ᠤᠯᠠᠨ ᠲᠦᠮᠡᠨ ᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠠᠷᠠᠳ ᠲᠦᠮᠡᠨ ᠳᠤ ᠦᠢᠯᠡᠴᠢᠯᠡᠬᠦ ᠳᠤ | ᠪᠠᠶᠢᠨ᠎ᠠ᠂ ᠨᠡᠩ ᠴᠤ ᠤᠯᠠᠨ ᠲᠦᠮᠡᠨ ᠢ ᠲᠠᠶᠢᠴᠢᠯᠠᠨ ᠲᠦᠰᠢᠭᠯᠡᠬᠦ ᠳᠤ ᠪᠠᠶᠢᠨ᠎ᠠ᠃ ᠣᠶᠢᠷ᠎ᠠ ᠶᠢᠨ ᠵᠢᠯ ᠠᠴᠠ᠂ | ᠬᠤᠤᠯᠢᠩᠭᠤᠤᠯ ᠬᠤᠳᠠ ᠶᠢᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠲᠦᠭᠦᠮ ᠦᠵᠡᠭᠦᠯᠬᠦ ᠬᠠᠷᠠᠯᠲᠠ ᠶᠢᠨ ᠲᠣᠭᠤᠷᠢᠨ ᠳᠤ᠂ | ᠪᠣᠳᠠᠲᠠᠢ ᠠᠷᠭ᠎ᠠ ᠬᠡᠮᠵᠢᠶ᠎ᠡ ᠠᠪᠴᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠠᠳ ᠤᠯᠠᠨ ᠤ ᠦᠨᠳᠦᠰᠦᠨ | ᠱᠠᠲᠤᠨ ᠤ ᠵᠠᠰᠠᠯᠲᠠ ᠳᠠᠬᠢ ᠢᠳᠡᠪᠬᠢᠵᠢᠯ ᠪᠣᠯᠣᠨ ᠴᠢᠳᠠᠮᠠᠭᠠᠢ ᠴᠢᠨᠠᠷ ᠢ ᠪᠠᠳᠠᠷᠠᠭᠤᠯᠵᠤ᠂ ᠦᠨᠳᠦᠰᠦᠨ ᠱᠠᠲᠤᠨ ᠤ | ᠪᠢᠴᠢᠯ ᠵᠠᠰᠠᠯᠲᠠ ᠪᠠᠷ ᠠᠷᠠᠳ ᠲᠤ ᠦᠢᠯᠡᠴᠢᠯᠡᠬᠦ ᠶᠡᠭᠡ ᠪᠠᠶᠢᠷᠢᠰᠢᠯ ᠢ ᠪᠤᠢ ᠪᠣᠯᠭᠠᠪᠠ᠃ | | | | | | | 4 ᠰᠠᠷ᠎ᠠ ᠶᠢᠨ 11 ᠤ ᠡᠳᠦᠷ᠂ ᠬᠤᠤᠯᠢᠩᠭᠤᠤᠯ ᠬᠤᠳᠠ ᠶᠢᠨ ᠪᠣᠷᠣ ᠬᠤᠵᠢᠷ ᠵᠡᠭᠡᠯᠢ ᠭᠤᠳᠤᠮᠵᠢ ᠳᠤ᠂ | ᠶᠣᠰᠣᠯᠠᠯ ᠳᠦᠭᠦᠷᠡᠩ ᠶᠠᠪᠤᠭᠳᠠᠭᠰᠠᠨ︽ᠬᠠᠮᠠᠭᠠᠯᠬᠤ ᠳᠠᠷᠤᠭ᠎ᠠ︾ ᠶᠢ ᠤᠷᠢᠨ ᠲᠣᠮᠢᠯᠠᠬᠤ ᠠᠵᠢᠯᠯᠠᠭ᠎ᠠ ᠶᠠᠪᠤᠭᠳᠠᠵᠤ᠂ | ᠵᠡᠭᠡᠯᠢ ᠭᠤᠳᠤᠮᠵᠢ ᠶᠢᠨ ᠲᠠᠪᠤᠨ ᠨᠡᠶᠢᠭᠡᠮ ᠲᠣᠭᠤᠷᠢᠭ ᠤᠨ 210 ᠠᠰᠠᠷ ᠤᠨ ᠳᠠᠷᠤᠭ᠎ᠠ ᠶᠢ ᠤᠷᠢᠨ ᠲᠣᠮᠢᠯᠠᠬᠤ | ᠶᠣᠰᠣᠯᠠᠯ ᠶᠠᠪᠤᠭᠳᠠᠵᠤ᠂ ᠦᠨᠡᠮᠯᠡᠯ ᠠᠪᠴᠤ ᠠᠵᠢᠯ ᠤᠨ ᠪᠠᠶᠢᠷᠢ ᠳᠤ ᠭᠠᠷᠪᠠ᠃ ᠬᠤᠤᠯᠢᠩᠭᠤᠤᠯ ᠬᠤᠳᠠ ᠶᠢᠨ ᠪᠣᠷᠣ | ᠬᠤᠵᠢᠷ ᠵᠡᠭᠡᠯᠢ ᠭᠤᠳᠤᠮᠵᠢ ᠳᠤ ᠶᠠᠪᠤᠭᠳᠠᠵᠤ᠂ ᠲᠠᠪᠤᠨ ᠨᠡᠶᠢᠭᠡᠮ ᠲᠣᠭᠤᠷᠢᠭ ᠤᠨ 210 ᠠᠰᠠᠷ ᠤᠨ ᠳᠠᠷᠤᠭ᠎ᠠ ᠶᠢ | ᠤᠷᠢᠨ ᠲᠣᠮᠢᠯᠠᠬᠤ ᠶᠣᠰᠣᠯᠠᠯ ᠳᠤ ᠣᠷᠣᠯᠴᠠᠵᠠᠢ᠃ | ︽ᠲᠣᠣᠷᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ | ᠲᠥᠯᠥᠭᠡ᠂ ᠰᠠᠭᠤᠭᠠᠯᠢ ᠠᠷᠠᠳ ᠤᠨ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠬᠠᠯᠠᠭᠤᠨ ᠰᠡᠳᠬᠢᠯᠭᠡ ᠶᠢ | ᠬᠥᠭᠵᠢᠭᠡᠵᠦ᠂ ᠮᠠᠨ ᠤ ᠵᠡᠭᠡᠯᠢ ᠭᠤᠳᠤᠮᠵᠢ ᠶᠢᠨ ᠬᠢᠨ ᠰᠢᠨ᠎ᠡ︿ᠰᠦᠯᠵᠢᠶᠡᠨ ᠤ ᠠᠵᠢᠯᠲᠠᠨ + ᠠᠰᠠᠷ ᠤᠨ ᠳᠠᠷᠤᠭ᠎ᠠ﹀ ᠶᠢᠨ | ᠠᠵᠢᠯ ᠤᠨ ᠲᠣᠭᠲᠠᠴᠠ ᠶᠢ ᠰᠦᠪᠡᠭᠴᠢᠯᠡᠨ ᠬᠡᠷᠡᠭᠯᠡᠵᠦ᠂ ᠠᠷᠠᠳ ᠤᠯᠠᠨ ᠤ ᠠᠷᠠᠳ ᠤᠨ ᠪᠠᠶᠢᠳᠠᠯ ᠢ ᠣᠶᠢᠯᠠᠭᠠᠬᠤ᠂ | ᠮᠡᠳᠡᠭᠡ ᠵᠠᠩᠭᠢ ᠶᠢᠨ ᠬᠤᠷᠴᠠ ᠰᠡᠷᠭᠡᠭ ᠵᠡᠷᠭᠡ ᠣᠨᠴᠠᠯᠢᠭ ᠢ ᠪᠠᠳᠠᠷᠠᠭᠤᠯᠵᠤ᠂ ᠮᠠᠨ ᠤ ᠲᠦᠷᠦ ᠶᠢᠨ ᠪᠣᠳᠣᠯᠭ᠎ᠠ ᠬᠠᠤᠯᠢ | ᠲᠣᠭᠲᠠᠭᠠᠯ ᠤᠨ ᠤᠬᠠᠭᠤᠯᠤᠭᠴᠢ᠂ ᠵᠥᠷᠢᠴᠡᠯ ᠵᠠᠭᠤᠷᠠᠯᠳᠤᠭᠠᠨ ᠢ ᠡᠶᠡᠳᠡᠭᠦᠯᠦᠭᠴᠢ᠂ ᠠᠮᠤᠷ ᠢ ᠬᠠᠮᠠᠭᠠᠯᠠᠬᠤ ᠰᠡᠷᠭᠡᠶᠢᠯᠡᠨ | ᠡᠵᠡᠮᠳᠡᠬᠦ ᠲᠣᠭᠤᠷᠢᠨ ᠴᠠᠭᠳᠠᠭᠴᠢ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠭᠴᠢ᠂ ᠨᠡᠶᠢᠭᠡᠮ ᠤᠨ | ᠪᠠᠶᠢᠳᠠᠯ ᠠᠷᠠᠳ ᠤᠨ ᠰᠠᠨᠠᠭ᠎ᠠ ᠶᠢ ᠳᠠᠮᠵᠢᠭᠤᠯᠤᠭᠴᠢ ᠪᠣᠯᠤᠭᠰᠠᠨ ᠪᠠᠶᠢᠨ᠎ᠠ︾ ᠭᠡᠵᠦ ᠪᠣᠷᠣ ᠬᠤᠵᠢᠷ ᠵᠡᠭᠡᠯᠢ | ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠸᠠᠩ ᠶᠢᠩ ᠰᠤᠷᠪᠤᠯᠵᠢᠯᠠᠭᠴᠢ ᠳᠤ ᠲᠠᠨᠢᠯᠴᠠᠭᠤᠯᠪᠠ᠃ | | | |
| ᠡᠨᠡ ᠪᠣᠯ ᠪᠣᠷᠣ ᠬᠤᠵᠢᠷ ᠵᠡᠭᠡᠯᠢ ᠭᠤᠳᠤᠮᠵᠢ ᠶᠢᠨ ᠤᠯᠠᠨ ᠲᠦᠮᠡᠨ ᠢ ᠳᠠᠶᠢᠴᠢᠯᠠᠨ ᠨᠡᠶᠢᠭᠡᠮ ᠲᠣᠭᠤᠷᠢᠭ ᠤᠨ
| ᠬᠡᠷᠡᠭ ᠶᠠᠪᠤᠳᠠᠯ ᠳᠤ ᠣᠷᠣᠯᠴᠠᠭᠤᠯᠤᠭᠰᠠᠨ ᠠᠮᠢᠳᠤᠯᠢᠭ ᠦᠢᠯᠡᠳᠦᠯᠭᠡ ᠪᠣᠯᠣᠨ᠎ᠠ᠂ ᠨᠡᠩ ᠴᠤ ᠬᠤᠤᠯᠢᠩᠭᠤᠤᠯ
| ᠬᠤᠳᠠ ᠶᠢᠨ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠰᠠᠶᠢᠲᠤᠷ ᠬᠢᠭᠰᠡᠨ ᠤ
| ᠬᠤᠷᠢᠶᠠᠩᠭᠤᠢ ᠳᠦᠷᠰᠦ ᠪᠣᠯᠣᠨ᠎ᠠ᠃
| ᠣᠶᠢᠷ᠎ᠠ ᠶᠢᠨ ᠵᠢᠯ ᠤᠨ ᠲᠤᠷᠰᠢ᠂ ᠬᠤᠤᠯᠢᠩᠭᠤᠤᠯ ᠬᠤᠲᠠ ᠣᠯᠠᠨ ᠲᠦᠮᠡᠨ ᠳᠤ ᠦᠢᠯᠡᠴᠢᠯᠡᠬᠦ ᠪᠠᠷ
| ᠠᠵᠢᠯ ᠤᠨ ᠢᠶᠠᠨ ᠵᠣᠭᠰᠣᠴᠠ ᠪᠣᠯᠭᠠᠵᠤ᠂ ︽ᠨᠠᠮ ᠤᠨ ᠵᠣᠬᠢᠶᠠᠨ ᠪᠠᠶᠢᠭᠤᠯᠤᠯᠲᠠ ᠬᠥᠲᠥᠯᠥᠨ ᠳᠠᠭᠠᠭᠤᠯᠬᠤ᠂ ᠣᠯᠠᠨ
| ᠡᠰᠢᠴᠢᠯᠡᠨ ᠣᠷᠣᠯᠴᠠᠬᠤ᠂ ᠲᠣᠣᠷᠵᠢᠭᠤᠯᠤᠨ ᠦᠢᠯᠡᠴᠢᠯᠡᠬᠦ︾ ᠶᠢ ᠨᠢᠭᠡ ᠴᠣᠭᠴᠠᠵᠢᠭᠤᠯᠤᠭᠰᠠᠨ ᠦᠨᠳᠦᠰᠦᠨ
| ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠵᠠᠭᠪᠤᠷ ᠢ ᠢᠳᠡᠪᠬᠢᠲᠡᠢ ᠪᠠᠷ ᠰᠦᠪᠡᠭᠴᠢᠯᠡᠨ ᠪᠠᠶᠢᠭᠤᠯᠵᠤ᠂
| ᠬᠤᠲᠠ ᠶᠢᠨ ᠨᠡᠶᠢᠭᠡᠮ ᠲᠣᠭᠤᠷᠢᠭ ᠤᠨ 207 ᠲᠣᠣᠷ ᠢ ᠰᠢᠯᠢᠳᠡᠭᠵᠢᠭᠦᠯᠦᠨ ᠲᠣᠬᠢᠷᠠᠭᠤᠯᠵᠤ᠂ ᠮᠠᠯᠵᠢᠬᠤ ᠲᠠᠷᠢᠶᠠᠯᠠᠬᠤ
| ᠣᠷᠣᠨ ᠤ ᠲᠣᠣᠷᠵᠢᠯ 42 ᠪᠠᠶᠢᠵᠤ᠂ ᠲᠤᠰᠬᠠᠢ ᠲᠤᠰᠢᠶᠠᠯ ᠪᠠ ᠲᠤᠰᠢᠶᠠᠯ ᠬᠠᠪᠰᠤᠷᠭᠠᠭᠰᠠᠨ 260 ᠰᠦᠯᠵᠢᠶᠡᠨ ᠤ
| ᠠᠵᠢᠯᠲᠠᠨ ᠢ ᠴᠢᠩᠭ᠎ᠠ ᠲᠣᠬᠢᠷᠠᠭᠤᠯᠬᠤ ᠶᠢᠨ ᠬᠠᠮᠲᠤ ︽ᠰᠠᠭᠤᠷᠢ ᠬᠠᠪᠲᠠᠰᠤ ᠶᠢᠨ ᠢᠨᠵᠧᠨᠧᠷᠢᠩ︾᠂ ︽ᠨᠡᠭᠦᠳᠡᠯ
| ᠰᠦᠯᠵᠢᠶᠡᠨ ᠤ ᠠᠵᠢᠯᠲᠠᠨ︾ ᠢ ᠤᠷᠢᠨ ᠲᠣᠮᠢᠯᠠᠬᠤ ᠵᠡᠷᠭᠡ ᠰᠢᠷᠢᠰ ᠠᠵᠢᠯᠯᠠᠭ᠎ᠠ ᠪᠠᠷ ᠳᠠᠮᠵᠢᠭᠤᠯᠵᠤ᠂ ᠦᠨᠳᠦᠰᠦᠨ
| ᠱᠠᠲᠤᠨ ᠤ ᠵᠠᠰᠠᠯᠲᠠ ᠶᠢᠨ︽ᠰᠡᠵᠢᠭᠦᠷ ᠮᠡᠳᠡᠷᠡᠯ︾ ᠢ ᠪᠦᠬᠦ ᠲᠠᠯ᠎ᠠ ᠪᠠᠷ ᠬᠥᠭᠵᠢᠭᠡᠵᠦ᠂ ᠰᠠᠭᠤᠭᠠᠯᠢ ᠠᠷᠠᠳ ᠤᠯᠠᠨ
| ᠲᠦᠮᠡᠨ ᠢ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠶᠠᠪᠤᠴᠠ ᠳᠤ ᠬᠦᠴᠦᠯᠡᠬᠦ ᠪᠣᠯᠭᠠᠵᠤ᠂ ᠦᠨᠳᠦᠰᠦᠨ
| ᠱᠠᠲᠤᠨ ᠤ ᠰᠠᠭᠤᠭᠠᠯᠢ ᠠᠷᠠᠳ ᠤᠯᠠᠨ ᠲᠦᠮᠡᠨ ᠢ︽ᠵᠣᠭᠰᠤᠭ᠎ᠠ ᠪᠠᠷ ᠬᠠᠷᠠᠬᠤ︾ ᠠᠴᠠ︽ᠲᠠᠭᠠᠵᠤ ᠠᠵᠢᠯᠯᠠᠬᠤ︾ᠪᠣᠯᠭᠠᠨ
| ᠬᠤᠪᠢᠷᠠᠭᠤᠯᠵᠤ᠂ ᠨᠡᠶᠢᠭᠡᠮ ᠤᠨ ᠵᠠᠰᠠᠯᠲᠠ ᠳᠤ ᠬᠥᠮᠥᠨ ᠪᠦᠬᠦᠨ ᠣᠷᠣᠯᠴᠠᠬᠤ᠂ ᠬᠥᠮᠥᠨ ᠪᠦᠬᠦᠨ ᠬᠠᠷᠢᠭᠤᠴᠠᠯᠭ᠎ᠠ ᠪᠠᠨ
| ᠭᠦᠢᠴᠡᠳᠬᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠪᠠ᠃
| ︽ᠪᠢᠳᠡ ᠥᠪᠡᠷ ᠤᠨ ᠠᠵᠢᠯ ᠲᠦᠷᠦᠯ ᠤᠨ ᠳᠠᠪᠠᠭᠤᠯᠢᠭ ᠢᠶᠠᠨ ᠠᠰᠢᠭᠯᠠᠨ ᠤᠯᠠᠨ ᠲᠦᠮᠡᠨ ᠳᠤ ᠦᠢᠯᠡᠴᠢᠯᠡᠬᠦ
| ᠲᠠᠯ᠎ᠠ ᠪᠠᠷ ᠦᠢᠯᠡᠳᠦᠯ ᠢᠶᠠᠨ ᠪᠠᠳᠠᠷᠠᠭᠤᠯᠵᠤ ᠴᠢᠳᠠᠭᠰᠠᠨ ᠳᠠᠭᠠᠨ ᠮᠠᠰᠢ ᠢᠷᠠᠭᠤ ᠠᠯᠳᠠᠷ ᠲᠠᠢ ᠰᠠᠨᠠᠭᠳᠠᠵᠤ ᠪᠠᠶᠢᠨ᠎ᠠ᠃︾
| ︽ᠵᠠᠬᠢᠶᠠᠯᠠᠭ᠎ᠠ ᠶᠢᠨ ᠬᠤᠭᠤᠯᠠᠨ ᠤ ᠪᠢᠴᠢᠬᠠᠨ ᠠᠬ᠎ᠠ︾ ᠮᠠ ᡁᠢ ᠰᠢᠨ ᠢ ᠮᠦᠰᠦᠳᠠᠢ ᠵᠡᠭᠡᠯᠢ ᠭᠤᠳᠤᠮᠵᠢ ᠶᠢᠨ ᠬᠢᠨ ︿
| ᠰᠢᠯᠵᠢᠮᠡᠯ ᠰᠦᠯᠵᠢᠶᠡᠨ ᠤ ᠠᠵᠢᠯᠲᠠᠨ﹀ ᠢᠶᠠᠷ ᠤᠷᠢᠪᠠ︔ 【ᠬᠤᠶᠢᠰᠢᠳᠠ ᠬᠠᠷᠢᠶ᠎ᠠ ᠣᠷᠣᠨ ᠤ ᠪᠠᠨ ᠰᠦᠯᠵᠢᠶᠡᠨ ᠤ
| ᠠᠵᠢᠯᠲᠠᠳ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠨ ᠠᠵᠢᠯ ᠥᠷᠨᠢᠭᠦᠯᠵᠦ᠂ ᠰᠠᠭᠤᠭᠠᠯᠢ ᠠᠷᠠᠳ᠂ ᠨᠡᠶᠢᠭᠡᠮ
| ᠲᠣᠭᠤᠷᠢᠭ ᠤᠨ ᠬᠤᠭᠤᠷᠣᠨᠳᠣᠬᠢ ᠬᠥᠭᠦᠷᠭᠡ ᠪᠠ ᠬᠤᠯᠪᠣᠭᠠᠰᠤ ᠶᠢ ᠢᠳᠡᠪᠬᠢᠲᠡᠢ ᠰᠠᠶᠢᠲᠤᠷ ᠬᠢᠨ᠎ᠡ᠃】 ᠰᠢᠩ ᠹᠠ
| ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠯᠢᠦ ᠶᠠᠨ ᠬᠤᠢ ᠪᠣᠷᠣ ᠬᠤᠵᠢᠷ ᠵᠡᠭᠡᠯᠢ ᠭᠤᠳᠤᠮᠵᠢ ᠳᠤ ᠠᠰᠠᠷ ᠤᠨ
| ᠳᠠᠷᠤᠭ᠎ᠠ ᠪᠠᠷ ︽ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ︾ ᠪᠠᠷ ᠤᠷᠢᠭᠳᠠᠪᠠ ᠁
| ᠡᠳᠦᠭᠡ ᠬᠤᠤᠯᠢᠩᠭᠤᠤᠯ ᠬᠤᠲᠠ ᠳᠤ᠂ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠤᠨ ᠬᠠᠶᠢᠨ
| ᠰᠦᠪᠡᠭᠴᠢᠯᠡᠯᠲᠡ ᠲᠠᠰᠤᠷᠠᠯᠲᠠ ᠦᠭᠡᠢ ᠭᠠᠷᠴᠤ᠂ ᠬᠤᠤ ᠯᠢᠨ ᠨᠡᠶᠢᠭᠡᠮ ᠲᠣᠭᠤᠷᠢᠭ ᠤᠨ︽ᠭᠤᠷᠪᠠ ᠶᠢ ᠨᠢᠭᠲᠠᠷᠠᠭᠤᠯᠵᠤ
| ᠳᠥᠷᠪᠡ ᠶᠢ ᠳᠠᠶᠢᠴᠢᠯᠠᠬᠤ ᠲᠠᠪᠤᠨ ᠭᠡᠷ ᠣᠷᠣᠨ︾᠂ ᠪᠧᠢ ᠵᠠᠨ ᠨᠡᠶᠢᠭᠡᠮ ᠲᠣᠭᠤᠷᠢᠭ ᠤᠨ︽ᠲᠠᠪᠤᠨ ᠱᠤᠭᠤᠮ ᠲᠠᠪᠤᠨ
| ᠠᠶᠠᠯᠭᠤ︾ᠠᠵᠢᠯ ᠤᠨ ᠠᠷᠭ᠎ᠠ᠂ ᠰᠢᠩ ᠹᠠ ᠨᠡᠶᠢᠭᠡᠮ ᠲᠣᠭᠤᠷᠢᠭ ᠤᠨ︽ᠳᠦᠷᠪᠡᠨ ᠴᠡᠴᠡᠭ︾ ᠤᠨ ᠨᠡᠶᠢᠭᠡᠮ ᠤᠨ
| ᠵᠠᠰᠠᠯᠲᠠ ᠶᠢᠨ ᠵᠠᠭᠪᠤᠷ ᠵᠡᠷᠭᠡ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠯᠢ ᠤᠯᠠᠨ ᠲᠦᠷᠦᠯ
| ᠲᠡᠮᠳᠡᠭ ᠢ ᠰᠢᠨ᠎ᠡ ᠪᠠᠷ ᠡᠭᠦᠳᠴᠡᠢ᠃ ᠲᠣᠭᠤᠷᠢᠭ ᠲᠤ ᠰᠠᠭᠤᠭ᠎ᠠ ᠵᠡᠭᠡᠯᠢ ᠭᠤᠳᠤᠮᠵᠢ ᠶᠢᠨ ᠨᠢᠭᠡᠴᠡ᠂ ᠨᠡᠶᠢᠭᠡᠮ ᠤᠨ
| ᠵᠣᠬᠢᠶᠠᠨ ᠪᠠᠶᠢᠭᠤᠯᠤᠯᠲᠠ᠂ ᠬᠠᠷᠢᠶ᠎ᠠ ᠣᠷᠣᠨ ᠤ ᠠᠵᠤ ᠠᠬᠤᠶᠢᠯᠠᠯ ᠵᠡᠷᠭᠡ ᠣᠯᠠᠨ ᠡᠰᠢᠲᠦ ᠬᠠᠮᠲᠤᠯᠢᠭ ᠤᠨ
| ᠰᠦᠯᠵᠢᠶᠡᠨ ᠤ ᠦᠢᠯᠡᠴᠢᠯᠡᠭᠡ ᠳᠤ ᠣᠷᠣᠯᠴᠠᠬᠤ ᠶᠢ ᠠᠬᠢᠭᠤᠯᠵᠤ᠂ ᠣᠯᠠᠨ ᠶᠠᠩᠵᠤ ᠶᠢᠨ ᠦᠢᠯᠡᠴᠢᠯᠡᠭᠡᠨ ᠤ ᠲᠥᠷᠥᠯ
| ᠵᠦᠢᠯ ᠢ ᠨᠡᠭᠡᠭᠡᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠢᠵᠢᠭ
| ᠰᠦᠯᠵᠢᠶ᠎ᠡ ᠪᠠᠷ ᠶᠡᠭᠡ ᠵᠠᠰᠠᠯᠲᠠ ᠶᠢ ᠪᠡᠶᠡᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ
| ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃
|
|
|