2024 ᠣᠨ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠪᠠᠷᠠᠭᠠᠨ ᠤ ᠭᠦᠢᠯᠭᠡᠭᠡᠨ ᠤ ᠰᠢᠨ᠎ᠡ ᠵᠠᠮ ᠢ ᠨᠡᠭᠡᠭᠡᠬᠦ᠂ ᠲᠥᠷᠥ ᠶᠢᠨ | ᠪᠣᠳᠣᠯᠭ᠎ᠠ ᠪᠠᠷ ᠲᠡᠳᠬᠦᠨ ᠳᠡᠮᠵᠢᠬᠦ ᠵᠡᠷᠭᠡ ᠠᠷᠭ᠎ᠠ ᠮᠠᠶ᠋ᠢᠭ ᠢ ᠰᠠᠶᠢᠲᠤᠷ ᠬᠡᠷᠡᠭᠯᠡᠬᠦ ᠪᠠᠷ ᠳᠠᠮᠵᠢᠭᠤᠯᠤᠨ᠂ ᠭᠠᠳᠠᠭᠠᠳᠤ | ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠣᠯᠠᠨ | ᠤᠯᠤᠰ ᠤᠨ ᠵᠠᠬ᠎ᠠ ᠳᠡᠯᠭᠡᠭᠦᠷ ᠢ ᠥᠷᠭᠡᠳᠬᠡᠬᠦ ᠳᠤ ᠬᠦᠴᠦᠨ ᠨᠡᠮᠡᠷᠢᠯᠡᠵᠦ᠂ ᠭᠠᠳᠠᠭᠠᠳᠤ ᠠᠷᠠᠯᠵᠢᠶᠠᠨ ᠤ | ᠭᠠᠳᠠᠭᠠᠳᠤ ᠠᠴᠠ 1-3 ᠰᠠᠷ᠎ᠠ ᠳᠤ᠂ ᠪᠥᠬᠦ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠪᠥᠬᠦ ᠲᠤᠭ᠎ᠠ 14750 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 30.44% ᠪᠠᠷ ᠨᠡᠮᠡᠭᠳᠡᠪᠡ᠃ | | | | | ᠨᠢᠭᠡ ᠳᠤ ᠵᠠᠬᠢᠶᠠᠯᠠᠭ᠎ᠠ ᠶᠢ ᠲᠣᠭᠲᠠᠪᠤᠷᠢᠵᠢᠭᠤᠯᠤᠨ᠎ᠠ᠃ ᠯᠢᠶᠠᠨ ᠱᠧᠩ᠂ ᠰᠢᠦᠢ ᠶᠠᠩ ᠵᠡᠷᠭᠡ ᠭᠤᠣᠯᠳᠠᠯᠭ᠎ᠠ ᠲᠠᠢ | ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠵᠦ᠂ 2024 ᠣᠨ ᠤ | ᠵᠠᠬᠢᠶᠠᠯᠠᠭ᠎ᠠ ᠶᠢᠨ ᠪᠠᠶᠢᠳᠠᠯ ᠵᠢᠴᠢ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠲᠠᠯ᠎ᠠ ᠪᠠᠷ ᠣᠷᠣᠰᠢᠵᠤ | ᠪᠠᠶᠢᠭ᠎ᠠ ᠠᠰᠠᠭᠤᠳᠠᠯ ᠢ ᠣᠶᠢᠯᠠᠭᠠᠨ᠂ ᠳᠡᠭᠡᠳᠦ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠵᠢᠴᠢ | ᠲᠦᠩᠯᠢᠶᠣᠣ ᠪᠣᠭᠤᠮᠲᠠ ᠲᠠᠢ ᠴᠠᠭ ᠲᠤᠬᠠᠢ ᠳᠤᠨᠢ ᠵᠣᠯᠭᠠᠭᠤᠯᠪᠠ᠃ | | | | | ᠬᠤᠶᠠᠷ ᠲᠤ ᠵᠠᠬ᠎ᠠ ᠳᠡᠯᠭᠡᠭᠦᠷ ᠢ ᠦᠷᠭᠡᠳᠭᠡᠪᠡ᠃ ᠯᠢᠶᠠᠨ ᠱᠧᠩ ᠵᠡᠷᠭᠡ ᠭᠤᠣᠯᠳᠠᠯᠭ᠎ᠠ ᠲᠠᠢ ᠭᠠᠳᠠᠭᠠᠳᠤ ᠳᠤ | ᠭᠠᠷᠭᠠᠬᠤ ᠠᠵᠤ ᠠᠬᠤᠶᠢᠯᠠᠯ ᠤᠨ ᠣᠯᠠᠨ ᠤᠯᠤᠰ ᠤᠨ ᠰᠢᠨ᠎ᠡ ᠵᠠᠬ᠎ᠠ ᠳᠡᠯᠭᠡᠭᠦᠷ ᠢ ᠢᠳᠡᠪᠬᠢᠲᠡᠢ ᠪᠠᠷ ᠨᠡᠭᠡᠭᠡᠬᠦ ᠶᠢ | ᠵᠣᠷᠢᠭᠵᠢᠭᠤᠯᠵᠤ᠂ ᠠᠵᠢᠯ ᠲᠥᠷᠥᠯ ᠤᠨ ᠲᠣᠯᠣᠭᠠᠶᠢᠯᠠᠭᠴᠢ ᠠᠵᠤ ᠠᠬᠤᠶᠢᠯᠠᠯ ᠤᠨ ᠡᠵᠡᠩᠨᠡᠨ ᠪᠣᠷᠣᠯᠠᠭᠤᠯᠬᠤ | ᠳᠠᠪᠠᠭᠤᠯᠢᠭ ᠢ ᠪᠠᠳᠠᠷᠠᠭᠤᠯᠤᠨ᠂ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ 2024 ᠣᠨ ᠳᠤ ᠯᠢᠶᠠᠨ ᠱᠧᠩ | ᠺᠣᠮᠫᠠᠨᠢ ᠺᠣᠷᠢᠶᠠ ᠶᠢᠨ ᠵᠠᠬ᠎ᠠ ᠳᠡᠯᠭᠡᠭᠦᠷ ᠢ ᠢᠳᠡᠪᠬᠢᠲᠡᠢ ᠪᠠᠷ ᠨᠡᠭᠡᠭᠡᠵᠦ᠂ 3 ᠰᠠᠷ᠎ᠠ ᠳᠤ ᠺᠣᠷᠢᠶᠠ ᠳᠤ 569 ᠲᠦᠮᠡᠨ | ᠲᠥᠭᠦᠷᠢᠭ ᠭᠠᠷᠭᠠᠬᠤ ᠶᠢ ᠪᠡᠶᠡᠯᠡᠭᠦᠯᠪᠡ᠃ | ᠭᠤᠷᠪᠠ ᠳᠤ ᠬᠡᠪᠴᠢᠶ᠎ᠡ ᠶᠢ ᠦᠷᠭᠡᠳᠭᠡᠪᠡ᠃ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶ᠎ᠠ ᠶᠢᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠰᠠᠭᠤᠷᠢᠨ ᠭᠠᠵᠠᠷ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ | ᠴᠣᠭᠴᠠᠵᠢᠭᠤᠯᠬᠤ ᠲᠤᠷᠰᠢᠯᠲᠠ ᠶᠢᠨ ᠰᠠᠭᠤᠷᠢᠨ ᠭᠠᠵᠠᠷ ᠲᠤ ᠬᠦᠷᠢᠶᠡᠯᠡᠩ ᠲᠣᠭᠤᠷᠢᠭ ᠤᠨ ᠬᠥᠩᠭᠡᠨᠴᠠᠭᠠᠨ ᠤ | ᠰᠡᠭᠦᠯᠴᠢ ᠶᠢᠨ ᠡᠳ᠋ᠰᠢᠭᠦᠯᠦᠯᠲᠡ ᠶᠢᠨ ᠠᠵᠤ ᠠᠬᠤᠶᠢᠯᠠᠯ ᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂︽2024 | ᠣᠨ ᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠵᠢᠴᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ | ᠬᠠᠨᠳᠤᠭᠤᠯᠤᠭᠰᠠᠨ ᠨᠠᠷᠢᠨ ᠳᠠᠩᠰᠠ︾ ᠶᠢ ᠲᠣᠭᠲᠠᠭᠠᠵᠤ᠂ ᠵᠧᠵᠢᠶᠠᠩ ᠲᠠᠢ ᠤᠯᠤᠰ ᠤᠨ ᠬᠥᠩᠭᠡᠨᠴᠠᠭᠠᠨ ᠤ ᠦᠢᠯᠡᠰ᠂ | ᠶᠢᠨ ᠬᠤᠢ ᠶᠢᠨ ᠨᠤᠨᠳᠠᠭ᠂ ᠬᠤᠩ ᠶᠤᠸᠠᠨ ᠪᠤᠷᠴᠠᠭ ᠤᠨ ᠪᠦᠲᠦᠭᠡᠭᠳᠡᠬᠦᠨ ᠵᠡᠷᠭᠡ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠰᠠᠨᠠᠭ᠎ᠠ ᠲᠠᠢ ᠠᠵᠤ ᠠᠬᠤᠶᠢᠯᠠᠯ ᠢ ᠭᠤᠣᠯᠳᠠᠯᠭ᠎ᠠ ᠲᠠᠢ ᠳᠠᠭᠠᠵᠤ᠂ ᠠᠵᠤ ᠠᠬᠤᠶᠢᠯᠠᠯ ᠤᠨ | 2024 ᠣᠨ ᠤ ᠵᠠᠬᠢᠶᠠᠯᠠᠭ᠎ᠠ ᠶᠢᠨ ᠪᠠᠶᠢᠳᠠᠯ ᠢ ᠨᠠᠷᠢᠨ ᠲᠣᠳᠣᠷᠬᠠᠢ ᠣᠶᠢᠯᠠᠭᠠᠵᠤ᠂ ᠭᠠᠳᠠᠭᠠᠳᠤ ᠠᠷᠠᠯᠵᠢᠶᠠᠨ ᠤ ᠰᠢᠨ᠎ᠡ | ᠨᠡᠮᠡᠭᠳᠡᠯ ᠤᠨ ᠴᠡᠭ ᠢ ᠢᠳᠡᠪᠬᠢᠲᠡᠢ ᠪᠣᠶᠢᠵᠢᠭᠤᠯᠵᠤ᠂ ᠣᠳᠣᠬᠠᠨ ᠳᠤ ᠨᠢᠭᠡᠨᠲᠡ 20 ᠭᠠᠷᠤᠢ ᠠᠵᠤ ᠠᠬᠤᠶᠢᠯᠠᠯ ᠢ | ᠰᠤᠷᠪᠤᠯᠵᠢᠯᠠᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠦᠷᠭᠦᠯᠵᠢᠯᠡᠨ ᠠᠵᠤ | ᠠᠬᠤᠶᠢᠯᠠᠯ ᠢ ᠬᠠᠪᠰᠤᠷᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠣᠯᠵᠤ᠂ ᠲᠦᠭᠰᠢᠭᠦᠷᠢ ᠶᠢ | ᠰᠡᠷᠭᠡᠶᠢᠯᠡᠬᠦ ᠤᠬᠠᠮᠰᠠᠷ ᠢ ᠨᠢ ᠴᠢᠩᠭᠠᠷᠠᠭᠤᠯᠤᠨ᠂ ᠠᠵᠤ ᠠᠬᠤᠶᠢᠯᠠᠯ ᠤᠨ ᠲᠣᠭᠲᠠᠭᠤᠨ ᠢᠶᠠᠷ ᠨᠡᠮᠡᠭᠳᠡᠭᠦᠯᠬᠦ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠤᠬᠠᠭᠤᠯᠬᠤ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠲᠥᠷᠥ ᠶᠢᠨ | ᠪᠣᠳᠣᠯᠭ᠎ᠠ ᠶᠢ ᠰᠠᠶᠢᠲᠤᠷ ᠬᠡᠷᠡᠭᠯᠡᠬᠦ ᠶᠢ ᠵᠢᠯᠣᠭᠤᠳᠤᠨ᠂ ᠣᠯᠠᠨ ᠤᠯᠤᠰ ᠤᠨ ᠪᠠᠷᠢᠮᠵᠢᠶ᠎ᠠ ᠶᠢ ᠣᠶᠢᠯᠠᠭᠠᠨ ᠡᠵᠡᠮᠰᠢᠵᠦ᠂ | ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠪᠥᠬᠦ ᠬᠤᠲᠠ ᠶᠢᠨ ᠭᠠᠳᠠᠭᠠᠳᠤ ᠠᠷᠠᠯᠵᠢᠶᠠᠨ ᠤ | ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ | | |