3 ᠰᠠᠷ᠎ᠠ ᠶᠢᠨ 27 ᠤ ᠡᠳᠦᠷ᠂ ᠬᠤᠲᠠ ᠶᠢᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠯᠢ ᠶᠦᠩ ᠱᠧᠩ ᠪᠦᠦ ᠯᠢᠶᠠᠨ ᠨᠡᠶᠢᠭᠡᠮ ᠲᠣᠭᠤᠷᠢᠭ ᠤᠨ ᠪᠢᠨ | ᠾᠧ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠨᠡᠶᠢᠭᠡᠮ ᠲᠣᠭᠤᠷᠢᠭ ᠤᠨ ᠺᠠᠳ᠋ᠷ ᠵᠢᠴᠢ ᠨᠠᠮ ᠤᠨ ᠭᠡᠰᠢᠭᠦᠨ ᠤ | ᠲᠥᠯᠥᠭᠡᠯᠡᠭᠴᠢᠳ ᠲᠤ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠵᠤ ᠪᠠᠶᠢᠭ᠎ᠠ ᠳᠤ ᠪᠠᠶᠢᠴᠠᠭᠠᠨ ᠰᠤᠳᠤᠯᠤᠯᠲᠠ | ᠥᠷᠨᠢᠭᠦᠯᠵᠡᠢ ᠃ ᠨᠠᠮ ᠤᠨ ᠬᠢᠴᠢᠶᠡᠯ ᠳᠡᠭᠡᠷ᠎ᠡ᠂ ᠯᠢ ᠶᠦᠩ ᠱᠧᠩ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ | ᠪᠠ ᠶᠣᠰᠣ ᠤᠴᠢᠷ ᠤᠨ ᠲᠣᠭᠤᠷᠢᠨ ᠳᠤ᠂ ᠤᠯᠠᠨ ᠢ ᠳᠠᠭᠠᠭᠤᠯᠤᠨ ᠨᠠᠮ ᠤᠨ ᠤᠳᠤᠷᠢᠳᠤᠯᠭ᠎ᠠ ᠳᠣᠣᠷᠠᠬᠢ ᠥᠪᠥᠷ | ᠮᠣᠩᠭᠤᠯ ᠣᠷᠣᠨ ᠤ ᠪᠠᠶᠢᠭᠤᠯᠤᠯᠲᠠ ᠪᠠ ᠬᠥᠭᠵᠢᠯᠲᠡ ᠶᠢ ᠡᠷᠭᠢᠴᠡᠭᠦᠯᠵᠦ᠂︽ᠵᠢᠷᠭᠤᠭᠠᠨ ᠥᠭᠦᠯᠡᠪᠦᠷᠢ︾ ᠳᠤ | ᠠᠭᠤᠯᠤᠭᠳᠠᠵᠤ ᠪᠠᠶᠢᠭ᠎ᠠ ᠪᠠᠶᠠᠯᠢᠭ ᠠᠭᠤᠯᠬᠤᠨ ᠢ ᠭᠦᠨᠵᠡᠭᠡᠢ ᠲᠠᠶᠢᠯᠪᠤᠷᠢᠯᠠᠪᠠ᠃ | | | | | ᠨᠠᠮ ᠤᠨ ᠬᠢᠴᠢᠶᠡᠯ ᠲᠡᠭᠦᠰᠦᠭᠰᠡᠨ ᠤ ᠲᠠᠷᠠᠭ᠎ᠠ᠂ ᠯᠢ ᠶᠦᠩ ᠱᠧᠩ ᠨᠡᠶᠢᠭᠡᠮ ᠲᠣᠭᠤᠷᠢᠭ ᠤᠨ ᠺᠠᠳ᠋ᠷ ᠵᠢᠴᠢ | ᠨᠠᠮ ᠤᠨ ᠭᠡᠰᠢᠭᠦᠨ ᠲᠥᠯᠥᠭᠡᠯᠡᠭᠴᠢᠳ ᠲᠠᠢ ᠶᠠᠷᠢᠯᠴᠠᠨ ᠰᠣᠯᠢᠯᠴᠠᠵᠤ᠂ ᠪᠠᠶᠢᠭ᠎ᠠ ᠨᠡᠶᠢᠭᠡᠮ ᠲᠣᠭᠤᠷᠢᠭ ᠤᠨ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ᠂ ᠠᠳᠠᠯ ᠠᠬᠤᠢ ᠶᠢᠨ ᠦᠢᠯᠡᠴᠢᠯᠡᠭᠡ ᠵᠡᠷᠭᠡ ᠲᠠᠯ᠎ᠠ ᠶᠢᠨ ᠪᠠᠶᠢᠳᠠᠯ ᠢ ᠨᠠᠷᠢᠨ | ᠣᠶᠢᠯᠠᠭᠠᠬᠤ ᠶᠢᠨ ᠬᠠᠮᠲᠤ ᠨᠠᠮ ᠤᠨ ᠭᠡᠰᠢᠭᠦᠨ ᠲᠥᠯᠥᠭᠡᠯᠡᠭᠴᠢᠳ ᠤᠨ ᠳᠤᠷᠠᠳᠤᠭᠰᠠᠨ ᠬᠠᠤᠯᠢ ᠴᠠᠭᠠᠵᠠ ᠶᠢᠨ | ᠠᠰᠠᠭᠤᠳᠠᠯ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠬᠠᠷᠢᠭᠤᠯᠲᠠ ᠥᠭᠴᠡᠢ᠃ | ᠦᠨᠳᠦᠰᠦᠨ ᠱᠠᠲᠤᠨ ᠤ ᠵᠠᠰᠠᠯᠲᠠ ᠶᠢ ᠬᠡᠷᠬᠢᠨ ᠴᠢᠩᠭᠠᠳᠬᠠᠵᠤ᠂ ︽ᠵᠠᠷᠭᠤ ᠦᠭᠡᠢ ᠰᠣᠷᠪᠤᠯᠵᠢᠯᠠᠭ᠎ᠠ ᠦᠭᠡᠢ︾ | ᠨᠡᠶᠢᠭᠡᠮ ᠲᠣᠭᠤᠷᠢᠭ ᠤᠨ ᠠᠵᠢᠯ ᠢ ᠬᠡᠷᠬᠢᠨ ᠠᠬᠢᠭᠤᠯᠬᠤ ᠲᠤᠬᠠᠢ ᠯᠢ ᠶᠦᠩ ᠱᠧᠩ ᠴᠢᠬᠤᠯᠠᠴᠢᠯᠠᠬᠤ ᠳᠠᠭᠠᠨ᠂ | ᠨᠢᠭᠡ ᠳᠤ ᠵᠠᠷᠭᠤ ᠶᠢᠨ ᠪᠤᠰᠤ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠪᠠᠷᠢᠮᠲᠠᠯᠠᠨ᠂ ︽ᠡᠮᠦᠨ᠎ᠡ ᠲᠠᠯ᠎ᠠ ᠶᠢ | ᠨᠢ ᠠᠳᠬᠤᠵᠤ᠂ ᠡᠪᠡᠳᠴᠢᠨ ᠡᠮᠭᠡᠭ ᠢ ᠨᠢ ᠵᠠᠰᠠᠵᠤ︾᠂ ᠵᠠᠷᠭᠤ ᠶᠢᠨ ᠨᠡᠮᠡᠭᠳᠡᠯ ᠤᠨ ᠬᠡᠮᠵᠢᠶ᠎ᠡ ᠶᠢ ᠡᠬᠢ | ᠡᠭᠦᠰᠦᠯ ᠠᠴᠠ ᠨᠢ ᠪᠠᠭᠠᠰᠬᠠᠵᠤ᠂ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠪᠠ ᠬᠤᠷᠢᠶ᠎ᠠ | ᠬᠠᠮᠲᠤᠷᠠᠨ ᠬᠥᠳᠡᠯᠦᠯᠴᠡᠬᠦ᠂ ᠨᠡᠶᠢᠭᠡᠮ ᠨᠡᠶᠢᠲᠡ ᠪᠠᠷ ᠢᠶᠠᠨ ᠬᠠᠮᠵᠢᠯᠴᠠᠬᠤ᠂ ᠱᠠᠲᠤ ᠬᠤᠪᠢᠶᠠᠨ ᠰᠢᠭᠦᠬᠦ᠂ ᠵᠠᠷᠭᠤ ᠪᠠᠷ | ᠦᠨᠳᠦᠰᠦᠨ ᠵᠦᠢᠯ ᠢ ᠪᠠᠲᠤᠯᠠᠬᠤ︾ ᠵᠠᠷᠭᠤ ᠶᠢᠨ ᠢᠷᠡᠯᠲᠡ ᠶᠢᠨ ᠵᠠᠰᠠᠯᠲᠠ ᠶᠢᠨ ᠵᠠᠭᠪᠤᠷ ᠢ ᠲᠠᠰᠤᠷᠠᠯᠲᠠ ᠦᠭᠡᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃ ᠬᠤᠶᠠᠷ ᠲᠤ᠂ ᠰᠢᠭᠦᠬᠦ | ᠬᠤᠷᠢᠶᠠᠨ ᠤ ᠵᠠᠷᠭᠤ ᠶᠢᠨ ᠢᠷᠡᠯᠲᠡ ᠶᠢ ᠵᠠᠰᠠᠬᠤ ᠶᠠᠪᠤᠴᠠ ᠳᠠᠬᠢ ᠡᠭᠦᠷᠭᠡ ᠴᠢᠳᠠᠪᠬᠢ ᠶᠢᠨ ᠦᠢᠯᠡᠳᠦᠯ ᠢ ᠦᠨᠡᠨᠬᠦ | ᠪᠠᠳᠠᠷᠠᠭᠤᠯᠵᠤ᠂ ︿ᠵᠠᠷᠭᠤ ᠬᠢᠬᠦ ᠦᠭᠡᠢ﹀ᠣᠶᠢᠯᠠᠭᠠᠭᠳᠠᠬᠤᠨ ᠢ ᠨᠡᠶᠢᠭᠡᠮ ᠤᠨ ᠶᠡᠷᠦᠩᠬᠡᠶᠢᠯᠡᠨ ᠵᠠᠰᠠᠬᠤ ᠠᠵᠢᠯ ᠲᠠᠢ | ᠤᠶᠠᠯᠳᠤᠭᠤᠯᠵᠤ᠂ ᠰᠦᠯᠵᠢᠶᠡᠨ ᠤ ᠲᠠᠰᠤᠯᠪᠤᠷᠢ ᠶᠢᠨ ᠠᠵᠢᠯᠲᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ | ᠠᠷᠠᠳ ᠤᠨ ᠡᠶᠡᠳᠡᠭᠦᠯᠦᠭᠴᠢ ᠶᠢᠨ ᠢᠳᠡᠪᠬᠢᠵᠢᠯ ᠢ ᠲᠠᠶᠢᠴᠢᠯᠠᠵᠦ᠂ ︽ᠵᠠᠷᠭᠤ ᠬᠢᠬᠦ ᠦᠭᠡᠢ ᠪᠠᠷ ᠰᠣᠷᠪᠤᠯᠵᠢᠯᠠᠭ᠎ᠠ ᠬᠢᠬᠦ | ᠦᠭᠡᠢ︾ᠨᠡᠶᠢᠭᠡᠮ ᠲᠣᠭᠤᠷᠢᠭ ᠢ ᠪᠠᠶᠢᠭᠤᠯᠬᠤ ᠳᠤ ᠬᠦᠴᠦ ᠨᠡᠮᠡᠷᠢᠯᠡᠬᠦ ᠬᠡᠷᠡᠭᠲᠡᠢ᠃ ᠭᠤᠷᠪᠠ ᠳᠤ᠂ ᠰᠢᠭᠦᠬᠦ ᠬᠤᠷᠢᠶ᠎ᠠ | ᠪᠣᠯᠣᠨ ᠲᠠᠭᠠᠭᠠᠴᠢᠯᠠᠭᠰᠠᠨ ᠨᠡᠶᠢᠭᠡᠮ ᠲᠣᠭᠤᠷᠢᠭ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠭ᠎ᠠ᠂ ᠨᠠᠮ ᠤᠨ ᠪᠠᠶᠢᠭᠤᠯᠤᠯᠲᠠ ᠶᠢᠨ ᠠᠵᠢᠯ ᠵᠡᠷᠭᠡ ᠲᠠᠯ᠎ᠠ ᠪᠠᠷ ᠬᠢ ᠬᠠᠮᠲᠤ ᠶᠢᠨ ᠪᠠᠶᠢᠭᠤᠯᠤᠯᠲᠠ ᠶᠢ | ᠠᠬᠢᠭᠤᠯᠵᠤ᠂ ︽ᠨᠢᠭᠡ ᠵᠡᠭᠡᠯᠢ︵ᠰᠤᠮᠤ︶ ᠳᠤ ᠨᠢᠭᠡ ᠬᠠᠤᠯᠢ ᠶᠢᠨ ᠲᠤᠰᠢᠶᠠᠯᠲᠠᠨ︾ ᠤ ᠲᠣᠭᠲᠠᠴᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠬᠡᠷᠡᠭᠴᠡᠭᠡ ᠶᠢ ᠤᠨᠢᠨ ᠳᠡᠭᠡᠷ᠎ᠡ ᠨᠢ ᠡᠵᠡᠮᠳᠡᠵᠦ᠂ | ᠨᠡᠶᠢᠭᠡᠮ ᠲᠣᠭᠤᠷᠢᠭ ᠲᠤ ᠭᠦᠨᠵᠡᠭᠡᠶᠢᠷᠡᠨ ᠬᠠᠤᠯᠢᠵᠢᠯ ᠤᠨ ᠤᠬᠠᠭᠤᠯᠤᠨ ᠲᠠᠶᠢᠯᠪᠤᠷᠢᠯᠠᠬᠤ᠂ ᠬᠠᠤᠯᠢ ᠴᠠᠭᠠᠵᠠ ᠶᠢᠨ | ᠣᠷᠣᠢ ᠶᠢᠨ ᠰᠤᠷᠭᠠᠭᠤᠯᠢ ᠵᠡᠷᠭᠡ ᠠᠵᠢᠯ ᠢ ᠥᠷᠨᠢᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠡᠭᠦᠷᠭᠡ | ᠴᠢᠳᠠᠪᠬᠢ ᠶᠢ ᠦᠨᠡᠨᠬᠦ ᠪᠠᠳᠠᠷᠠᠭᠤᠯᠵᠤ᠂ ︽ᠵᠠᠷᠭᠤ ᠬᠢᠬᠦ ᠦᠭᠡᠢ ᠰᠣᠷᠪᠤᠯᠵᠢᠯᠠᠭ᠎ᠠ ᠬᠢᠬᠦ ᠦᠭᠡᠢ︾ᠨᠡᠶᠢᠭᠡᠮ ᠲᠣᠭᠤᠷᠢᠭ ᠢ | ᠡᠭᠦᠳᠦᠨ ᠪᠠᠶᠢᠭᠤᠯᠬᠤ ᠳᠤ ᠰᠠᠭᠤᠷᠢ ᠶᠢ ᠪᠠᠲᠤᠳᠬᠠᠬᠤ ᠬᠡᠷᠡᠭᠲᠡᠢ ᠭᠡᠵᠠᠢ᠃ |