ᠣᠶᠢᠷ᠎ᠠ ᠳᠤ᠂ ᠵᠢᠩ ᠱᠠᠨ ᠨᠡᠶᠢᠭᠡᠮ ᠲᠣᠭᠤᠷᠢᠭ ᠤᠨ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ | ᠭᠦᠢᠴᠡᠳᠬᠡᠬᠦ︾ ᠬᠠᠯᠠᠭᠤᠨ ᠤᠲᠠᠰᠤ ᠰᠠᠭᠤᠭᠠᠯᠢ ᠠᠷᠠᠳ ᠤᠨ ᠲᠤᠰᠬᠠᠭᠰᠠᠨ ᠢᠶᠠᠷ᠂ ᠵᠢᠩ ᠬᠤ᠋ ᠪᠠᠭ᠎ᠠ | ᠲᠣᠭᠤᠷᠢᠭ ᠤᠨ B12 ᠠᠰᠠᠷ ᠤᠨ ᠳᠥᠷᠪᠡᠳᠦᠭᠡᠷ ᠲᠠᠰᠤᠭ ᠤᠨ ᠡᠭᠦᠳᠡᠨ ᠳᠤ ᠵᠠᠮ ᠴᠥᠮᠥᠷᠡᠵᠦ᠂ ᠨᠡᠶᠢᠭᠡᠮ | ᠲᠣᠭᠤᠷᠢᠭ ᠤᠨ ᠬᠢᠨ ᠬᠠᠪᠰᠤᠷᠤᠨ ᠰᠢᠢᠳᠪᠦᠷᠢᠯᠡᠵᠦ ᠥᠭᠬᠦ ᠶᠢ ᠬᠦᠰᠡᠵᠦ ᠪᠠᠶᠢᠨ᠎ᠠ᠃ ᠭᠤᠶᠤᠴᠢᠯᠠᠯ ᠢ | ᠣᠯᠣᠭᠰᠠᠨ ᠤ ᠳᠠᠷᠠᠭ᠎ᠠ ᠨᠡᠶᠢᠭᠡᠮ ᠲᠣᠭᠤᠷᠢᠭ ᠪᠣᠯᠣᠨ ᠠᠳᠠᠯ ᠠᠬᠤᠢ ᠶᠢᠨ ᠺᠣᠮᠫᠠᠨᠢ ᠶᠢᠨ ᠠᠵᠢᠯᠲᠠᠳ ᠲᠡᠷᠡ ᠳᠠᠷᠤᠢ | ᠳᠤᠨᠢ ᠲᠤᠬᠠᠢ ᠶᠢᠨ ᠲᠠᠯᠠᠪᠠᠶ ᠳᠤ ᠬᠦᠷᠴᠦ ᠬᠢᠨᠠᠨ ᠬᠠᠷᠭᠤᠭᠤᠯᠤᠭᠰᠠᠨ ᠢᠶᠠᠷ᠂ ᠲᠣᠰ ᠭᠠᠵᠠᠷ ᠤᠨ ᠡᠮᠦᠨ᠎ᠡ | ᠬᠤᠭᠤᠴᠠᠭᠠᠨ ᠳᠤ ᠢᠯᠴᠢ ᠬᠠᠩᠭᠠᠬᠤ ᠬᠤᠭᠤᠯᠠᠢ ᠶᠢ ᠰᠡᠯᠪᠢᠨ ᠵᠠᠰᠠᠵᠤ ᠰᠣᠯᠢᠭᠰᠠᠨ ᠪᠣᠯᠪᠠᠴᠤ ᠪᠠᠷᠢᠯᠭ᠎ᠠ ᠶᠢᠨ ᠠᠵᠢᠯ | ᠬᠢᠭᠰᠡᠨ ᠤ ᠳᠠᠷᠠᠭ᠎ᠠ ᠵᠠᠮ ᠤᠨ ᠭᠠᠳᠠᠷᠭᠤ ᠶᠢ ᠦᠨᠡᠨ ᠪᠣᠳᠠᠲᠠᠢ ᠪᠤᠯᠠᠭᠰᠠᠨ ᠦᠭᠡᠢ ᠠᠴᠠ ᠪᠣᠯᠵᠤ ᠪᠠᠭ᠎ᠠ ᠰᠠᠭ᠎ᠠ | ᠴᠥᠮᠥᠷᠡᠭᠰᠡᠨ ᠪᠠᠶᠢᠨ᠎ᠠ᠃ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠬᠢᠨ ᠲᠡᠷᠡ ᠳᠠᠷᠤᠢ | ᠳᠤᠨᠢ ᠢᠯᠴᠢ ᠬᠠᠩᠭᠠᠬᠤ ᠺᠣᠮᠫᠠᠨᠢ ᠶᠢ ᠵᠣᠬᠢᠴᠠᠭᠤᠯᠤᠨ ᠠᠵᠢᠯᠲᠠᠨ ᠲᠣᠬᠢᠷᠠᠭᠤᠯᠵᠤ ᠵᠠᠰᠠᠨ ᠰᠡᠯᠪᠢᠬᠦ ᠬᠡᠷᠡᠭᠲᠡᠢ ᠭᠡᠪᠡ᠃ | ᠲᠤᠬᠠᠢ ᠶᠢᠨ ᠡᠳᠦᠷ ᠲᠤ᠂ ᠲᠣᠰ ᠵᠠᠮ ᠤᠨ ᠭᠠᠳᠠᠷᠭᠤ ᠳᠠᠷᠤᠢ ᠰᠢᠨ᠎ᠡ ᠪᠠᠶᠢᠳᠠᠯ ᠢᠶᠠᠨ ᠰᠡᠷᠭᠦᠭᠡᠵᠡᠢ᠃ ᠬᠠᠷᠢᠭᠤ | ᠰᠤᠷᠪᠤᠯᠵᠢᠯᠠᠬᠤ ᠪᠠᠷ ᠳᠠᠮᠵᠢᠭᠠᠳ ᠭᠤᠮᠣᠳᠠᠯ ᠲᠣᠭᠠᠴᠢᠭᠴᠢ ᠨᠢ ᠨᠡᠶᠢᠭᠡᠮ ᠲᠣᠭᠤᠷᠢᠭ ᠤᠨ ᠰᠢᠢᠳᠪᠦᠷᠢᠯᠡᠭᠰᠡᠨ ᠦᠷ᠎ᠡ | ᠳ᠋ᠦᠩ ᠳᠤ ᠮᠠᠰᠢ ᠬᠠᠨᠤᠮᠵᠢᠲᠠᠶ ᠪᠠᠶᠢᠬᠤ ᠪᠠᠨ ᠢᠯᠡᠳᠬᠡᠪᠡ᠃ | | | | |