᠮᠥᠨ ᠡᠷᠢᠬᠦ︾ ᠬᠦᠷᠲᠡᠯ᠎ᠡ

ᠪᠡᠶᠡᠯᠡᠭᠦᠯᠬᠦ ᠶᠢ ᠠᠬᠢᠭᠤᠯᠵᠤ᠂ ᠬᠠᠪᠰᠤᠷᠬᠤ ᠳᠤ ᠲᠤᠰᠠᠯᠠᠮᠵᠢ ᠬᠦᠰᠡᠬᠦ ᠬᠦᠰᠡᠯ ᠲᠠᠢ ᠪᠣᠯᠪᠠᠴᠤ ᠭᠤᠶᠤᠴᠢᠯᠠᠬᠤ

ᠴᠢᠳᠠᠪᠤᠷᠢ ᠪᠠᠷ ᠬᠦᠷᠦᠯᠴᠡᠬᠦ ᠦᠭᠡᠢ᠂ ᠭᠤᠶᠤᠴᠢᠯᠠᠬᠤ ᠶᠠᠪᠤᠴᠠ ᠶᠢ ᠮᠡᠳᠡᠬᠦ ᠦᠭᠡᠢ ᠬᠦᠴᠢᠷᠳᠡᠯᠲᠡᠢ ᠣᠯᠠᠨ ᠲᠦᠮᠡᠨ ᠢ

ᠴᠠᠭ ᠲᠤᠬᠠᠢ ᠳᠤᠨᠢ ᠠᠪᠤᠷᠠᠨ ᠲᠤᠰᠠᠯᠠᠵᠤ ᠬᠠᠪᠰᠤᠷᠤᠨ ᠲᠡᠳᠬᠦᠵᠦ᠂ ᠦᠨᠳᠦᠰᠦᠨ ᠵᠦᠢᠯ ᠢ ᠪᠠᠲᠤᠯᠠᠬᠤ

ᠪᠠᠲᠤᠯᠠᠭ᠎ᠠ ᠶᠢᠨ ︽ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠬᠤ

ᠦᠭᠡᠢ︾ ᠪᠠᠶᠢᠬᠤ ᠶᠢ ᠦᠨᠡᠨᠬᠦ ᠪᠠᠲᠤᠯᠠᠨ᠎ᠠ᠃ ᠣᠳᠣᠬᠠᠨ ᠪᠣᠯᠲᠠᠯ᠎ᠠ᠂ ᠨᠡᠶᠢᠭᠡᠮ ᠲᠣᠭᠤᠷᠢᠭ ᠠᠴᠠ 3 ᠶᠠᠳᠠᠭᠤ

ᠬᠦᠴᠢᠷᠳᠡᠯᠲᠡᠢ ᠰᠠᠭᠤᠭᠠᠯᠢ ᠠᠷᠠᠳ ᠢ ᠬᠠᠪᠰᠤᠷᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠭᠤᠶᠤᠴᠢᠯᠠᠵᠤ᠂

2 ᠰᠠᠭᠤᠭᠠᠯᠢ ᠠᠷᠠᠳ ᠢ ᠬᠠᠪᠰᠤᠷᠤᠨ ᠬᠢᠮᠳᠠ ᠲᠦᠷᠢᠶᠡᠰᠦᠨ ᠠᠰᠠᠷ ᠢ ᠭᠦᠢᠴᠡᠳᠬᠡᠵᠦ᠂ 6 ᠰᠠᠭᠤᠭᠠᠯᠢ ᠠᠷᠠᠳ ᠢ

ᠬᠠᠪᠰᠤᠷᠤᠨ ᠬᠦᠨᠳᠦ ᠡᠪᠡᠳᠴᠢᠨ ᠤ ᠠᠪᠤᠷᠠᠨ ᠲᠤᠰᠠᠯᠠᠯᠲᠠ ᠶᠢᠨ ᠨᠥᠬᠦᠪᠦᠷᠢ ᠶᠢ ᠭᠦᠢᠴᠡᠳᠬᠡᠨ ᠥᠭᠴᠡᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号