| | ᠭᠠᠵᠢᠭᠤ ᠨᠣᠮᠯᠠᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠴᠣᠬᠢᠯᠲᠠ ᠥᠭᠬᠦ | ᠴᠢᠳᠠᠪᠤᠷᠢ ᠪᠠᠨ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ᠂ ᠨᠡᠶᠢᠭᠡᠮ ᠳᠠᠶᠠᠭᠠᠷ ᠤᠨ ᠭᠠᠵᠢᠭᠤ ᠨᠣᠮᠯᠠᠯ ᠢ | ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠵᠢᠭᠤ ᠨᠣᠮᠯᠠᠯ ᠢ ᠰᠡᠷᠭᠡᠶᠢᠯᠡᠬᠦ᠂ ᠭᠠᠵᠢᠭᠤ | ᠨᠣᠮᠯᠠᠯ ᠢ ᠡᠰᠡᠷᠭᠦᠴᠡᠬᠦ ᠳᠤ ᠣᠷᠣᠯᠴᠠᠬᠤ ᠥᠷᠭᠡᠨ ᠤᠯᠠᠨ ᠲᠦᠮᠡᠨ ᠤ ᠢᠳᠡᠪᠬᠢᠵᠢᠯ ᠢ ᠲᠠᠶᠢᠴᠢᠯᠠᠨ᠂ ᠭᠠᠵᠢᠭᠤ | ᠨᠣᠮᠯᠠᠯ ᠤᠨ ᠠᠵᠢᠯᠯᠠᠭ᠎ᠠ ᠶᠢ ᠡᠷᠲᠡ ᠠᠴᠠ ᠠᠳᠬᠤᠬᠤ᠂ ᠪᠠᠭ᠎ᠠ ᠠᠴᠠ ᠨᠢ ᠠᠳᠬᠤᠬᠤ ᠰᠡᠷᠭᠡᠶᠢᠯᠡᠨ ᠵᠠᠰᠠᠬᠤ | ᠪᠠᠶᠢᠷᠢᠰᠢᠯ ᠢ ᠴᠢᠷᠮᠠᠶᠢᠨ ᠪᠤᠢ ᠪᠣᠯᠭᠠᠵᠤ᠂ ᠲᠤᠰ ᠡᠳᠦᠷ ᠠᠴᠠ ᠡᠬᠢᠯᠡᠨ 2024 ᠣᠨ ᠤ 12 ᠰᠠᠷ᠎ᠠ ᠶᠢᠨ 31 ᠤ | ᠡᠳᠦᠷ ᠪᠣᠯᠲᠠᠯ᠎ᠠ ᠨᠡᠶᠢᠭᠡᠮ ᠨᠡᠶᠢᠲᠡ ᠠᠴᠠ ᠭᠠᠵᠢᠭᠤ ᠨᠣᠮᠯᠠᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ | ᠰᠦᠪᠡᠭᠴᠢ ᠶᠢ ᠢᠯᠡ ᠪᠠᠷ ᠴᠤᠭᠯᠠᠭᠤᠯᠤᠨ᠎ᠠ᠂ ᠪᠣᠳᠠᠲᠠᠢ ᠠᠯᠪᠠᠨ ᠵᠠᠷ ᠳᠣᠣᠷᠠᠬᠢ ᠮᠡᠲᠦ᠄ | ᠢᠯᠡᠴᠢᠯᠡᠨ ᠮᠡᠳᠡᠬᠦᠯᠬᠦ ᠠᠭᠤᠯᠭ᠎ᠠ | ︵ᠨᠢᠭᠡ︶ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠪᠤᠰᠤ ᠪᠠᠷ ᠴᠤᠭᠯᠠᠷᠠᠬᠤ᠂ ᠴᠤᠭᠯᠠᠷᠠᠬᠤ | ᠠᠵᠢᠯᠯᠠᠭ᠎ᠠ ᠳᠤ ᠬᠤᠯᠪᠣᠭᠳᠠᠭᠰᠠᠨ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ᠂ ᠤᠬᠠᠭᠤᠯᠭ᠎ᠠ ᠶᠢᠨ ᠬᠠᠭᠤᠳᠠᠰᠤ᠂ | ᠭᠡᠷᠡᠯᠯᠢᠭ ᠳ᠋ᠢᠰᠺ᠂ ᠨᠣᠮ ᠪᠢᠴᠢᠭ᠂ ᠡᠳ᠋ ᠪᠣᠳᠠᠰ ᠵᠡᠷᠭᠡ ᠤᠬᠠᠭᠤᠯᠭ᠎ᠠ ᠶᠢ ᠡᠰᠡᠷᠭᠦᠴᠡᠬᠦ ᠪᠣᠳᠠᠰ ᠤᠨ ᠨᠢᠭᠤᠴᠠ ᠡᠭᠦᠷ | ᠭᠠᠵᠠᠷ ᠤᠨ ᠰᠦᠪᠡᠭᠴᠢ ᠶᠢ ᠦᠢᠯᠡᠳᠦᠭᠰᠡᠨ ᠢ ᠢᠯᠡᠴᠢᠯᠡᠨ ᠮᠡᠳᠡᠭᠦᠯᠦᠭᠰᠡᠨ︔ | ︵ᠬᠤᠶᠠᠷ︶ ᠭᠠᠵᠢᠭᠤ ᠨᠣᠮᠯᠠᠯ ᠳᠤ ᠬᠤᠯᠪᠣᠭᠳᠠᠭᠰᠠᠨ ᠬᠥᠮᠥᠰ ᠤᠨ ᠭᠠᠵᠢᠭᠤ ᠨᠣᠮᠯᠠᠯ ᠭᠠᠵᠢᠭᠤ ᠶᠣᠰᠣ ᠭᠠᠵᠢᠭᠤ | ᠶᠠᠷᠢᠶ᠎ᠠ ᠶᠢ ᠲᠠᠷᠬᠠᠭᠠᠭᠰᠠᠨ᠂ ᠪᠦᠷᠢᠯᠳᠦᠭᠦᠨ ᠭᠡᠰᠢᠬᠦᠨ ᠪᠤᠶᠤ ᠪᠤᠰᠤᠳ ᠬᠥᠮᠥᠨ ᠢ ᠮᠡᠬᠡᠯᠡᠵᠦ ᠪᠠᠶᠢᠭᠠᠳ ᠥᠯᠪᠡᠷᠦᠯ | ᠵᠠᠷᠯᠠᠭᠰᠠᠨ᠂ ᠥᠪᠡᠷ ᠢ ᠪᠠᠨ ᠬᠤᠣᠷᠯᠠᠭᠰᠠᠨ᠂ ᠪᠡᠶ᠎ᠡ ᠪᠠᠨ ᠬᠤᠣᠷᠯᠠᠭᠰᠠᠨ᠂ ᠥᠪᠡᠷ ᠢ ᠪᠠᠨ ᠰᠢᠷᠬᠠᠲᠤᠭᠤᠯᠤᠭᠰᠠᠨ | ᠵᠡᠷᠭᠡ ᠶᠢ ᠢᠯᠡᠴᠢᠯᠡᠨ ᠮᠡᠳᠡᠭᠦᠯᠦᠭᠰᠡᠨ᠂ ᠡᠰᠡᠬᠦᠯ᠎ᠡ ᠡᠪᠡᠳᠴᠢᠲᠡᠨ ᠢ ᠮᠡᠬᠡᠯᠡᠵᠦ ᠪᠠᠶᠢᠭᠠᠳ ᠬᠡᠪ ᠤᠨ ᠡᠮᠴᠢᠯᠡᠭᠡ ᠶᠢ | ᠦᠯᠦ ᠬᠦᠯᠢᠶᠡᠯᠭᠡᠭᠰᠡᠨ᠂ ᠪᠦᠷᠢᠯᠳᠦᠭᠦᠨ ᠢᠶᠠᠨ ᠵᠣᠬᠢᠶᠠᠨ ᠪᠠᠶᠢᠭᠤᠯᠤᠭᠰᠠᠨ᠂ ᠥᠳᠥᠭᠡᠵᠦ᠂ ᠮᠡᠬᠡᠯᠡᠵᠦ ᠪᠠᠶᠢᠭᠠᠳ ᠪᠤᠶᠤ | ᠪᠤᠰᠤᠳ ᠬᠥᠮᠥᠨ ᠢ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠦᠯᠦ ᠭᠦᠢᠴᠡᠳᠬᠡᠭᠦᠯᠦᠭᠰᠡᠨ᠂ ᠪᠤᠰᠤᠳ ᠢ | ᠬᠠᠭᠤᠷᠤᠨ ᠮᠡᠬᠡᠯᠡᠵᠦ᠂ ᠠᠶᠤᠯᠭᠠᠨ ᠰᠦᠷᠳᠡᠭᠦᠯᠵᠦ ᠪᠠᠶᠢᠭᠠᠳ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ | ᠣᠷᠣᠭᠤᠯᠤᠭᠰᠠᠨ ᠪᠤᠶᠤ ᠪᠤᠰᠤᠳ ᠤᠨ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠠᠴᠠ ᠭᠠᠷᠬᠤ ᠶᠢ | ᠬᠤᠷᠢᠭᠯᠠᠭᠰᠠᠨ ᠰᠦᠪᠡᠭᠴᠢ︔ | ︵ᠭᠤᠷᠪᠠ︶ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠬᠤᠯᠪᠣᠭᠳᠠᠭᠰᠠᠨ ᠬᠥᠮᠥᠰ ᠤᠨ ᠲᠡᠷᠰᠯᠡᠭᠦᠦ ᠦᠭᠡ | ᠶᠠᠷᠢᠶ᠎ᠠ ᠲᠠᠷᠬᠠᠭᠠᠬᠤ᠂ ᠭᠠᠵᠢᠭᠤ ᠨᠣᠮᠯᠠᠯ ᠤᠨ ᠤᠬᠠᠭᠤᠯᠭ᠎ᠠ ᠶᠢ ᠡᠰᠡᠷᠭᠦᠴᠡᠬᠦ ᠤᠷᠢᠶ᠎ᠠ ᠯᠣᠽᠦ᠋ᠩ᠂ ᠨᠣᠮ ᠪᠢᠴᠢᠭ᠂ | ᠤᠬᠠᠭᠤᠯᠭ᠎ᠠ ᠶᠢᠨ ᠬᠠᠭᠤᠳᠠᠰᠤ᠂ ᠭᠡᠷᠡᠯᠯᠢᠭ ᠳ᠋ᠢᠰᠺ᠂ ᠮᠠᠲ᠋ᠧᠷᠢᠶᠠᠯ ᠵᠡᠷᠭᠡ ᠤᠬᠠᠭᠤᠯᠭ᠎ᠠ ᠶᠢ ᠡᠰᠡᠷᠭᠦᠴᠡᠬᠦ ᠵᠦᠢᠯᠡᠰ ᠤᠨ | ᠰᠦᠪᠡᠭᠴᠢ ᠶᠢ ᠨᠠᠭᠠᠬᠤ᠂ ᠲᠠᠷᠬᠠᠭᠠᠬᠤ᠂ ᠪᠡᠶ᠎ᠡ ᠳᠡᠭᠡᠨ ᠠᠪᠴᠤ ᠶᠠᠪᠤᠬᠤ᠂ ᠬᠤᠪᠢ ᠪᠠᠷ ᠢᠶᠠᠨ ᠬᠠᠳᠠᠭᠠᠯᠠᠬᠤ ᠶᠢ | ᠢᠯᠡᠴᠢᠯᠡᠨ ᠮᠡᠳᠡᠭᠦᠯᠬᠦ︔ | ︵ᠳᠥᠷᠪᠡ︶ ᠢᠯᠡᠴᠢᠯᠡᠨ ᠮᠡᠳᠡᠭᠦᠯᠦᠭᠰᠡᠨ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠬᠤᠯᠪᠣᠭᠳᠠᠭᠰᠠᠨ | ᠬᠥᠮᠥᠰ ᠰᠠᠭᠤᠭᠠᠯᠢ ᠠᠷᠠᠳ ᠤᠨ ᠲᠣᠭᠤᠷᠢᠭ᠂ ᠵᠡᠭᠡᠯᠢ ᠭᠤᠳᠤᠮᠵᠢ᠂ ᠴᠡᠴᠡᠷᠯᠢᠭ᠂ ᠠᠭᠤᠳᠠᠮ ᠲᠠᠯᠠᠪᠠᠢ᠂ ᠱᠠᠩ ᠴᠤᠤ᠂ | ᠲᠡᠷᠭᠡᠨ ᠦᠷᠳᠡᠭᠡ᠂ ᠰᠤᠷᠭᠠᠭᠤᠯᠢ ᠵᠡᠷᠭᠡ ᠤᠯᠠᠨ ᠨᠡᠶᠢᠲᠡ ᠶᠢᠨ ᠲᠠᠯᠠᠪᠤᠷ ᠲᠤ ᠭᠠᠵᠢᠭᠤ ᠨᠣᠮᠯᠠᠯ ᠤᠨ ᠲᠡᠷᠰᠯᠡᠭᠦᠦ | ᠶᠠᠷᠢᠶ᠎ᠠ ᠥᠭᠦᠯᠡᠯ ᠢ ᠲᠠᠷᠬᠠᠭᠠᠭᠰᠠᠨ᠂ ᠭᠠᠵᠢᠭᠤ ᠨᠣᠮᠯᠠᠯ ᠤᠨ ᠤᠬᠠᠭᠤᠯᠭ᠎ᠠ ᠪᠠ ᠪᠢᠴᠢᠭᠡᠰᠦ᠂ ᠰᠦᠷᠴᠢᠨ ᠰᠢᠷᠳᠡᠬᠦ᠂ | ᠨᠠᠭᠠᠬᠤ᠂ ᠡᠯᠭᠦᠬᠦ᠂ ᠲᠠᠷᠬᠠᠭᠠᠬᠤ᠂ ᠪᠡᠶ᠎ᠡ ᠳᠡᠭᠡᠨ ᠠᠪᠴᠤ ᠶᠠᠪᠤᠬᠤ᠂ ᠬᠤᠪᠢ ᠪᠠᠷ ᠢᠶᠠᠨ ᠬᠠᠳᠠᠭᠠᠯᠠᠬᠤ᠂ ᠰᠢᠤᠳᠠᠨ ᠢᠶᠠᠷ | ᠢᠯᠡᠭᠡᠬᠦ ᠵᠡᠷᠭᠡ ᠭᠠᠵᠢᠭᠤ ᠨᠣᠮᠯᠠᠯ ᠤᠨ ᠤᠬᠠᠭᠤᠯᠭ᠎ᠠ ᠶᠢ ᠡᠰᠡᠷᠭᠦᠴᠡᠬᠦ ᠪᠣᠳᠠᠰ ᠤᠨ ᠰᠦᠪᠡᠭᠴᠢ︔ | ︵ᠲᠠᠪᠤ︶ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠬᠤᠯᠪᠣᠭᠳᠠᠭᠰᠠᠨ ᠬᠥᠮᠥᠰ ᠤᠨ ᠮᠡᠳᠡᠭᠡ ᠬᠤᠯᠪᠣᠭ᠎ᠠ᠂ | ᠰᠦᠯᠵᠢᠶ᠎ᠡ ᠶᠢ ᠠᠰᠢᠭᠯᠠᠨ ᠭᠠᠵᠢᠭᠤ ᠨᠣᠮᠯᠠᠯ ᠤᠨ ᠨᠣᠮᠯᠠᠯ ᠢ ᠤᠬᠠᠭᠤᠯᠤᠭᠰᠠᠨ᠂ ᠭᠠᠵᠢᠭᠤ ᠨᠣᠮᠯᠠᠯ ᠢ ᠤᠬᠠᠭᠤᠯᠤᠭᠰᠠᠨ | ᠡᠯᠧᠺᠲᠷᠣᠨ ᠭᠡᠷᠡᠯ ᠵᠢᠷᠤᠭ᠂ ᠨᠣᠮ ᠪᠢᠴᠢᠭ᠂ ᠰᠡᠳᠬᠦᠯ᠂ ᠲᠠᠭᠤ ᠳᠦᠷᠰᠦ ᠰᠢᠩᠭᠡᠭᠡᠯᠲᠡ ᠶᠢ ᠦᠢᠯᠡᠳᠴᠦ᠂ ᠤᠯᠠᠮᠵᠢᠯᠠᠨ | ᠲᠠᠷᠬᠠᠭᠠᠭᠰᠠᠨ᠂ QQ᠂ ᠸᠢᠴᠠᠲ᠂ ᠳᠠᠭᠤᠨ᠂ ᠪᠢᠴᠢᠯ ᠪᠯᠤᠭ ᠵᠡᠷᠭᠡ ᠰᠦᠯᠵᠢᠶᠡᠨ ᠤ ᠨᠡᠶᠢᠭᠡᠮ ᠤᠨ ᠬᠠᠷᠢᠯᠴᠠᠭᠠᠨ ᠤ | ᠵᠠᠭᠤᠴᠢ ᠶᠢ ᠠᠰᠢᠭᠯᠠᠨ ᠭᠠᠵᠢᠭᠤ ᠨᠣᠮᠯᠠᠯ ᠤᠨ ᠠᠭᠤᠯᠭ᠎ᠠ ᠶᠢ ᠤᠬᠠᠭᠤᠯᠤᠭᠰᠠᠨ ᠰᠦᠪᠡᠭᠴᠢ ᠶᠢ ᠢᠯᠡᠴᠢᠯᠡᠨ | ᠮᠡᠳᠡᠭᠦᠯᠬᠦ ︔ | ︵ᠵᠢᠷᠭᠤᠭ᠎ᠠ︶ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠬᠤᠯᠪᠣᠭᠳᠠᠭᠰᠠᠨ ᠬᠥᠮᠥᠰ ᠤᠨ ᠭᠠᠵᠢᠭᠤ | ᠨᠣᠮᠯᠠᠯ ᠢ ᠠᠰᠢᠭᠯᠠᠨ ᠵᠣᠭᠤᠰ ᠮᠥᠩᠭᠦ ᠡᠳ᠋ ᠪᠣᠳᠠᠰ ᠴᠤᠭᠯᠠᠭᠤᠯᠵᠤ᠂ ᠭᠠᠵᠢᠭᠤ ᠨᠣᠮᠯᠠᠯ ᠤᠨ ᠠᠭᠤᠯᠭ᠎ᠠ ᠶᠢ | ᠳᠠᠷᠤᠮᠠᠯᠯᠠᠭᠰᠠᠨ ᠠᠷᠠᠳ ᠤᠨ ᠵᠣᠭᠤᠰ ᠢ ᠦᠢᠯᠡᠳᠴᠦ ᠠᠰᠢᠭᠯᠠᠭᠰᠠᠨ᠂ ᠭᠠᠵᠢᠭᠤ ᠨᠣᠮᠯᠠᠯ ᠤᠨ ᠵᠣᠬᠢᠶᠠᠨ | ᠪᠠᠶᠢᠭᠤᠯᠤᠯᠲᠠ ᠶᠢᠨ ᠭᠠᠵᠢᠭᠤ ᠰᠤᠷᠭᠠᠯ ᠢ ᠤᠬᠠᠭᠤᠯᠤᠭᠰᠠᠨ ᠰᠦᠪᠡᠭᠴᠢ ᠶᠢ ᠢᠯᠡᠴᠢᠯᠡᠨ ᠮᠡᠳᠡᠭᠦᠯᠬᠦ︔ | ︵ᠲᠤᠯᠤᠭ᠎ᠠ︶ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠬᠤᠯᠪᠣᠭᠳᠠᠭᠰᠠᠨ ᠬᠥᠮᠥᠰ ᠤᠨ ᠰᠤᠷᠭᠠᠭᠤᠯᠢ | ᠪᠤᠶᠤ ᠪᠤᠰᠤᠳ ᠬᠥᠮᠦᠵᠢᠯ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠭᠠᠵᠢᠭᠤ ᠨᠣᠮᠯᠠᠯ ᠢ ᠤᠬᠠᠭᠤᠯᠤᠭᠰᠠᠨ ᠵᠢᠴᠢ | ᠨᠠᠰᠤᠨ ᠳᠤ ᠦᠯᠤ ᠬᠥᠷᠦᠭᠰᠡᠳ ᠲᠤ ᠭᠠᠵᠢᠭᠤ ᠨᠣᠮᠯᠠᠯ ᠢ ᠤᠬᠠᠭᠤᠯᠤᠭᠰᠠᠨ ᠰᠦᠪᠡᠭᠴᠢ ᠶᠢ ᠢᠯᠡᠴᠢᠯᠡᠨ ᠮᠡᠳᠡᠭᠦᠯᠬᠦ ︔ | | ︵ᠨᠠᠢᠮᠠ︶ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠬᠤᠯᠪᠣᠭᠳᠠᠭᠰᠠᠨ ᠬᠥᠮᠥᠰ ᠤᠨ ᠷᠠᠳᠢᠣ᠋ ᠨᠡᠪᠲᠡᠷᠡᠭᠦᠯᠭᠡ | ᠲᠧᠯᠸᠢᠰ ᠤᠨ ᠠᠶᠤᠯᠭᠦᠢ ᠨᠡᠪᠲᠡᠷᠡᠭᠦᠯᠭᠡ ᠶᠢ ᠡᠪᠳᠡᠭᠰᠡᠨ᠂ ᠲᠧᠯᠸᠢᠰ ᠬᠦᠯᠢᠶᠡᠨ ᠠᠪᠤᠭᠴᠢ ᠶᠢ ᠬᠠᠤᠯᠢ ᠪᠤᠰᠤ ᠪᠠᠷ | ᠤᠭᠰᠠᠷᠠᠵᠤ ᠭᠠᠵᠢᠭᠤ ᠨᠣᠮᠯᠠᠯ ᠤᠨ ᠲᠡᠷᠰᠯᠡᠭᠦᠦ ᠫᠷᠣᠭ᠍ᠷᠠᠮ ᠢ ᠬᠦᠯᠢᠶᠡᠨ ᠠᠪᠤᠭᠰᠠᠨ᠂ ᠵᠥᠭᠡᠯᠡᠨ ᠲᠤᠨᠤᠭ ᠢ ᠬᠡᠷᠡᠭᠯᠡᠨ | ᠭᠠᠵᠢᠭᠤ ᠨᠣᠮᠯᠠᠯ ᠤᠨ ᠰᠦᠯᠵᠢᠶᠡᠨ ᠤ ᠦᠷᠳᠡᠭᠡ ᠶᠢ ᠬᠠᠤᠯᠢ ᠪᠤᠰᠤ ᠪᠠᠷ ᠦᠵᠡᠭᠰᠡᠨ ᠰᠦᠪᠡᠭᠴᠢ ᠶᠢ ᠢᠯᠡᠴᠢᠯᠡᠨ | ᠮᠡᠳᠡᠭᠦᠯᠦᠭᠰᠡᠨ︔ | ︵ᠶᠢᠰᠦ︶ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠬᠤᠯᠪᠣᠭᠳᠠᠭᠰᠠᠨ ᠬᠥᠮᠥᠰ ᠤᠨ ᠬᠢᠯᠢ ᠶᠢᠨ ᠭᠠᠳᠠᠨᠠᠬᠢ | ᠪᠠᠶᠢᠭᠤᠯᠤᠮᠵᠢ᠂ ᠵᠣᠬᠢᠶᠠᠨ ᠪᠠᠶᠢᠭᠤᠯᠤᠯᠲᠠ᠂ ᠬᠥᠮᠥᠰ ᠲᠠᠢ ᠬᠤᠯᠪᠣᠭᠠᠯᠠᠵᠤ᠂ ᠰᠥᠯᠪᠡᠭᠡᠯᠳᠦᠨ ᠭᠠᠵᠢᠭᠤ ᠨᠣᠮᠯᠠᠯ ᠤᠨ | ᠠᠵᠢᠯᠯᠠᠭ᠎ᠠ ᠬᠢᠭᠰᠡᠨ ᠰᠦᠪᠡᠭᠴᠢ ᠶᠢ ᠢᠯᠡᠴᠢᠯᠡᠨ ᠮᠡᠳᠡᠭᠦᠯᠬᠦ︔ | ︵ᠠᠷᠪᠠ︶ ᠭᠠᠵᠢᠭᠤ ᠨᠣᠮᠯᠠᠯ ᠤᠨ ᠠᠵᠢᠯᠯᠠᠭ᠎ᠠ ᠲᠠᠢ ᠬᠤᠯᠪᠣᠭᠳᠠᠬᠤ ᠪᠤᠰᠤᠳ ᠰᠡᠵᠢᠭᠯᠡᠯᠲᠡᠢ ᠬᠥᠮᠥᠨ᠂ ᠬᠡᠷᠡᠭ ᠶᠠᠪᠤᠳᠠᠯ᠂ | ᠪᠣᠳᠠᠰ ᠵᠡᠷᠭᠡ ᠶᠢᠨ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ᠃ | ᠢᠯᠡᠴᠢᠯᠡᠨ ᠮᠡᠳᠡᠭᠦᠯᠬᠦ ᠬᠡᠯᠪᠡᠷᠢ | ︵ᠨᠢᠭᠡ︶ ᠴᠠᠭᠳᠠᠭ᠎ᠠ ᠳᠤ ᠮᠡᠳᠡᠭᠦᠯᠬᠦ ᠤᠲᠠᠰᠤ 110 ᠢ ᠤᠲᠠᠰᠤᠳᠠᠵᠤ ᠢᠯᠡᠴᠢᠯᠡᠨ ᠮᠡᠳᠡᠭᠦᠯᠦᠨ᠎ᠡ᠃ | ︵ᠬᠤᠶᠠᠷ︶ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠲᠤ ᠤᠲᠠᠰᠤᠳᠠᠵᠤ ᠢᠯᠡᠴᠢᠯᠡᠨ ᠮᠡᠳᠡᠭᠦᠯᠬᠦ︔ | 1. ᠵᠦᠰᠬᠤᠸᠠᠲ᠋ᠣᠮᠢᠯᠠᠭᠰᠠᠨ ᠰᠠᠯᠪᠤᠷᠢ᠄ 0475 2345110 | 2. ᠮᠦᠰᠦᠳᠠᠢ ᠲᠣᠮᠢᠯᠠᠭᠰᠠᠨ ᠰᠠᠯᠪᠤᠷᠢ᠄ 0475  ̄ 7933110 | 3. ᠰᠢᠷ᠎ᠠ ᠬᠦᠤᠷ ᠲᠣᠮᠢᠯᠠᠭᠰᠠᠨ ᠰᠠᠯᠪᠤᠷᠢ᠄ 0475  ̄ 6164110 | 4. ᠲᠠᠯᠠᠶᠢᠬᠤᠰᠢᠭᠤ ᠲᠣᠮᠢᠯᠠᠭᠰᠠᠨ ᠰᠠᠯᠪᠤᠷᠢ᠄ 0475  ̄ 2765110 | 5. ᠪᠤᠷᠤᠬᠤᠵᠢᠷ ᠲᠣᠮᠢᠯᠠᠭᠰᠠᠨ ᠰᠠᠯᠪᠤᠷᠢ᠄ 0475  ̄ 6372310 | ︵ᠭᠤᠷᠪᠠ︶ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠪᠤᠶᠤ ᠬᠠᠷᠢᠶ᠎ᠠ ᠭᠠᠵᠠᠷ ᠤᠨ | ᠲᠣᠮᠢᠯᠠᠭᠰᠠᠨ ᠰᠠᠯᠪᠤᠷᠢ᠂ ᠵᠠᠮ ᠳᠡᠭᠡᠷᠡᠬᠢ ᠡᠭᠦᠷᠭᠡ ᠭᠦᠢᠴᠡᠳᠬᠡᠬᠦ ᠠᠷᠠᠳ ᠤᠨ ᠴᠠᠭᠳᠠᠭ᠎ᠠ ᠳᠤ ᠰᠢᠭᠤᠳ ᠠᠮᠠ ᠪᠠᠷ | ᠢᠯᠡᠴᠢᠯᠡᠨ ᠮᠡᠳᠡᠭᠦᠯᠦᠨ᠎ᠡ᠃ | ᠱᠠᠩᠨᠠᠬᠤ ᠠᠷᠭ᠎ᠠ ᠬᠡᠮᠵᠢᠶ᠎ᠡ ᠪᠣᠯᠣᠨ ᠪᠠᠷᠢᠮᠵᠢᠶ᠎ᠠ | ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠪᠠᠶᠢᠴᠠᠭᠠᠨ | ᠲᠣᠳᠣᠯᠠᠭᠠᠳ ᠦᠨᠡᠨ ᠮᠠᠭᠠᠳ ᠪᠠᠶᠢᠪᠠᠯ᠂ ᠪᠠᠶᠢᠳᠠᠯ ᠢ ᠨᠢ ᠦᠵᠡᠵᠦ ᠰᠠᠶᠢᠰᠢᠶᠠᠨ ᠬᠥᠬᠢᠭᠦᠯᠦᠨ᠎ᠡ᠃ ᠱᠠᠩᠨᠠᠬᠤ | ᠪᠠᠷᠢᠮᠵᠢᠶ᠎ᠠ ᠳᠤ ᠭᠤᠣᠯᠳᠠᠭᠤ᠄ | ︵ᠨᠢᠭᠡ︶ ᠭᠠᠵᠢᠭᠤ ᠨᠣᠮᠯᠠᠯ ᠳᠤ ᠬᠤᠯᠪᠣᠭᠳᠠᠭᠰᠠᠨ ᠠᠵᠢᠯᠯᠠᠭ᠎ᠠ ᠶᠢᠨ ᠰᠦᠪᠡᠭᠴᠢ ᠶᠢ ᠣᠯᠵᠤ ᠮᠡᠳᠡᠪᠡᠯ᠂ ᠴᠠᠭ | ᠲᠤᠬᠠᠢ ᠳᠤᠨᠢ ᠲᠦᠭᠰᠢᠭᠦᠷᠢ ᠮᠡᠳᠡᠭᠦᠯᠬᠦ ᠪᠤᠶᠤ ᠢᠯᠡᠴᠢᠯᠡᠨ ᠮᠡᠳᠡᠭᠦᠯᠵᠦ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠲᠠᠩᠨᠠᠨ ᠢᠯᠡᠷᠡᠭᠦᠯᠬᠦ ᠠᠵᠢᠯ ᠳᠤ ᠢᠳᠡᠪᠬᠢᠲᠡᠢ ᠬᠠᠮᠵᠢᠯᠴᠠᠨ᠂ ᠪᠠᠶᠢᠴᠠᠭᠠᠨ ᠲᠣᠳᠣᠯᠠᠭᠠᠳ ᠦᠨᠡᠨ | ᠪᠣᠳᠠᠲᠠᠢ ᠪᠠᠶᠢᠪᠠᠯ᠂ ᠪᠠᠶᠢᠳᠠᠯ ᠢ ᠨᠢ ᠦᠵᠡᠵᠦ ᠪᠠᠶᠢᠭᠠᠳ ᠠᠷᠠᠳ ᠤᠨ ᠵᠣᠭᠤᠰ ᠢᠶᠠᠷ 200 ᠠᠴᠠ 500 | ᠲᠥᠭᠦᠷᠢᠭ ᠱᠠᠩᠨᠠᠨ᠎ᠠ᠃ | ︵ᠬᠤᠶᠠᠷ︶ ᠭᠠᠵᠢᠭᠤ ᠨᠣᠮᠯᠠᠯᠲᠠᠨ ᠤ ᠭᠠᠵᠢᠭᠤ ᠨᠣᠮᠯᠠᠯ ᠤᠨ ᠲᠥᠷᠥᠯ ᠤᠨ ᠤᠬᠠᠭᠤᠯᠭ᠎ᠠ ᠶᠢᠨ ᠡᠳ᠋ ᠢ ᠨᠠᠭᠠᠬᠤ᠂ | ᠲᠠᠷᠬᠠᠭᠠᠬᠤ᠂ ᠬᠦᠷᠭᠡᠬᠦ ᠵᠡᠷᠭᠡ ᠬᠠᠤᠯᠢ ᠪᠤᠰᠤ ᠠᠵᠢᠯᠯᠠᠭ᠎ᠠ ᠶᠢ ᠣᠯᠵᠤ ᠮᠡᠳᠡᠪᠡᠯ᠂ ᠲᠡᠭᠦᠨ ᠢ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠳᠤ ᠰᠢᠭᠤᠳ ᠪᠠᠷᠢᠵᠤ ᠬᠦᠷᠭᠡᠬᠦ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ | ᠬᠠᠮᠵᠢᠨ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠬᠥᠮᠥᠨ ᠢ ᠰᠢᠭᠤᠳ ᠪᠠᠷᠢᠪᠴᠢᠯᠠᠭᠰᠠᠨ ᠪᠠᠶᠢᠪᠠᠯ᠂ | ᠪᠠᠶᠢᠳᠠᠯ ᠢ ᠨᠢ ᠦᠵᠡᠵᠦ ᠪᠠᠶᠢᠭᠠᠳ ᠠᠷᠠᠳ ᠤᠨ ᠵᠣᠭᠤᠰ ᠢᠶᠠᠷ 500 ᠲᠥᠭᠦᠷᠢᠭ ᠠᠴᠠ 1000 ᠲᠥᠭᠦᠷᠢᠭ | ᠱᠠᠩᠨᠠᠨ᠎ᠠ᠃ | ︵ᠭᠤᠷᠪᠠ︶ ᠢᠯᠡᠴᠢᠯᠡᠨ ᠮᠡᠳᠡᠭᠦᠯᠦᠭᠰᠡᠨ ᠴᠢᠬᠤᠯᠠ ᠰᠦᠪᠡᠭᠴᠢ ᠶᠢ ᠦᠨᠳᠦᠰᠦᠯᠡᠨ᠂ ᠭᠠᠵᠢᠭᠤ ᠨᠣᠮᠯᠠᠯ ᠤᠨ | ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢᠨ ᠤᠬᠠᠭᠠᠯᠠᠭᠴᠢ᠂ ᠵᠣᠬᠢᠶᠠᠨ ᠪᠠᠶᠢᠭᠤᠯᠤᠭᠴᠢ᠂ ᠵᠢᠯᠣᠭᠤᠳᠤᠭᠴᠢ ᠪᠤᠶᠤ | ᠡᠯ᠎ᠡ ᠱᠠᠲᠤ ᠳᠠᠪᠬᠤᠷᠭ᠎ᠠ ᠶᠢᠨ ᠭᠤᠣᠯᠯᠠᠭᠴᠢ ᠬᠦᠴᠦᠨ ᠢ ᠪᠠᠷᠢᠪᠴᠢᠯᠠᠭᠰᠠᠨ ᠪᠠᠶᠢᠪᠠᠯ᠂ ᠪᠠᠶᠢᠳᠠᠯ ᠢ ᠨᠢ ᠦᠵᠡᠵᠦ | ᠪᠠᠶᠢᠭᠠᠳ ᠠᠷᠠᠳ ᠤᠨ ᠵᠣᠭᠤᠰ ᠢᠶᠠᠷ 1000 ᠲᠥᠭᠦᠷᠢᠭ ᠠᠴᠠ 5000 ᠲᠥᠭᠦᠷᠢᠭ ᠱᠠᠩᠨᠠᠨ᠎ᠠ᠃ | ᠬᠠᠮᠢᠶ᠎ᠠ ᠪᠦᠬᠦᠢ ᠤᠴᠢᠷ ᠤᠨ ᠲᠠᠶᠢᠯᠪᠤᠷᠢ | ︵ᠨᠢᠭᠡ︶ ᠢᠯᠡᠴᠢᠯᠡᠨ ᠮᠡᠳᠡᠭᠦᠯᠦᠭᠴᠢ ᠭᠠᠵᠢᠭᠤ ᠨᠣᠮᠯᠠᠯ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ | ᠠᠵᠢᠯᠯᠠᠭ᠎ᠠ ᠶᠢᠨ ᠰᠦᠪᠡᠭᠴᠢ ᠶᠢ ᠦᠨᠡᠨ ᠮᠥᠨ ᠢᠶᠠᠷ ᠨᠢ ᠲᠤᠰᠬᠠᠬᠤ ᠴᠢᠬᠤᠯᠠᠲᠠᠢ᠂ ᠬᠡᠷᠪᠡ ᠢᠯᠡᠴᠢᠯᠡᠨ ᠮᠡᠳᠡᠭᠦᠯᠬᠦ | ᠨᠡᠷ᠎ᠡ ᠪᠠᠷ ᠪᠤᠰᠤᠳ ᠢ ᠭᠦᠳᠬᠡᠨ ᠭᠦᠵᠢᠷᠯᠡᠬᠦ᠂ ᠢᠯᠡᠴᠢᠯᠡᠭᠳᠡᠭᠴᠢ ᠶᠢ ᠬᠢᠬᠠᠨ ᠮᠡᠬᠡᠯᠡᠬᠦ᠂ ᠬᠤᠳᠠᠯ ᠬᠠᠭᠤᠷᠮᠠᠭ ᠮᠡᠳᠡᠭᠡ | ᠵᠠᠩᠭᠢ ᠶᠢ ᠵᠣᠬᠢᠶᠠᠨ ᠲᠠᠷᠬᠠᠭᠠᠬᠤ᠂ ᠬᠤᠳᠠᠯ ᠢᠶᠠᠷ ᠲᠦᠭᠰᠢᠭᠦᠷᠢ ᠮᠡᠳᠡᠭᠦᠯᠦᠭᠰᠡᠨ ᠪᠠᠶᠢᠳᠠᠯ ᠢ ᠬᠤᠳᠠᠯ ᠢᠶᠠᠷ ᠮᠡᠳᠡᠭᠦᠯᠬᠦ | ᠵᠡᠷᠭᠡ ᠦᠢᠯᠡ ᠠᠵᠢᠯᠯᠠᠭ᠎ᠠ ᠬᠢᠭᠰᠡᠨ ᠢ ᠣᠯᠵᠤ ᠮᠡᠳᠡᠪᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ | ᠶᠣᠰᠣᠭᠠᠷ ᠵᠣᠬᠢᠴᠠᠩᠭᠤᠢ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ︔ | ︵ᠬᠤᠶᠠᠷ︶ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠬᠤᠯᠪᠣᠭᠳᠠᠭᠰᠠᠨ ᠬᠥᠮᠥᠰ ᠤᠨ ᠰᠦᠪᠡᠭᠴᠢ ᠶᠢ | ᠬᠠᠩᠭᠠᠬᠤ ᠳᠠᠭᠠᠨ ᠠᠯᠢ ᠴᠢᠳᠠᠬᠤ ᠪᠠᠷ ᠨᠠᠷᠢᠨ ᠲᠣᠳᠣᠷᠬᠠᠢ ᠪᠠᠶᠢᠯᠭᠠᠵᠤ᠂ ᠭᠠᠵᠢᠭᠤ ᠨᠣᠮᠯᠠᠯ ᠳᠤ ᠬᠤᠯᠪᠣᠭᠳᠠᠭᠰᠠᠨ | ᠬᠥᠮᠥᠰ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠪᠠᠶᠢᠳᠠᠯ᠂ ᠠᠵᠢᠯᠯᠠᠭ᠎ᠠ ᠶᠢᠨ ᠪᠠᠶᠢᠳᠠᠯ᠂ ᠭᠤᠣᠯ ᠪᠣᠯᠬᠤ | ᠪᠣᠳᠠᠲᠤ ᠬᠡᠷᠡᠭ ᠤᠨ ᠦᠨᠳᠦᠰᠦ ᠪᠠᠷᠢᠮᠲᠠ ᠵᠡᠷᠭᠡ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠢ︔ | ︵ᠭᠤᠷᠪᠠ︶ ᠠᠷᠠᠳ ᠢᠷᠭᠡᠨ ᠤ ᠢᠯᠡᠴᠢᠯᠡᠨ ᠮᠡᠳᠡᠭᠦᠯᠦᠭᠰᠡᠨ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ | ᠬᠤᠯᠪᠣᠭᠳᠠᠭᠰᠠᠨ ᠬᠥᠮᠥᠰ ᠤᠨ ᠰᠦᠪᠡᠭᠴᠢ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠨᠢᠭᠤᠴᠠ ᠶᠢ | ᠬᠠᠮᠠᠭᠠᠯᠠᠬᠤ ᠳᠦᠷᠢᠮ ᠢ ᠴᠢᠩᠭ᠎ᠠ ᠵᠢᠷᠤᠮᠯᠠᠨ ᠢᠯᠡᠴᠢᠯᠡᠨ ᠮᠡᠳᠡᠭᠦᠯᠦᠭᠴᠢ ᠪᠠ ᠬᠤᠯᠪᠣᠭᠳᠠᠯ ᠪᠦᠬᠦᠢ ᠢᠯᠡᠴᠢᠯᠡᠨ | ᠮᠡᠳᠡᠭᠦᠯᠦᠭᠰᠡᠨ ᠰᠦᠪᠡᠭᠴᠢ ᠶᠢᠨ ᠠᠵᠢᠯᠯᠠᠭᠠᠨ ᠤ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠬᠠᠮᠲᠤ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠢᠨᠠᠯᠲᠠ ᠬᠠᠮᠢᠶᠠᠷᠤᠯᠲᠠ ᠪᠠᠨ ᠪᠦᠬᠦ | ᠲᠠᠯ᠎ᠠ ᠪᠠᠷ ᠴᠢᠩᠭᠠᠳᠬᠠᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠣᠯᠢᠨ ᠭᠤᠣᠯ ᠬᠤᠲᠠ ᠶᠢᠨ ᠬᠤᠷᠢᠶᠠᠨ ᠤ | ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ | ᠬᠤᠣᠯᠢᠨ ᠭᠤᠣᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | | | 2024 ᠣᠨ ᠤ 3 ᠰᠠᠷ᠎ᠠ ᠶᠢᠨ 20 ᠤ |