ᠠᠵᠤ ᠠᠬᠤᠢ ᠶᠢ ᠲᠣᠭᠲᠠᠪᠤᠷᠢᠵᠢᠭᠤᠯᠵᠤ  ᠬᠥᠭᠵᠢᠯᠲᠡ ᠶᠢ ᠠᠬᠢᠭᠤᠯᠵᠦ    ᠠᠵᠢᠯᠯᠠᠭ᠎ᠠ ᠶᠢ ᠦᠵᠡᠬᠦ ᠬᠡᠷᠡᠭᠲᠡᠢ  — ᠬᠤᠣᠯᠢᠨ ᠭᠤᠣᠯ ᠬᠤᠳᠠ‌ᠣᠨᠴᠠᠯᠢᠭᠲᠤ ᠲᠠᠷᠢᠮᠠᠯ ᠢ ᠬᠦᠭᠵᠢᠬᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠪᠡ
ᠨᠡᠶᠢᠲᠡᠯᠡᠭᠰᠡᠨ ᠴᠠᠭ᠄
2024/3/26
     ᠣᠳᠣᠬᠠᠨ ᠳᠤ᠂ ᠠᠵᠤ ᠠᠬᠤᠢ ᠶᠢᠨ ᠬᠥᠭᠵᠢᠯᠲᠡ ᠬᠡᠳᠦᠶᠢᠪᠡᠷ ᠮᠠᠰᠢ ᠤᠯᠠᠨ ᠰᠢᠯᠭᠠᠯᠲᠠ ᠳᠤ ᠲᠤᠯᠭᠠᠷᠠᠵᠤ ᠪᠠᠶᠢᠭ᠎ᠠ ᠪᠣᠯᠪᠠᠴᠤ ᠢᠳᠡᠪᠬᠢ ᠬᠦᠴᠦᠨ ᠵᠦᠢᠯ ᠪᠠᠰᠠ ᠬᠤᠷᠠᠮᠳᠤᠨ ᠨᠡᠮᠡᠭᠳᠡᠵᠦ ᠪᠠᠶᠢᠨ᠎ᠠ᠃ ᠬᠤᠣᠯᠢᠨ ᠭᠤᠣᠯ ᠳᠤ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠨᠢᠭᠡ ᠰᠡᠳᠬᠢᠯ ᠨᠢᠭᠡ ᠴᠢᠭᠯᠡᠯ ᠢᠶᠠᠷ ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠢᠲᠡᠭᠡᠯ ᠵᠣᠷᠢᠭ ᠴᠢᠩᠭ᠎ᠠ ᠪᠠᠶᠢᠨ᠎ᠠ᠃ ᠥᠨᠥᠳᠥᠷ ᠠᠴᠠ ᠡᠬᠢᠯᠡᠨ᠂ ᠬᠤᠣᠯᠢᠨ ᠭᠤᠣᠯ ᠬᠤᠲᠠ ᠶᠢᠨ ᠬᠠᠮ ᠵᠠᠭᠤᠴᠢᠯᠠᠭᠤᠷ ᠤᠨ ᠲᠥᠪ︽ᠠᠵᠤ ᠠᠬᠤᠢ ᠶᠢ ᠲᠣᠭᠲᠠᠪᠤᠷᠢᠵᠢᠭᠤᠯᠵᠤ ᠬᠥᠭᠵᠢᠯᠲᠡ ᠶᠢ ᠠᠬᠢᠭᠤᠯᠵᠤ ᠠᠵᠢᠯᠯᠠᠭ᠎ᠠ ᠶᠢ ᠦᠵᠡᠶ᠎ᠡ︾ᠭᠡᠬᠦ ᠰᠢᠷᠢᠰ ᠮᠡᠳᠡᠭᠡᠯᠡᠯ ᠨᠡᠶᠢᠲᠡᠯᠡᠵᠦ᠂ ᠬᠤᠣᠯᠢᠨ ᠭᠤᠣᠯ ᠬᠤᠲᠠ ᠶᠢᠨ ᠵᠠᠰᠠᠭ ᠤᠨ ᠣᠷᠳᠣᠨ᠂ ᠠᠵᠤ ᠠᠬᠤᠶᠢᠯᠠᠯ᠂ ᠠᠷᠠᠳ ᠢᠷᠭᠡᠳ ᠤᠨ ᠪᠡᠯᠡ ᠣᠷᠣᠭᠤᠯᠤᠯᠲᠠ᠂ ᠬᠡᠷᠡᠭᠯᠡᠭᠡ᠂ ᠭᠠᠳᠠᠭᠠᠳᠤ ᠭᠠᠷᠭᠠᠯᠲᠠ ᠵᠡᠷᠭᠡ ᠬᠦᠷᠢᠶᠡᠨ ᠳᠠᠬᠢ ᠴᠥᠬᠦᠷᠡᠰᠢ ᠦᠭᠡᠢ ᠴᠢᠷᠮᠠᠶᠢᠯᠭ᠎ᠠ᠂ ᠵᠠᠬ᠎ᠠ ᠳᠡᠯᠭᠡᠭᠦᠷ ᠤᠨ︽ᠰᠠᠶᠢᠨ ᠠᠷᠭ᠎ᠠ︾᠂ ᠠᠵᠤ ᠠᠬᠤᠢ ᠶᠢ ᠠᠬᠢᠭᠤᠯᠬᠤ︽ᠰᠠᠶᠢᠨ ᠠᠷᠭ᠎ᠠ︾ ᠶᠢ ᠳᠡᠯᠭᠡᠨ ᠦᠵᠡᠭᠦᠯᠵᠡᠢ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠬᠥᠭᠵᠢᠭᠦᠯᠦᠨ᠎ᠡ᠃ ᠣᠶᠢᠷ᠎ᠠ ᠶᠢᠨ ᠵᠢᠯ ᠠᠴᠠ᠂ ᠮᠠᠨ ᠤ ᠬᠤᠳᠠ ᠣᠨᠴᠠᠯᠢᠭᠲᠤ ᠳᠠᠪᠠᠭᠤᠯᠢᠭ ᠡᠬᠢ ᠪᠠᠶᠠᠯᠢᠭ ᠲᠠᠭᠠᠨ ᠰᠠᠭᠤᠷᠢᠯᠠᠵᠤ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠪᠡ᠃    ᠮᠠᠨ ᠤ ᠬᠤᠲᠠ ᠶᠢᠨ ᠪᠠᠷᠠᠭᠤᠨ‌‍ᠪᠤᠷᠭᠠᠰᠤᠳᠠᠢ ᠭᠠᠴᠠᠭ᠎ᠠ ᠳᠤ᠂ ᠣᠨᠴᠠᠯᠢᠭᠲᠤ ᠭᠦᠵᠡᠯᠵᠡᠭᠡᠨ᠎ᠡ ᠳᠠᠷᠢᠵᠤ ᠲᠡᠭᠦᠭᠰᠡᠨ  ᠨᠢ ᠣᠶᠢᠷ᠎ᠠ ᠶᠢᠨ ᠬᠡᠳᠦᠨ ᠵᠢᠯ ᠳᠤ ᠲᠤᠭ᠎ᠠ ᠲᠣᠮᠰᠢ ᠦᠭᠡᠢ ᠣᠯᠠᠨ ᠬᠦᠷᠢᠶᠡᠨ ᠤ ᠨᠤᠨᠳᠠᠭ ᠲᠠᠢ ᠪᠣᠯᠵᠠᠢ᠂ ᠣᠲᠣ ᠶᠠᠭ ᠭᠦᠵᠡᠯᠵᠡᠭᠡᠨ᠎ᠡ ᠵᠠᠬ᠎ᠠ ᠳᠡᠯᠭᠡᠭᠦᠷ ᠲᠤ ᠭᠠᠷᠬᠤ ᠤᠯᠠᠷᠢᠯ ᠪᠣᠯᠵᠤ ᠪᠠᠶᠢᠨ᠎ᠠ᠂ ᠬᠥᠮᠥᠰ ᠤᠨ ᠪᠠᠭ᠋ᠠᠷᠤᠯ ᠢ ᠲᠠᠲᠠᠭᠰᠠᠨ ᠰᠢᠨ᠎ᠡ ᠰᠣᠷᠭᠤᠭ ᠭᠦᠵᠡᠯᠵᠡᠭᠡᠨ᠎ᠡ ᠨᠢ ᠴᠥᠭᠡᠨ ᠪᠤᠰᠤ ᠬᠤᠲᠠ ᠶᠢᠨ ᠠᠷᠠᠳ ᠤᠨ ᠠᠩᠬᠠᠷᠤᠯ ᠢ ᠲᠠᠲᠠᠵᠤ᠂ ᠲᠡᠭᠦᠭᠰᠡᠨ ᠬᠠᠪᠤ ᠴᠡᠩᠭᠡᠯ ᠢ ᠪᠡᠶ᠎ᠡ ᠪᠠᠷ ᠢᠶᠠᠨ ᠣᠶᠢᠯᠠᠭᠠᠵᠤ᠂ ᠬᠥᠳᠡᠭᠡ ᠨᠤᠲᠤᠭ ᠤᠨ ᠵᠠᠩ ᠦᠶᠯᠡ ᠶᠢ ᠣᠶᠢᠯᠠᠭᠠᠵᠠᠢ᠃ ᠲᠦᠷᠦᠯ ᠵᠦᠢᠯ ᠤᠯᠠᠨ᠂ ᠶᠠᠰᠤ ᠴᠢᠨᠠᠷ ᠰᠠᠶᠢᠨ ᠪᠣᠯᠬᠤᠷ ᠭᠦᠵᠡᠯᠵᠡᠭᠡᠨ᠎ᠡ ᠶᠢᠨ ᠪᠣᠷᠤᠯᠠᠭᠤᠯᠭ᠎ᠠ ᠴᠤ ᠡᠳᠦᠷ ᠢᠷᠡᠬᠦᠶ᠎ᠡ ᠨᠡᠮᠡᠭᠳᠡᠵᠦ᠂ ᠭᠦᠵᠡᠯᠵᠡᠭᠡᠨ᠎ᠡ ᠲᠠᠷᠢᠬᠤ ᠨᠢ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠨ ᠴᠢᠨᠡᠭᠡᠯᠢᠭᠵᠢᠬᠦ ᠵᠣᠯ ᠵᠢᠷᠭᠠᠯᠲᠠᠢ ᠠᠵᠤ ᠦᠢᠯᠡᠰ ᠪᠣᠯᠵᠠᠢ᠃ ᠤᠳᠠᠯ ᠦᠭᠡᠢ ᠲᠡᠭᠦᠰᠬᠦ ᠭᠡᠵᠦ ᠪᠠᠶᠢᠭ᠎ᠠ ᠣᠶᠤᠲᠠᠨ ᠸᠠᠩ ᠸᠧᠨ ᠺᠠᠢ ᠪᠠᠰᠠ ᠠᠮᠠᠷᠠᠯᠲᠠ ᠶᠢᠨ ᠴᠠᠭ ᠢᠶᠠᠨ ᠠᠰᠢᠭᠯᠠᠨ ᠲᠡᠭᠦᠨ ᠤ ᠪᠠᠶᠠᠷ ᠪᠠᠭ᠋ᠠᠳᠤᠯ ᠢ ᠡᠳ᠋ᠯᠡᠬᠦ ᠪᠠᠷ ᠢᠷᠡᠵᠠᠢ᠃ ︽ᠪᠢ ᠨᠢᠭᠡᠨᠲᠡ ᠠᠳᠡᠬᠢ   ᠶᠢᠨ ᠬᠠᠭᠤᠴᠢᠨ ᠵᠣᠴᠢᠨ ᠪᠣᠯᠵᠠᠢ᠂ ᠵᠢᠯ ᠪᠣᠯᠭᠠᠨ ᠭᠦᠵᠡᠯᠵᠡᠭᠡᠨ᠎ᠡ ᠪᠣᠯᠪᠠᠰᠤᠷᠠᠬᠤ ᠦᠶ᠎ᠡ ᠳᠤ ᠨᠠᠶᠢᠵᠠ ᠨᠠᠷ ᠲᠠᠢ ᠪᠠᠨ ᠢᠷᠡᠵᠦ ᠭᠦᠵᠡᠯᠵᠡᠭᠡᠨ᠎ᠡ ᠲᠡᠭᠦᠳᠡᠭ᠂ ᠠᠳᠡᠬᠢ ᠭᠦᠵᠡᠯᠵᠡᠭᠡᠨ᠎ᠡ   ᠶᠢᠨ ᠠᠮᠲᠠ ᠨᠢ ᠠᠮᠲᠠᠲᠠᠢ᠂ ᠲᠥᠷᠥᠯ ᠵᠦᠢᠯ ᠨᠢ ᠣᠯᠠᠨ ᠶᠠᠩᠵᠤ   ᠶᠢᠨ ᠪᠠᠶᠢᠳᠠᠭ᠂ ᠲᠡᠷᠡ ᠮᠥᠷᠲᠡᠭᠡᠨ ᠲᠡᠭᠦᠭᠰᠡᠨ ᠥᠩᠭᠡᠷᠡᠯᠲᠡ   ᠶᠢᠨ ᠲᠤᠬᠠᠢ ᠣᠶᠢᠯᠠᠭᠠᠯᠲᠠ ᠨᠢ ᠴᠦ ᠣᠨᠴᠠᠭᠠᠶ ᠰᠠᠶᠢᠨ ᠪᠠᠶᠢᠳᠠᠭ︾ ᠭᠡᠪᠡ᠃

 ᠣᠶᠢᠷ᠎ᠠ ᠶᠢᠨ ᠵᠢᠯ ᠠᠴᠠ᠂ ᠪᠠᠷᠠᠭᠤᠨ ᠪᠤᠷᠭᠠᠰᠤᠳᠠᠢ ᠭᠠᠴᠠᠭ᠎ᠠ ᠬᠥᠳᠡᠭᠡ ᠠᠵᠤ ᠠᠬᠤᠢ ᠶᠢᠨ ᠠᠵᠤ ᠦᠢᠯᠡᠰ ᠤᠨ

ᠪᠦᠲᠦᠴᠡ ᠳᠤ ᠢᠳᠡᠪᠬᠢᠲᠡᠢ ᠲᠣᠬᠢᠷᠠᠭᠤᠯᠤᠯᠲᠠ ᠬᠢᠵᠦ᠂ ᠬᠥᠳᠡᠭᠡ ᠠᠵᠤ ᠠᠬᠤᠢ ᠵᠤᠭᠠᠴᠠᠯ ᠤᠨ ᠠᠭᠤᠰᠤᠯᠴᠠᠨ

ᠬᠥᠭᠵᠢᠬᠦ ᠶᠢ ᠠᠬᠢᠭᠤᠯᠵᠤ᠂  ᠬᠦᠯᠡᠮᠵᠢ ᠵᠡᠷᠭᠡ ᠬᠥᠳᠡᠭᠡ ᠠᠵᠤ ᠠᠬᠤᠢ ᠶᠢᠨ ᠲᠥᠬᠦᠭᠡᠷᠦᠮᠵᠢ ᠶᠢ ᠠᠰᠢᠭᠯᠠᠵᠤ᠂ ᠤᠯᠠᠷᠢᠯ

ᠰᠥᠷᠬᠦ ᠢᠳᠡᠰᠢᠨ ᠨᠣᠭᠤᠭ᠎ᠠ ᠲᠠᠷᠢᠬᠤ ᠪᠠ ᠬᠥᠳᠡᠭᠡ ᠲᠣᠰᠬᠤᠨ ᠤ ᠲᠡᠭᠦᠵᠦ ᠲᠡᠭᠦᠬᠦ ᠵᠤᠭᠠᠴᠠᠯ ᠢ ᠶᠡᠬᠡᠪᠡᠷ

ᠬᠥᠭᠵᠢᠭᠦᠯᠵᠦ᠂ ᠲᠥᠬᠦᠭᠡᠷᠦᠮᠵᠢᠲᠦ ᠬᠥᠳᠡᠭᠡ ᠠᠵᠤ ᠠᠬᠤᠢ ᠨᠢ ᠲᠠᠷᠢᠮᠠᠯ ᠤᠨ ᠡᠷᠦᠬᠡ ᠶᠢ︽ᠡᠪᠦᠯ ᠤᠨ ᠰᠡᠯᠡᠭᠦᠦ ᠴᠠᠭ︾

 ᠢ ︽ᠡᠪᠦᠯ ᠤᠨ ᠶᠠᠭᠠᠷᠠᠯᠲᠠᠢ ᠴᠠᠭ︾ᠪᠣᠯᠭᠠᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠪᠦᠲᠦᠮᠵᠢᠲᠡᠢ

ᠲᠠᠶᠢᠴᠢᠯᠠᠵᠠᠢ᠃ ᠵᠠᠩ ᡁᠢ ᠪᠣᠯ ᠪᠠᠷᠠᠭᠤᠨ ᠪᠤᠷᠭᠠᠰᠤᠳᠠᠢ ᠭᠠᠴᠠᠭ᠎ᠠ ᠶᠢᠨ ᠬᠠᠭᠤᠴᠢᠨ ᠲᠠᠷᠢᠮᠠᠯ ᠤᠨ ᠡᠷᠦᠬᠡ ᠶᠢᠨ ᠨᠢᠭᠡ

ᠪᠣᠯᠣᠨ᠎ᠠ᠂ ᠡᠨᠡ ᠵᠢᠯ ᠲᠣᠰᠬᠤᠨ ᠤ ᠮᠡᠷᠭᠡᠵᠢᠯᠲᠡᠳ ᠤᠨ ᠬᠠᠪᠰᠤᠷᠤᠯᠭ᠎ᠠ ᠪᠠᠷ᠂ ᠵᠠᠩ ᡁᠢ ᠶᠢᠨ ᠬᠢᠨ ᠢᠳᠡᠰᠢᠨ

ᠨᠣᠭᠤᠭ᠎ᠠ ᠲᠠᠷᠢᠵᠦ ᠬᠠᠪᠤᠷ ᠤᠨ ᠴᠢᠬᠢ ᠶᠢ ᠪᠣᠶᠢᠵᠢᠭᠤᠯᠬᠤ ᠪᠠᠷ ᠥᠭᠡᠷᠡᠴᠢᠯᠡᠪᠡ᠂ ᠬᠡᠳᠦᠶᠢᠪᠡᠷ ᠬᠦᠯᠡᠮᠵᠢ ᠶᠢᠨ ᠭᠠᠳᠠᠨ᠎ᠠ

ᠬᠦᠢᠲᠡᠨ ᠠᠭᠤᠷ ᠠᠮᠢᠰᠬᠤᠯ ᠨᠢ ᠠᠷᠢᠯᠤᠭᠠᠳᠤᠢ ᠪᠣᠯᠪᠠᠴᠤ ᠴᠢᠬᠢ ᠪᠣᠶᠢᠵᠢᠭᠤᠯᠬᠤ ᠬᠦᠯᠡᠮᠵᠢ ᠶᠢᠨ ᠳᠣᠲᠣᠷ᠎ᠠ ᠬᠠᠷᠢᠨ

ᠬᠠᠪᠤᠷ ᠰᠢᠭ᠋ ᠳᠤᠯᠠᠭᠠᠬᠠᠨ ᠪᠠᠶᠢᠵᠤ᠂ ᠨᠢᠳᠦ ᠳᠦᠭᠦᠷᠡᠩ ᠨᠣᠭᠤᠭᠠᠨ ᠥᠩᠭᠡ ᠪᠠᠷ ᠪᠢᠯᠬᠠᠨ᠎ᠠ᠃ ᠵᠠᠩ ᡁᠢ ᠪᠠᠰᠠ

ᠭᠠᠴᠠᠭ᠎ᠠ ᠲᠣᠰᠬᠤᠨ ᠤ ᠠᠵᠢᠯᠲᠠᠳ ᠲᠠᠢ ᠬᠠᠮᠲᠤ ᠪᠠᠷ ᠲᠠᠷᠢᠶᠠᠨ ᠴᠠᠭ ᠢ ᠠᠮᠵᠢᠨ᠂ ᠰᠢᠨ᠎ᠡ ᠴᠢᠬᠢ ᠶᠢ ᠪᠣᠶᠢᠵᠢᠭᠤᠯᠵᠤ

᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠵᠠᠢ᠃

 ︽ᠮᠢᠨᠤ ᠡᠨᠡ ᠪᠣᠯ 2008 ᠣᠨ ᠳᠤ ᠪᠠᠷᠢᠭᠰᠠᠨ ᠬᠦᠯᠡᠮᠵᠢ᠂ ᠡᠨᠡ ᠠᠷᠪᠠ ᠭᠠᠷᠤᠢ ᠵᠢᠯ ᠤᠨ ᠲᠤᠷᠰᠢ

ᠦᠨᠳᠦᠰᠦᠨ ᠳᠡᠭᠡᠨ ᠨᠣᠭᠤᠭ᠎ᠠ ᠳᠠᠷᠢᠬᠤ ᠯᠠ ᠬᠡᠷᠡᠭ ᠪᠣᠯᠵᠠᠢ᠂ ᠡᠨᠡ ᠬᠡᠳᠦᠨ ᠵᠢᠯ ᠪᠢ ᠵᠢᠭᠠᠬᠠᠨ ᠴᠢᠬᠢ

ᠪᠣᠶᠢᠵᠢᠭᠤᠯᠬᠤ   ᠶᠢ ᠯᠠ ᠬᠦᠰᠡᠵᠦ ᠪᠠᠶᠢᠨ᠎ᠠ᠂ ᠮᠢᠨᠤ ᠪᠣᠶᠢᠵᠢᠭᠤᠯᠤᠭᠰᠠᠨ ᠴᠢᠬᠢ ᠪᠣᠯ ᠠᠷᠠᠳ ᠢᠷᠭᠡᠳ ᠤᠨ ᠡᠬᠡ

ᠬᠠᠭᠤᠷᠠᠢ ᠳᠡᠭᠡᠷ᠎ᠡ ᠳᠠᠷᠢᠵᠤ ᠤᠷᠭᠤᠭᠤᠯᠤᠭᠰᠠᠨ ᠡᠭᠦᠯᠳᠡᠷ ᠲᠤ ᠮᠠᠰᠢ ᠲᠣᠬᠢᠷᠠᠨ᠎ᠠ᠂ ᠬᠦᠯᠡᠮᠵᠢ   ᠶᠢᠨ ᠬᠢ ᠪᠢᠰᠢ᠂

ᠬᠠᠷᠢᠨ ᠮᠢᠨᠤ ᠡᠨᠡ ᠡᠭᠦᠯᠳᠡᠷ ᠠᠷᠪᠢᠨ᠂ ᠶᠠᠰᠤ ᠴᠢᠨᠠᠷ ᠰᠠᠶᠢᠨ᠂ ᠣᠯᠠᠨ ᠢᠶᠠᠷ ᠢᠶᠠᠨ ᠪᠦᠷ ᠳᠤᠷᠠᠲᠠᠢ ᠪᠠᠶᠢᠳᠠᠭ᠂

ᠴᠢᠬᠢ ᠪᠣᠶᠢᠵᠢᠭᠤᠯᠬᠤ ᠥᠭᠡᠷᠡᠴᠢᠯᠡᠯᠲᠡ ᠳᠤ ᠣᠷᠣᠯᠭ᠎ᠠ   ᠶᠢ ᠴᠤ ᠪᠠᠭ᠎ᠠ ᠪᠤᠰᠤ ᠨᠡᠮᠡᠭᠳᠡᠭᠦᠯᠵᠦ᠂ ᠪᠦᠬᠦ ᠭᠡᠷ ᠤᠨ

ᠠᠮᠢᠳᠤᠷᠠᠯ   ᠢ ᠴᠤ ᠨᠡᠩ ᠰᠠᠶᠢᠨ ᠪᠣᠯᠭᠠᠨ᠎ᠠ︾ ᠭᠡᠵᠦ ᠲᠠᠷᠢᠮᠠᠯ ᠤᠨ ᠡᠷᠦᠬᠡ ᠵᠠᠩ ᡁᠢ ᠬᠡᠯᠡᠪᠡ᠃

  ᠪᠠᠷᠠᠭᠤᠨ ᠪᠤᠷᠭᠠᠰᠤᠳᠠᠢ ᠭᠠᠴᠠᠭ᠎ᠠ ᠨᠢ ᠠᠷᠠᠳ ᠢ ᠪᠠᠶᠠᠵᠢᠭᠤᠯᠤᠨ ᠲᠣᠰᠬᠤᠨ ᠢ ᠬᠦᠴᠦᠷᠬᠡᠭᠵᠢᠭᠦᠯᠬᠦ ᠪᠠᠷ ᠬᠠᠷᠠᠯᠲᠠ

ᠪᠣᠯᠭᠠᠵᠤ᠂ ︽ᠵᠣᠬᠢᠶᠠᠨ ᠪᠠᠶᠢᠭᠤᠯᠵᠤ ᠬᠥᠲᠥᠯᠥᠨ ᠳᠠᠭᠠᠭᠤᠯᠬᠤ᠂ ᠠᠵᠤ ᠦᠢᠯᠡᠰ ᠬᠥᠭᠵᠢᠨ ᠪᠠᠳᠠᠷᠠᠬᠤ᠂ ᠵᠠᠰᠠᠯᠲᠠ

ᠪᠦᠲᠦᠮᠵᠢᠲᠡᠶ ᠪᠠᠶᠢᠬᠤ︾ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠠᠯ᠎ᠠ ᠶᠢᠨ ᠬᠠᠮᠲᠤᠷᠠᠯ ᠤᠨ

ᠬᠦᠴᠦᠨ ᠢ ︽ᠬᠦᠯᠡᠮᠵᠢ ᠶᠢᠨ ᠠᠵᠤ ᠠᠬᠤᠢ︾ ᠶᠢᠨ ᠲᠠᠯ᠎ᠠ ᠪᠠᠷ ᠲᠠᠰᠤᠷᠠᠯᠲᠠ ᠦᠭᠡᠢ ᠬᠦᠴᠦ ᠣᠷᠣᠭᠤᠯᠵᠤ᠂

ᠪᠣᠳᠠᠲᠤ ᠪᠠᠶᠢᠳᠠᠯ ᠳᠤ ᠰᠠᠭᠤᠷᠢᠯᠠᠨ᠂ ᠬᠦᠯᠡᠮᠵᠢ ᠶᠢᠨ ᠲᠠᠷᠢᠮᠠᠯ ᠤᠨ ᠠᠵᠤ ᠦᠢᠯᠡᠰ ᠢ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠭᠠᠷᠳᠠᠬᠤ

ᠴᠡᠭ ᠪᠣᠯᠭᠠᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠥᠨᠳᠥᠷ ᠬᠦᠢᠲᠡᠨ

ᠠᠭᠤᠯᠠᠷᠬᠠᠭ ᠣᠷᠣᠨ ᠤ ᠲᠠᠷᠢᠶᠠᠯᠠᠩ ᠤᠨ ᠬᠡᠪ ᠵᠠᠭᠪᠤᠷ ᠤᠨ ᠵᠢᠱᠢᠶ᠎ᠡ ᠦᠵᠡᠭᠦᠯᠬᠦ᠂ ᠦᠷ᠎ᠡ ᠪᠦᠲᠦᠭᠡᠯ ᠤᠨ

ᠦᠵᠡᠭᠦᠯᠦᠯᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠯ ᠪᠠ ᠲᠣᠭᠤᠷᠢᠨ ᠦᠵᠡᠬᠦ ᠵᠤᠭᠠᠴᠠᠯ ᠢ ᠨᠢᠭᠡ

ᠴᠣᠭᠴᠠᠵᠢᠭᠤᠯᠤᠭᠰᠠᠨ ᠲᠥᠬᠦᠭᠡᠷᠦᠮᠵᠢᠲᠦ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ

ᠪᠠᠶᠢᠭᠤᠯᠵᠤ᠂ ᠨᠡᠷᠡᠨ ᠤ ᠭᠡᠷᠡᠯ ᠤᠨ ᠬᠦᠯᠡᠮᠵᠢ᠂ ᠲᠥᠬᠦᠭᠡᠷᠦᠮᠵᠢᠲᠦ ᠲᠡᠵᠢᠭᠡᠨ ᠦᠷᠡᠵᠢᠭᠦᠯᠬᠦ ᠵᠡᠷᠭᠡ ᠨᠡᠮᠡᠯᠲᠡ

ᠦᠷᠳᠡᠭ ᠢᠶᠠᠷ ᠥᠨᠳᠥᠷ᠂ ᠦᠷ᠎ᠡ ᠠᠰᠢᠭ ᠢᠶᠠᠷ ᠰᠠᠶᠢᠨ ᠲᠥᠬᠦᠭᠡᠷᠦᠮᠵᠢᠲᠦ ᠲᠠᠷᠢᠶᠠᠯᠠᠩ ᠢ ᠶᠡᠬᠡᠪᠡᠷ ᠬᠥᠭᠵᠢᠭᠦᠯᠵᠦ᠂  

ᠬᠦᠯᠡᠮᠵᠢ ᠶᠢ ᠦᠨᠡᠨᠬᠦ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ︽ᠡᠷᠳᠡᠨᠢ ᠶᠢᠨ

ᠬᠦᠯᠡᠮᠵᠢ︾ ᠪᠣᠯᠭᠠᠨ᠎ᠠ᠃ ᠣᠲᠣ ᠪᠣᠯᠲᠠᠯ᠎ᠠ᠂ ᠬᠤᠥᠯᠢᠨ ᠭᠤᠣᠯ ᠬᠤᠲᠠ ᠶᠢᠨ ᠪᠠᠷᠠᠭᠤᠨ ᠪᠤᠷᠭᠠᠰᠤᠳᠠᠢ ᠭᠠᠴᠠᠭ᠎ᠠ ᠳᠤ

ᠨᠢᠭᠡᠨᠲᠡ 660 ᠢᠳᠡᠰᠢᠨ ᠨᠣᠭᠤᠭᠠᠨ ᠤ ᠬᠦᠯᠡᠮᠵᠢ᠂ ᠲᠣᠮᠣ ᠫᠧᠩ ᠪᠠᠶᠢᠭᠤᠯᠵᠤ᠂ ᠡᠭᠦᠨ ᠳᠤ ᠲᠠᠷᠢᠶᠠᠯᠠᠩ ᠤᠨ

ᠬᠤᠷᠰᠢᠶ᠎ᠠ 2᠂ ᠲᠠᠷᠢᠶᠠᠴᠢᠨ ᠠᠶᠢᠯ ᠤᠨ ᠵᠢᠭᠤᠯᠴᠢᠯᠠᠯ 20᠂ ᠵᠢᠮᠢᠰ ᠲᠡᠭᠦᠬᠦ ᠬᠦᠷᠢᠶᠡᠯᠡᠩ 40᠂ ᠠᠷᠠᠳ ᠤᠨ

ᠰᠠᠭᠤᠴᠠ ᠶᠢᠨ ᠶᠡᠷᠦᠩᠬᠡᠶᠢᠯᠡᠭᠰᠡᠨ ᠴᠣᠭᠴᠠ 9 ᠪᠣᠶ᠂ 2023 ᠣᠨ ᠳᠤ ᠪᠠᠷᠠᠭᠤᠨ  ᠪᠤᠷᠭᠠᠰᠤᠳᠠᠢ ᠭᠠᠴᠠᠭ᠎ᠠ ᠶᠢᠨ

ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ 50 ᠲᠦᠮᠡᠨ ᠲᠥᠭᠦᠷᠢᠭ ᠢ ᠳᠠᠪᠠᠵᠤ᠂ ᠭᠠᠴᠠᠭ᠎ᠠ ᠲᠣᠰᠬᠤᠨ ᠤ

ᠬᠠᠮᠲᠤ ᠶᠢᠨ ᠠᠵᠤ ᠠᠬᠤᠢ ᠪᠠ ᠲᠣᠰᠬᠤᠨ ᠤ ᠠᠷᠠᠳ ᠤᠨ ᠣᠷᠣᠯᠭ᠎ᠠ ᠶᠢᠨ ᠬᠤᠣᠰ ᠨᠡᠮᠡᠭᠳᠡᠯ ᠢ ᠪᠡᠶᠡᠯᠡᠭᠦᠯᠪᠡ᠃

︽ᠪᠠᠷᠠᠭᠤᠨ ᠪᠤᠷᠭᠠᠰᠤᠳᠠᠢ ᠭᠠᠴᠠᠭ᠎ᠠ ᠨᠢ ᠲᠣᠥᠷᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠲᠤ ᠲᠦᠰᠢᠭᠯᠡᠨ᠂

ᠦᠢᠯᠡᠴᠢᠯᠡᠭᠡᠨ ᠤ ᠴᠣᠩᠬᠤ ᠪᠠᠨ ᠲᠣᠰᠬᠤᠨ ᠤ ᠠᠷᠠᠳ ᠤᠨ ᠡᠭᠦᠳᠡᠨ ᠳᠤ ᠰᠢᠯᠵᠢᠭᠦᠯᠵᠦ᠂ ᠨᠢᠭᠡᠳᠦᠭᠡᠷ ᠹᠷᠣᠨᠲ ᠲᠤ

ᠭᠦᠨᠵᠡᠭᠡᠶᠢᠷᠡᠨ ᠲᠣᠰᠬᠤᠨ ᠳᠤ ᠬᠦᠷᠴᠦ ᠡᠷᠦᠬᠡ ᠬᠤᠯᠪᠣᠭᠠᠯᠠᠵᠤ᠂ ᠲᠣᠰᠬᠤᠨ ᠤ ᠠᠷᠠᠳ ᠲᠠᠢ ᠰᠣᠯᠢᠯᠴᠠᠬᠤ ᠪᠠᠷ

ᠳᠡᠮᠵᠢᠨ ᠲᠡᠳᠡᠨ ᠤ ᠬᠦᠰᠡᠯ ᠡᠷᠡᠮᠡᠯᠵᠡᠯ ᠪᠠ ᠪᠤᠳᠤᠯ ᠰᠠᠨᠠᠯ ᠢ ᠣᠶᠢᠯᠠᠭᠠᠵᠤ᠂ ᠲᠡᠳᠡᠨ ᠢ ᠬᠠᠪᠰᠤᠷᠤᠨ ᠲᠣᠰ

ᠪᠡᠶ᠎ᠡ ᠶᠢᠨ ᠨᠥᠬᠦᠴᠡᠯ ᠪᠠ ᠣᠨᠴᠠᠯᠢᠭ ᠲᠤ ᠲᠣᠬᠢᠷᠠᠬᠤ ᠪᠠᠶᠠᠵᠢᠬᠤ ᠴᠢᠭᠯᠡᠯ ᠢ ᠡᠷᠢᠨ ᠣᠯᠵᠤ᠂ ᠲᠡᠳᠡᠨ ᠳᠤ ᠦᠨᠡᠨ ᠬᠦ

ᠴᠢᠨᠠᠷ ᠰᠠᠶᠢᠲᠠᠢ᠂ ᠳᠥᠭᠦᠮ ᠳᠥᠲᠡ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ ᠬᠡᠷᠡᠭᠲᠡᠢ᠃

ᠳᠠᠷᠠᠭᠠᠴᠢ ᠶᠢᠨ ᠠᠯᠬᠤᠮ ᠳᠤ᠂ ᠪᠠᠷᠠᠭᠤᠨ ᠪᠤᠷᠭᠠᠰᠤᠳᠠᠢ ᠭᠠᠴᠠᠭ᠎ᠠ ᠬᠥᠳᠡᠭᠡ ᠲᠣᠰᠬᠤᠨ ᠤ ᠠᠵᠤ ᠦᠢᠯᠡᠰ ᠢ ᠲᠦᠷᠭᠡᠨ

ᠬᠥᠭᠵᠢᠭᠦᠯᠵᠦ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠪᠤᠵᠠᠭᠠᠶᠢᠷᠠᠭᠤᠯᠵᠤ᠂ ᠲᠣᠰᠬᠤᠨ ᠤ ᠠᠷᠠᠳ ᠤᠨ

ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ

ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠠᠰᠤᠷᠠᠯᠳᠡ ᠦᠭᠡᠢ ᠪᠣᠳᠠᠲᠤ ᠠᠬᠢᠴᠠ᠂ ᠱᠠᠲᠤᠴᠢ ᠴᠢᠨᠠᠷᠲᠠᠢ ᠦᠷ᠎ᠡ

ᠪᠦᠲᠦᠭᠡᠯ ᠣᠯᠬᠤ ᠪᠠᠷ ᠪᠠᠶᠢᠨ᠎ᠠ︾ᠭᠡᠵᠦ ᠪᠠᠷᠠᠭᠤᠨ ᠪᠤᠷᠭᠠᠰᠤᠳᠠᠢ ᠭᠠᠴᠠᠭ᠎ᠠ ᠶᠢᠨ ᠨᠢᠭᠡᠳᠦᠭᠡᠷ ᠱᠦᠵᠢ ᠬᠦᠩ ᠪᠢᠩ ᠶᠠᠨ

ᠬᠡᠯᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号