ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠨ᠎ᠠ  — ᠬᠤᠤ ᠯᠢᠨ ᠨᠡᠶᠢᠭᠡᠮ ᠲᠣᠭᠤᠷᠢᠭ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ ᠪᠣᠳᠠᠲᠤ ᠶᠠᠪᠤᠳᠠᠯ ᠬᠢᠵᠦ ᠠᠷᠠᠳ ᠤᠨ ᠲᠥᠯᠥᠭᠡ ᠵᠣᠪᠠᠭᠤᠷᠢ ᠵᠦᠳᠡᠭᠦᠷᠢ ᠶᠢ ᠠᠷᠢᠯᠭᠠᠵᠤ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/3/27
    ︽ᠲᠠ ᠨᠠᠷ ᠲᠤ ᠦᠨᠡᠬᠡᠷ ᠲᠠᠯᠠᠷᠬᠠᠵᠤ ᠪᠠᠶᠢᠨ᠎ᠠ᠂ ᠡᠩ ᠤᠨ ᠴᠠᠭ ᠲᠠᠭᠠᠨ ᠪᠢᠳᠡᠨ   ᠢ ᠶᠡᠭᠡ ᠬᠠᠷᠠᠭᠠᠯᠵᠠᠳᠠᠭ᠂ ᠣᠳᠣ ᠪᠠᠰᠠ ᠨᠠᠳᠠ ᠡᠶᠢᠮᠦ ᠨᠢᠭᠡᠨ ᠲᠣᠬᠢᠷᠠᠮᠵᠢᠲᠠᠢ ᠠᠵᠢᠯ   ᠢ ᠲᠠᠨᠢᠯᠴᠠᠭᠤᠯᠵᠤ ᠪᠠᠶᠢᠨ᠎ᠠ᠂ ᠨᠡᠶᠢᠭᠡᠮ ᠲᠣᠭᠤᠷᠢᠭ ᠤᠨ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ ᡽︾ ᠭᠡᠵᠦ ᠶᠠᠳᠠᠭᠤ ᠬᠦᠴᠢᠷᠳᠡᠯᠲᠡᠢ ᠭᠡᠷ ᠪᠦᠯᠢ ᠶᠢᠨ ᠰᠠᠭᠤᠭᠠᠯᠢ ᠠᠷᠠᠳ ᠯᠢ ᠰᠢ ᠮᠢᠩ ᠰᠡᠳᠬᠢᠯ ᠳᠣᠭᠳᠣᠯᠤᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠤ ᠭᠠᠷ ᠢ ᠠᠳᠬᠤᠨ ᠬᠡᠯᠡᠪᠡ᠃  ︽ᠨᠠᠮ ᠤᠨ ᠠᠴᠢ ᠲᠤᠰᠠ   ᠶᠢ ᠮᠡᠳᠡᠷᠡᠵᠦ᠂ ᠨᠠᠮ ᠤᠨ ᠦᠭᠡ   ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ   ᠶᠢᠨ ᠠᠵᠢᠯᠯᠠᠭ᠎ᠠ   ᠶᠢ ᠥᠷᠨᠢᠭᠦᠯᠦᠭᠰᠡᠨ ᠠᠴᠠ ᠨᠠᠰᠢ ᠬᠤᠤ ᠯᠢᠨ ᠨᠡᠶᠢᠭᠡᠮ ᠲᠣᠭᠤᠷᠢᠭ ᠤᠨ ᠬᠢᠨ ᠣᠯᠠᠨ ᠲᠦᠮᠡᠨ ᠤ ᠪᠠᠴᠢᠮᠳᠠᠵᠤ ᠵᠣᠪᠠᠭ᠋ᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ︽ᠳᠣᠲᠣᠨᠣ ᠬᠥᠮᠥᠨ︾ ᠢ ᠰᠠᠶᠢᠲᠤᠷ ᠬᠢᠬᠦ ᠳᠡᠭᠡᠷ᠎ᠡ ᠬᠦᠴᠦ ᠲᠠᠯᠪᠢᠵᠤ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ᠪᠣᠳᠠᠲᠠᠢ ᠠᠷᠭ᠎ᠠ ᠭᠠᠷᠭᠠᠵᠤ᠂ ︽ᠠᠷᠠᠳ   ᠢ ᠰᠤᠷᠪᠤᠯᠵᠢᠯᠠᠵᠤ ᠬᠠᠯᠠᠭᠤᠨ ᠳᠤᠯᠠᠭᠠᠨ   ᠢ ᠨᠢ ᠠᠰᠠᠭᠤᠬᠤ︾ ᠠᠵᠢᠯᠯᠠᠭ᠎ᠠ   ᠶᠢ ᠯᠠᠪᠳᠠᠭᠤᠨ ᠢᠶᠠᠷ ᠠᠬᠢᠭᠤᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡ   ᠶᠢ ᠨᠡᠩ ᠳᠣᠲᠣᠨᠣ᠂ ᠨᠡᠩ ᠥᠨᠳᠥᠷ ᠪᠦᠲᠦᠮᠵᠢᠲᠡᠶ ᠪᠣᠯᠭᠠᠵᠤ᠂ ᠣᠯᠠᠨ ᠲᠦᠮᠡᠨ ᠢ ᠨᠡᠩ ᠲᠠᠭᠠᠯᠠᠮᠵᠢᠲᠠᠢ᠂ ᠨᠡᠩ ᠬᠠᠨᠤᠮᠵᠢᠲᠠᠶ ᠪᠣᠯᠭᠠᠵᠠᠢ᠃

  ︽ᠭᠦᠨᠵᠡᠭᠡᠶᠢᠷᠡᠬᠦ ᠠᠵᠢᠯ ᠬᠢᠪᠡ︾

  ᠡᠷᠦᠬᠡ ᠳᠤ ᠬᠦᠷᠴᠦ ᠠᠰᠠᠭᠤᠳᠠᠯ ᠢ ᠰᠤᠷᠪᠤᠯᠵᠢᠯᠠᠨ ᠪᠠᠶᠢᠴᠠᠭᠠᠵᠤ᠂ ᠬᠦᠴᠢᠷ ᠠᠰᠠᠭᠤᠳᠠᠯ ᠢ ᠰᠢᠢᠳᠪᠦᠷᠢᠯᠡᠪᠡ᠃

ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠭᠤᠯᠭ᠎ᠠ᠂ ᠰᠤᠷᠲᠠᠯ ᠤᠨ ᠪᠠᠶᠢᠭᠤᠯᠤᠯᠲᠠ᠂ ᠵᠠᠬᠢᠳᠠᠯ ᠰᠣᠷᠪᠤᠯᠵᠢᠯᠠᠭ᠎ᠠ ᠶᠢ

ᠬᠦᠯᠢᠶᠡᠨ ᠠᠪᠬᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠭᠤᠣᠯᠯᠠᠭᠤᠯᠤᠨ ᠡᠷᠦᠬᠡ ᠳᠤ

ᠬᠦᠷᠴᠦ ᠰᠤᠷᠪᠤᠯᠵᠢᠯᠠᠬᠤ ᠶᠢ ᠥᠷᠨᠢᠭᠦᠯᠵᠦ᠂ ᠨᠠᠮ ᠤᠨ ᠭᠡᠰᠢᠭᠦᠳ ᠲᠠᠢ ᠨᠢᠭᠤᠷᠳᠠᠨ ᠶᠠᠷᠢᠯᠴᠠᠵᠤ᠂ ᠤᠯᠠᠨ ᠲᠦᠮᠡᠨ ᠲᠠᠢ

ᠰᠡᠳᠬᠢᠯ ᠢᠶᠠᠨ ᠰᠣᠯᠢᠯᠴᠠᠵᠤ᠂ ᠠᠰᠠᠭᠤᠳᠠᠯ ᠢ ᠪᠠᠶᠢᠴᠠᠭᠠᠨ ᠳᠡᠯᠭᠡᠵᠦ᠂ ᠰᠠᠨᠠᠯ ᠬᠤᠷᠢᠶᠠᠵᠤ᠂ ᠵᠤᠷᠪᠤᠰ ᠳᠠᠷᠠᠭᠠᠯᠠᠨ

ᠡᠮᠬᠢᠯᠡᠨ ᠲᠢᠭᠯᠡᠵᠦ᠂ ᠵᠤᠷᠪᠤᠰ ᠳᠠᠷᠠᠭᠠᠯᠠᠨ ᠵᠠᠳᠠᠯᠵᠤ᠂ ᠦᠨᠳᠦᠰᠦ ᠰᠤᠷᠪᠤᠯᠵᠢ ᠶᠢ ᠨᠢ ᠡᠷᠢᠵᠦ᠂

ᠨᠠᠶᠢᠳᠠᠪᠤᠷᠢᠵᠢᠭᠤᠯᠤᠯᠲᠠ ᠶᠢ ᠠᠳᠬᠤᠪᠠ᠃ ᠰᠤᠷᠪᠤᠯᠵᠢᠯᠠᠬᠤ ᠶᠠᠪᠤᠴᠠ ᠳᠤ᠂ ᠠᠵᠢᠯᠲᠠᠳ ᠣᠯᠠᠨ ᠲᠦᠮᠡᠨ ᠤ

ᠲᠤᠰᠬᠠᠭᠰᠠᠨ ᠢᠶᠠᠷ᠂ ᠰᠢᠨ ᠯᠦᠩ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠠᠰᠠᠷ ᠲᠠᠭᠲᠤ   ᠶᠢᠨ

ᠬᠦᠷᠢᠶᠡᠨ ᠤ ᠳᠣᠲᠣᠷ᠎ᠠ ᠢᠪᠴᠤᠤ ᠴᠢᠬᠤᠯ ᠪᠠᠶᠢᠬᠤ ᠪᠠᠷ ᠪᠠᠷᠠᠬᠤ ᠦᠭᠡᠢ᠂ ᠦᠷᠭᠦᠯᠵᠢ ᠮᠠᠰᠢᠨᠲᠤ ᠲᠡᠷᠭᠡ

ᠳᠤᠷ᠎ᠠ ᠪᠠᠷ ᠢᠶᠠᠨ ᠵᠣᠭᠰᠣᠬᠤ ᠪᠠᠶᠢᠳᠠᠯ ᠣᠷᠣᠰᠢᠵᠤ᠂ ᠰᠠᠭᠤᠭᠠᠯᠢ ᠠᠷᠠᠳ ᠤᠨ ᠡᠳᠦᠷ ᠲᠤᠲᠤᠮ ᠤᠨ ᠶᠠᠪᠤᠵᠤ

ᠰᠠᠭᠤᠬᠤ ᠠᠮᠤᠷ ᠲᠦᠪᠰᠢᠨ   ᠢ ᠪᠠᠲᠤᠯᠠᠬᠤ ᠳᠤ ᠪᠡᠷᠬᠡ ᠪᠠᠶᠢᠨ᠎ᠠ᠂ ᠨᠡᠶᠢᠭᠡᠮ ᠲᠣᠭᠤᠷᠢᠭ ᠤᠨ ᠬᠢᠨ ᠬᠠᠪᠰᠤᠷᠴᠤ

ᠰᠢᠢᠳᠪᠦᠷᠢᠯᠡᠬᠦ   ᠶᠢ ᠬᠦᠰᠡᠵᠦ ᠪᠠᠶᠢᠨ᠎ᠠ᠃ ᠨᠡᠶᠢᠭᠡᠮ ᠲᠣᠭᠤᠷᠢᠭ ᠲᠤ ᠵᠥᠪᠯᠡᠯᠭᠡᠨ ᠤ ᠬᠤᠷᠠᠯ ᠢ ᠬᠤᠷᠠᠯᠳᠤᠭᠤᠯᠵᠤ᠂

ᠥᠮᠴᠢᠲᠡᠨ ᠤ ᠭᠡᠰᠢᠭᠦᠨ᠂ ᠰᠠᠭᠤᠭᠠᠯᠢ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ︽ᠬᠡᠷᠡᠭ ᠶᠠᠷᠢᠭᠤᠯᠵᠤ᠂

ᠬᠡᠷᠡᠭ ᠵᠥᠪᠯᠡᠭᠦᠯᠦᠨ᠎ᠡ︾ ᠭᠡᠵᠦ ᠲᠣᠭᠲᠠᠭᠠᠵᠠᠢ᠃ 2023 ᠣᠨ ᠤ 9 ᠰᠠᠷ᠎ᠠ ᠶᠢᠨ ᠰᠡᠭᠦᠯᠴᠢ ᠠᠴᠠ ᠡᠮᠦᠨ᠎ᠡ᠂ ᠨᠡᠶᠢᠭᠡᠮ

ᠲᠣᠭᠤᠷᠢᠭ ᠤᠨ ᠬᠢᠨ︽ᠬᠤᠪᠢᠰᠬᠠᠯ ᠤᠨ ᠠᠳᠠᠯ ᠠᠬᠤᠢ︾ ᠶᠢᠨ ᠬᠠᠮᠲᠤᠷᠠᠭᠰᠠᠨ ᠨᠠᠮ ᠤᠨ ᠡᠭᠦᠷ ᠤᠨ ᠪᠦᠷᠢᠯᠳᠦᠭᠦᠨ ᠢ

ᠵᠣᠬᠢᠶᠠᠨ ᠪᠠᠶᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠲᠤ ᠲᠡᠷᠭᠡ ᠵᠣᠭᠰᠤᠭᠠᠬᠤ ᠪᠠᠶᠢᠷᠢ ᠶᠢ ᠵᠣᠬᠢᠰᠲᠠᠢ

ᠲᠥᠯᠥᠪᠵᠢᠭᠦᠯᠵᠦ᠂ ᠰᠡᠭᠦᠳᠡᠷᠯᠡᠬᠦ ᠮᠠᠰᠢᠨ ᠤᠭᠰᠠᠷᠠᠵᠤ᠂ ᠶᠠᠪᠤᠵᠤ ᠰᠠᠭᠤᠬᠤ ᠳᠤ ᠬᠦᠴᠢᠷ ᠠᠰᠠᠭᠤᠳᠠᠯ ᠢ

ᠰᠢᠢᠳᠪᠦᠷᠢᠯᠡᠵᠦ᠂ ᠵᠥᠷᠢᠴᠡᠯ ᠢ ᠦᠨᠳᠦᠰᠦᠨ ᠱᠠᠲᠤᠨ ᠳᠤ ᠨᠠᠮᠳᠠᠭᠤᠯᠵᠤ᠂ ᠰᠣᠶᠣᠭᠠᠯᠠᠯ ᠳᠤᠨᠢ ᠨᠠᠮᠳᠠᠭᠤᠯᠵᠤ᠂ ᠪᠣᠳᠠᠲᠤ

ᠠᠵᠢᠯᠯᠠᠭ᠎ᠠ ᠪᠠᠷ ᠢᠶᠠᠨ ᠤᠯᠠᠨ ᠡᠰᠢᠲᠦ ᠴᠢᠳᠠᠮᠠᠭᠠᠢ ᠵᠠᠰᠠᠯᠲᠠ ᠶᠢᠨ ᠰᠢᠨ᠎ᠡ ᠪᠠᠶᠢᠳᠠᠯ ᠢ ᠦᠢᠯᠡᠳᠦᠯᠭᠡᠵᠢᠭᠦᠯᠵᠡᠢ᠃

   ︽ᠰᠡᠳᠬᠢᠯ ᠵᠢᠷᠦᠬᠡᠨ ᠳᠡᠭᠡᠨ ᠪᠤᠳᠤᠬᠤ ᠠᠵᠢᠯ ᠢ ᠬᠢᠪᠡ︾

    ᠣᠯᠠᠨ ᠲᠦᠮᠡᠨ ᠤ ᠶᠠᠷᠰᠢᠭ ᠲᠠᠢ ᠶᠠᠪᠤᠳᠠᠯ᠂ ᠪᠤᠬᠢᠨᠢᠳᠤᠯ ᠲᠠᠢ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠎ᠡ

᠃ ᠢᠮᠠᠭᠲᠠ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠪᠠᠷ ᠭᠠᠷᠳᠠᠴᠠ ᠪᠣᠯᠭᠠᠵᠤ᠂ ᠪᠦᠬᠦ

ᠠᠵᠢᠯᠲᠠᠳ ᠢ ᠤᠯᠠᠨ ᠲᠦᠮᠡᠨ ᠤ ᠳᠤᠮᠳᠠ ᠬᠦᠷᠴᠦ ᠬᠦᠰᠡᠯ ᠱᠠᠭᠠᠷᠳᠠᠯᠭ᠎ᠠ ᠶᠢ ᠰᠣᠨᠣᠰᠴᠤ᠂ ᠤᠯᠠᠨ ᠲᠦᠮᠡᠨ ᠤ

ᠰᠡᠳᠬᠢᠯ ᠵᠣᠪᠠᠭ᠋ᠤ ᠶᠠᠪᠤᠳᠠᠯ᠂ ᠰᠡᠳᠬᠢᠯ ᠲᠠᠯᠪᠢᠬᠤ ᠶᠠᠪᠤᠳᠠᠯ᠂ ᠰᠡᠳᠬᠢᠯ ᠤᠨᠠᠬᠤ ᠶᠠᠪᠤᠳᠠᠯ ᠢ ᠨᠠᠷᠢᠨ ᠬᠢᠨᠠᠮᠠᠭᠠᠢ

ᠡᠮᠬᠢᠯᠡᠵᠦ᠂ ᠤᠯᠠᠨ ᠲᠦᠮᠡᠨ ᠤ ᠬᠠᠮᠤᠭ ᠠᠴᠠ ᠪᠠᠴᠢᠮᠳᠠᠵᠤ ᠬᠠᠮᠤᠭ ᠠᠴᠠ ᠵᠣᠪᠠᠵᠤ ᠬᠠᠮᠤᠭ ᠠᠴᠠ ᠬᠦᠰᠡᠵᠦ ᠪᠠᠶᠢᠭ᠎ᠠ

ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠬᠤ ᠬᠡᠷᠡᠭᠲᠡᠢ ᠭᠡᠵᠦ ᠱᠠᠭᠠᠷᠳᠠᠪᠠ᠃ 2024 ᠣᠨ ᠳᠤ ᠬᠤᠲᠠ

ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ

ᠡᠬᠢᠯᠡᠭᠰᠡᠨ ᠠᠴᠠ ᠨᠡᠶᠢᠭᠡᠮ ᠲᠣᠭᠤᠷᠢᠭ ᠤᠨ ᠬᠢᠨ ᠨᠠᠰᠤ ᠠᠬᠢᠭᠰᠠᠨ ᠨᠠᠰᠤᠲᠠᠶᠢᠴᠤᠳ᠂ ᠬᠥᠳᠡᠯᠵᠦ ᠪᠠᠷᠢᠬᠤ ᠳᠤ

ᠳᠥᠭᠦᠮ ᠦᠭᠡᠢ ᠵᠡᠮᠳᠡᠭᠴᠦᠳ᠂ ᠣᠶᠤᠨᠯᠢᠭ ᠭᠠᠷ ᠤᠲᠠᠰᠤ ᠬᠡᠷᠡᠭᠯᠡᠵᠦ ᠴᠢᠳᠠᠬᠤ ᠦᠭᠡᠢ ᠣᠯᠠᠨ ᠲᠦᠮᠡᠨ ᠳᠤ

ᠴᠢᠭᠯᠡᠭᠦᠯᠦᠨ᠂ ᠠᠵᠢᠯᠲᠠᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠰᠠᠭᠤᠭᠠᠯᠢ ᠠᠷᠠᠳ ᠤᠨ ᠭᠡᠷ ᠲᠤ

ᠭᠦᠨᠵᠡᠭᠡᠶᠢᠷᠡᠭᠦᠯᠦᠨ ᠨᠢᠭᠡ ᠳᠤ ᠨᠢᠭᠡ ᠶᠢ ᠲᠠᠭᠠᠷᠠᠭᠤᠯᠵᠤ᠂ ᠭᠠᠷ ᠢᠶᠠᠷ ᠢᠶᠠᠨ ᠣᠷᠣᠯᠠᠨ ᠲᠤᠰᠢᠶᠠᠬᠤ ᠦᠢᠯᠡᠴᠢᠯᠡᠭᠡ ᠶᠢ

ᠥᠷᠨᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠶᠠᠷᠰᠢᠭ ᠲᠦᠪᠡᠭᠲᠡᠢ ᠪᠣᠯᠭᠠᠵᠤ᠂

ᠠᠷᠠᠳ ᠣᠯᠠᠨ ᠤ ᠰᠡᠳᠬᠢᠯ ᠳᠤ ᠬᠠᠳᠠᠩᠰᠢᠭᠤᠯᠤᠨ᠂ ᠥᠷᠭᠡᠨ ᠣᠯᠠᠨ ᠲᠦᠮᠡᠨ ᠳᠤ ᠡᠮ ᠡᠮᠨᠡᠯᠭᠡ ᠶᠢᠨ

ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠨᠠᠩ ᠰᠠᠶᠢᠨ ᠣᠶᠢᠯᠠᠭᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ

ᠲᠥᠷᠥ ᠶᠢᠨ ᠪᠣᠳᠣᠯᠭ᠎ᠠ ᠶᠢ ᠡᠵᠡᠮᠰᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ

ᠴᠢᠳᠠᠮᠠᠭᠠᠢ ᠬᠡᠷᠡᠭᠯᠡᠭᠦᠯᠵᠦ᠂ ᠣᠯᠠᠨ ᠲᠦᠮᠡᠨ ᠳᠤ ᠦᠨᠡᠨ ᠪᠣᠳᠠᠲᠠᠢ ᠪᠣᠳᠠᠲᠤ ᠠᠰᠢᠭ ᠬᠦᠷᠲᠡᠭᠡᠵᠦ᠂ ᠭᠤᠣᠯ

ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠶᠢ ᠮᠡᠳᠡᠷᠡᠭᠦᠯᠬᠦ ᠬᠡᠷᠡᠭᠲᠡᠢ᠃ ᠣᠲᠣ ᠪᠣᠯᠲᠠᠯ᠎ᠠ᠂

ᠨᠡᠶᠢᠭᠡᠮ ᠲᠣᠭᠤᠷᠢᠭ ᠤᠨ ᠬᠢᠨ 658 ᠡᠮ ᠡᠮᠨᠡᠯᠭᠡ ᠶᠢᠨ ᠳᠠᠭᠠᠳᠬᠠᠯ ᠢ ᠰᠢᠨ᠎ᠡ ᠪᠠᠷ ᠲᠤᠰᠢᠶᠠᠵᠤ᠂ ᠡᠭᠦᠨ ᠤ

ᠳᠣᠲᠣᠷ᠎ᠠ ᠨᠡᠶᠢᠭᠡᠮ ᠲᠣᠭᠤᠷᠢᠭ ᠤᠨ ᠬᠢᠨ 70 ᠡᠮ ᠡᠮᠨᠡᠯᠭᠡ ᠶᠢᠨ ᠳᠠᠭᠠᠳᠬᠠᠯ ᠢ ᠣᠷᠣᠯᠠᠨ ᠲᠤᠰᠢᠶᠠᠵᠤ ᠥᠭᠭᠦᠭᠰᠡᠨ

ᠪᠠᠶᠢᠨ᠎ᠠ᠃

   ︽ᠪᠣᠳᠠᠲᠠᠢ ᠪᠠᠷ ᠤᠷᠤᠭᠰᠢᠯᠠᠬᠤ ᠠᠵᠢᠯ ᠢ ᠬᠢᠪᠡ︾

   ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠤᠯᠲᠠ ᠶᠢᠨ ᠠᠵᠢᠯ ᠳᠤ ᠬᠠᠲᠠᠭᠤ ᠶᠢ ᠬᠦᠨᠳᠡᠵᠤ᠂ ᠪᠣᠳᠠᠲᠤ ᠦᠷ᠎ᠡ

ᠪᠦᠲᠦᠮᠵᠢ ᠣᠯᠪᠠ᠃ ᠭᠠᠷᠠᠭ ᠪᠦᠷᠢ ᠠᠰᠠᠭᠤᠳᠠᠯ ᠢ ᠴᠤᠭᠯᠠᠭᠤᠯᠤᠨ ᠬᠤᠷᠢᠶᠠᠩᠭᠤᠶᠢᠯᠠᠵᠤ᠂ ᠠᠰᠠᠭᠤᠳᠠᠯ ᠤᠨ ᠨᠠᠷᠢᠨ

ᠲᠠᠩᠰᠠ ᠭᠠᠷᠭᠠᠵᠤ᠂ ᠡᠬᠡ ᠲᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠴᠡᠭᠴᠡᠯᠡᠨ ᠰᠠᠶᠢᠵᠢᠷᠠᠭᠤᠯᠬᠤ ᠠᠷᠭ᠎ᠠ

ᠬᠡᠮᠵᠢᠶ᠎ᠡ ᠪᠠ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠡᠭᠴᠡᠯᠡᠨ

ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠤᠨ᠎ᠠ᠃ ᠠᠷᠠᠳ ᠤᠨ ᠰᠠᠨᠠᠯ ᠢ ᠰᠣᠨᠣᠰᠴᠤ᠂

ᠠᠷᠠᠳ ᠤᠨ ᠠᠮᠢᠳᠤᠷᠠᠯ ᠢ ᠨᠠᠭᠠᠯᠳᠤᠭᠤᠯᠤᠨ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠵᠦ᠂ ᠠᠷᠠᠳ ᠤᠨ

ᠵᠣᠪᠠᠨᠢᠯ ᠢ ᠰᠢᠢᠳᠪᠦᠷᠢᠯᠡᠬᠦ ᠶᠢᠨ ᠲᠥᠯᠥᠭᠡ᠂ ᠨᠡᠶᠢᠭᠡᠮ ᠲᠣᠭᠤᠷᠢᠭ ᠤᠨ ᠨᠠᠮ ᠤᠨ ᠡᠭᠦᠷ 12345 ᠬᠤᠲᠠ ᠶᠢᠨ

ᠳᠠᠷᠤᠭ᠎ᠠ ᠶᠢᠨ ᠬᠠᠯᠠᠭᠤᠨ ᠤᠲᠠᠰᠤ᠂ ᠰᠦᠯᠵᠢᠶᠡᠨ ᠤ ᠪᠦᠯᠦᠭᠯᠡᠯ᠂ ︽ᠤᠢ︾  ᠶᠢᠨ ᠵᠥᠪᠯᠡᠯ ᠢᠶᠠᠷ ᠰᠠᠭᠤᠷᠢ

ᠪᠣᠯᠭᠠᠵᠤ᠂ ᠠᠰᠠᠭᠤᠳᠠᠯ ᠤᠨ ᠲᠠᠩᠰᠠ ᠡᠪᠬᠡᠮᠡᠯ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠲᠥᠷᠥᠯ ᠤᠨ

ᠦᠢᠯᠡᠴᠢᠯᠡᠭᠡᠨ ᠤ ᠬᠠᠯᠠᠮᠰᠢᠯ ᠤᠲᠠᠰᠤ ᠶᠢ ᠰᠢᠢᠳᠪᠦᠷᠢᠯᠡᠨ᠂ ᠰᠠᠭᠤᠭᠠᠯᠢ ᠠᠷᠠᠳ ᠤᠨ ᠰᠠᠨᠠᠯ ᠰᠠᠨᠠᠭᠤᠯᠭ᠎ᠠ ᠶᠢ

ᠭᠥᠯᠢᠶᠡᠨ ᠠᠪᠴᠤ ᠰᠢᠢᠳᠪᠦᠷᠢᠯᠡᠨ᠂ ︽ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠳᠦᠷᠢᠮ︾ ᠢᠶᠠᠷ ᠳᠠᠮᠵᠢᠭᠤᠯᠤᠨ

ᠪᠥᠬᠦ ᠶᠠᠪᠤᠴᠠ ᠪᠠᠷ ᠰᠢᠢᠳᠪᠦᠷᠢᠯᠡᠬᠦ ᠳᠤ ᠣᠷᠣᠯᠴᠠᠵᠤ᠂ ᠣᠯᠠᠨ ᠲᠦᠮᠡᠨ ᠤ ᠰᠡᠳᠬᠢᠯ ᠤᠨ ᠳᠠᠭᠤᠨ ᠢ ᠰᠣᠨᠣᠰᠴᠤ᠂

ᠣᠯᠠᠨ ᠲᠦᠮᠡᠨ ᠤ ᠲᠤᠯᠭᠠᠨ ᠠᠰᠠᠭᠤᠭᠰᠠᠨ ᠢ ᠬᠠᠷᠢᠭᠤᠯᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ

ᠰᠢᠢᠳᠪᠦᠷᠢᠯᠡᠨ᠂ ᠴᠠᠭ ᠢᠮᠠᠭᠲᠠ ᠭᠠᠵᠠᠷ ᠪᠣᠯᠭᠠᠨ ᠳᠤ ︽ᠣᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠤ᠂

ᠣᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ︾᠂ ᠠᠷᠠᠳ ᠲᠦᠮᠡᠨ ᠳᠤ ᠦᠢᠯᠡᠴᠢᠯᠡᠬᠦ ︽

ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ᠣᠲᠣ ᠪᠣᠯᠲᠠᠯ᠎ᠠ᠂ ᠬᠠᠷᠢᠶᠠᠲᠤ ᠣᠷᠣᠨ ᠤ ᠰᠠᠭᠤᠭᠠᠯᠢ

ᠠᠷᠠᠳ ᠢ ᠴᠤᠭᠯᠠᠭᠤᠯᠤᠨ 10 ᠵᠤᠷᠪᠤᠰ ᠠᠷᠭ᠎ᠠ ᠤᠬᠠᠭᠠᠨ ᠭᠠᠷᠭᠠᠵᠤ᠂ ᠰᠠᠭᠤᠭᠠᠯᠢ ᠠᠷᠠᠳ ᠤᠨ ᠲᠣᠭᠤᠷᠢᠭ ᠤᠨ

ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢᠨ ᠪᠣᠬᠢᠷᠲᠤᠯ᠂ ᠬᠡᠦᠬᠡᠳ ᠤᠨ ᠠᠵᠢᠯᠯᠠᠭᠠᠨ ᠤ ᠪᠠᠭᠠᠵᠢ

ᠬᠡᠷᠡᠭᠰᠡᠯ ᠤᠨ ᠡᠪᠳᠡᠷᠡᠵᠦ ᠰᠦᠢᠳᠦᠭᠰᠡᠨ 6 ᠭᠤᠣᠯᠳᠠᠯᠭ᠎ᠠ ᠲᠠᠢ ᠲᠥᠷᠥᠯ ᠵᠦᠢᠯ᠂ ᠠᠷᠠᠳ ᠤᠨ ᠠᠮᠢᠳᠤᠷᠠᠯ ᠤᠨ

ᠰᠡᠳᠬᠢᠯ ᠢ ᠳᠤᠯᠠᠭᠠᠴᠠᠭᠤᠯᠬᠤ ᠪᠤᠰᠤᠳ ᠲᠥᠷᠥᠯ ᠵᠦᠢᠯ 7 ᠶᠢ ᠰᠢᠢᠳᠪᠦᠷᠢᠯᠡᠵᠦ᠂ 27 ︽ᠵᠢᠭᠠᠬᠠᠨ ᠬᠦᠰᠡᠯ︾ ᠢ

ᠪᠡᠶᠡᠯᠡᠭᠦᠯᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号