ᠴᠠᠭᠠᠨ ᠨᠣᠭᠤᠭ᠎ᠠ ᠶᠢᠨ ᠪᠠᠺᠲ᠋ᠧᠷᠢ ᠶᠢᠨ ᠴᠥᠮ᠎ᠡ ᠶᠢᠨ ᠡᠪᠡᠳᠴᠢᠨ ᠪᠣᠯ ᠴᠥᠮ᠎ᠡ ᠶᠢᠨ ᠲᠠᠪᠠᠭᠲᠤ ᠪᠠᠺᠲ᠋ᠧᠷᠢ ᠠᠴᠠ | ᠡᠭᠦᠰᠦᠭᠰᠡᠨ᠂ ᠴᠠᠭᠠᠨ ᠨᠣᠭᠤᠭ᠎ᠠ ᠶᠢᠨ ᠡᠪᠡᠳᠴᠢᠨ ᠤ ᠬᠥᠨᠥᠭᠡᠯ ᠪᠣᠯᠣᠨ᠎ᠠ᠃ ᠡᠪᠡᠳᠴᠢᠨ ᠤ ᠪᠠᠺᠲ᠋ᠧᠷᠢ ᠨᠢ | ᠭᠤᠣᠯᠳᠠᠭᠤ ᠪᠠᠺᠲ᠋ᠧᠷᠢ ᠶᠢᠨ ᠴᠥᠮ᠎ᠡ ᠪᠠᠷ ᠬᠥᠷᠥᠰᠥᠨ ᠳᠤ ᠬᠤᠯᠢᠯᠳᠤᠬᠤ ᠪᠤᠶᠤ ᠦᠷ᠎ᠡ ᠲᠡᠭᠦᠬᠦᠰᠠᠭᠤᠷᠢ ᠳᠡᠭᠡᠷ᠎ᠡ | ᠨᠠᠭᠠᠯᠳᠤᠨ ᠦᠷ᠎ᠡ ᠶᠢᠨ ᠬᠤᠭᠤᠷᠣᠨᠳᠤ ᠢᠴᠡᠭᠡᠯᠡᠨ ᠡᠪᠦᠯ ᠵᠤᠨ ᠤ ᠤᠯᠠᠷᠢᠯ ᠢ ᠥᠩᠭᠡᠷᠡᠭᠡᠳᠡᠭ᠂ ᠬᠠᠪᠤᠷ᠂ ᠨᠠᠮᠤᠷ ᠤᠨ | ᠤᠯᠠᠷᠢᠯ ᠳᠤ ᠪᠣᠷᠣᠭᠠᠨ ᠠᠷᠪᠢᠨ᠂ ᠴᠢᠭᠢᠭᠯᠢᠭ᠂ ᠡᠪᠡᠳᠴᠢᠨ ᠤ ᠪᠠᠺᠲ᠋ᠧᠷᠢ ᠠᠭᠠᠷ ᠤᠨ ᠤᠷᠤᠰᠬᠠᠯ ᠢᠶᠠᠷ ᠲᠠᠷᠬᠠᠵᠤ᠂ | ᠥᠲᠡᠯᠦᠭᠰᠡᠨ ᠨᠠᠪᠴᠢᠨ ᠤ ᠢᠯᠲᠠᠰᠤᠨ ᠳᠤ ᠬᠠᠯᠳᠠᠪᠤᠷᠢᠯᠠᠨ ᠡᠪᠡᠳᠴᠢᠯᠡᠭᠦᠯᠳᠡᠭ᠂ ᠰᠡᠭᠦᠯᠴᠢ ᠶᠢᠨ ᠦᠶ᠎ᠡ ᠳᠤ | ᠡᠪᠡᠳᠴᠢᠯᠡᠭᠰᠡᠨ ᠭᠡᠰᠡᠭ ᠠᠴᠠ ᠪᠠᠺᠲ᠋ᠧᠷᠢ ᠶᠢᠨ ᠰᠢᠷᠬᠡᠭ ᠪᠠ ᠪᠠᠺᠲ᠋ᠧᠷᠢ ᠶᠢᠨ ᠴᠦᠮ᠎ᠡ ᠤᠷᠭᠤᠵᠤ᠂ ᠲᠠᠷᠢᠶᠠᠨ ᠳᠤ | ᠭᠤᠣᠯᠳᠠᠭᠤ ᠪᠠᠺᠲ᠋ᠧᠷᠢ ᠶᠢᠨ ᠰᠢᠷᠬᠡᠭ ᠨᠢ ᠡᠪᠡᠳᠴᠢᠨ ᠤ ᠡᠷᠡᠭᠦᠯ ᠰᠠᠭᠤᠷᠢ ᠪᠤᠶᠤ ᠡᠪᠡᠳᠴᠢᠨ ᠤ ᠡᠷᠡᠭᠦᠯ | ᠨᠡᠬᠡᠳᠡᠰᠦ ᠲᠠᠢ ᠬᠦᠷᠦᠯᠴᠡᠬᠦ ᠪᠠᠷ ᠳᠠᠮᠵᠢᠨ ᠳᠠᠬᠢᠨ ᠬᠠᠯᠳᠠᠪᠤᠷᠢᠯᠠᠨ ᠤᠷᠭᠤᠵᠤ᠂ ᠥᠰᠦᠯᠲᠡ ᠶᠢᠨ ᠰᠡᠭᠦᠯᠴᠢ ᠶᠢᠨ | ᠬᠤᠭᠤᠴᠠᠭᠠᠨ ᠳᠤ ᠪᠠᠺᠲ᠋ᠧᠷᠢ ᠶᠢᠨ ᠴᠦᠮ᠎ᠡ ᠪᠣᠯᠵᠤ ᠡᠪᠦᠯᠵᠢᠳᠡᠭ᠃ ᠪᠠᠺᠲ᠋ᠧᠷᠢ ᠶᠢᠨ ᠴᠥᠮ᠎ᠡ ᠶᠢᠨ ᠡᠪᠡᠳᠴᠢᠨ | ᠳᠤᠮᠳᠠᠳᠤ ᠤᠯᠤᠰ ᠤᠨ ᠡᠯ᠎ᠡ ᠭᠠᠵᠠᠷ ᠲᠤ ᠪᠦᠷ ᠡᠭᠦᠰᠴᠦ᠂ ᠡᠪᠡᠳᠴᠢᠯᠡᠬᠦ ᠨᠣᠷᠮ᠎ᠠ ᠨᠢ 10-30% ᠳᠤ ᠬᠦᠷᠴᠦ᠂ | ᠥᠨᠳᠥᠷ ᠨᠢ 80% ᠠᠴᠠ ᠳᠡᠭᠡᠭᠰᠢ ᠪᠠᠶᠢᠳᠠᠭ᠃ ᠴᠠᠭᠠᠨ ᠨᠣᠭᠤᠭ᠎ᠠ ᠶᠢᠨ ᠪᠠᠺᠲ᠋ᠧᠷᠢ ᠶᠢᠨ ᠴᠥᠮ᠎ᠡ ᠶᠢᠨ | ᠡᠪᠡᠳᠴᠢᠨ ᠤ ᠬᠥᠨᠥᠭᠡᠯ ᠳᠤ ᠤᠴᠠᠷᠠᠭᠰᠠᠨ ᠴᠠᠭᠠᠨ ᠨᠣᠭᠤᠭ᠎ᠠ ᠶᠢᠨ ᠭᠠᠷᠤᠯᠲᠠ ᠨᠢ ᠶᠡᠷᠦ ᠳᠡᠭᠡᠨ 10% ᠠᠴᠠ | ᠳᠡᠭᠡᠭᠰᠢ ᠬᠠᠰᠤᠭᠳᠠᠵᠤ᠂ ᠬᠦᠨᠳᠦ ᠨᠣᠴᠢᠲᠠᠢ ᠨᠢ 30% ᠠᠴᠠ 50% ᠳᠤ ᠬᠦᠷᠴᠦ᠂ ᠴᠢᠨᠠᠭᠰᠢᠯᠠᠪᠠᠯ | ᠭᠠᠷᠤᠯᠲᠠ ᠨᠢ ᠲᠠᠰᠤᠷᠠᠭᠠᠳ᠂ ᠴᠠᠭᠠᠨ ᠨᠣᠭᠤᠭ᠎ᠠ ᠶᠢᠨ ᠭᠠᠷᠤᠯᠲᠠ ᠪᠠ ᠶᠠᠰᠤ ᠴᠢᠨᠠᠷ ᠢ ᠬᠦᠨᠳᠦ ᠨᠣᠴᠢᠲᠠᠢ | ᠨᠦᠯᠦᠭᠡᠯᠡᠳᠡᠭ ᠪᠠᠶᠢᠨ᠎ᠠ᠃ | ᠨᠢᠭᠡ᠂ ᠴᠠᠭᠠᠨ ᠨᠣᠭᠤᠭ᠎ᠠ ᠶᠢᠨ ᠪᠠᠺᠲ᠋ᠧᠷᠢ ᠶᠢᠨ ᠴᠥᠮ᠎ᠡ ᠶᠢᠨ ᠡᠪᠡᠳᠴᠢᠨ ᠤ ᠪᠠᠶᠢᠳᠠᠯ ᠬᠠᠯᠳᠠᠪᠤᠷᠢᠯᠠᠭᠰᠠᠨ | ᠨᠢᠯᠬ᠎ᠠ ᠴᠢᠬᠢ ᠶᠢᠨ ᠣᠯᠠᠩᠬᠢ ᠨᠢ ᠭᠠᠵᠠᠷ ᠤᠨ ᠬᠦᠷᠦᠰᠦᠨ ᠠᠴᠠ ᠣᠶᠢᠷᠠᠯᠴᠠᠭ᠎ᠠ ᠪᠠᠶᠢᠭ᠎ᠠ ᠡᠰᠢᠨ ᠤ ᠤᠭ ᠤᠨ | ᠬᠡᠰᠡᠭ ᠲᠤ ᠥᠩᠭᠡ ᠨᠢ ᠬᠤᠪᠢᠷᠠᠵᠤ᠂ ᠤᠰᠤᠨ ᠳᠤ ᠳᠡᠪᠲᠦᠭᠰᠡᠨ ᠬᠡᠯᠪᠡᠷᠢ ᠪᠠᠷ ᠢᠯᠵᠢᠷᠡᠨ᠂ ᠴᠣᠴᠢᠮᠠᠭ ᠣᠶᠢᠴᠢᠳᠠᠭ᠃ | ᠣᠯᠠᠩᠬᠢ ᠨᠢ ᠡᠰᠢᠨ ᠤ ᠤᠭ᠂ ᠨᠠᠪᠴᠢᠨ ᠤ ᠪᠠᠷᠢᠭᠤᠯ ᠪᠤᠶᠤ ᠨᠠᠪᠴᠢᠨ ᠤ ᠢᠯᠲᠠᠰᠤ ᠳ᠋ᠤ᠋ ᠬᠤᠣᠷᠳᠠᠭᠳᠠᠵᠤ᠂ | ᠤᠰᠤᠨ ᠳᠤ ᠳᠡᠪᠲᠦᠭᠰᠡᠨ ᠬᠡᠯᠪᠡᠷᠢ ᠶᠢᠨ ᠭᠦᠢᠬᠡᠨ ᠬᠦᠷᠡᠩ ᠥᠩᠭᠡᠲᠡᠢ ᠡᠪᠡᠳᠴᠢᠨ ᠤ ᠲᠣᠯᠪᠤ ᠡᠭᠦᠰᠴᠦ᠂ ᠡᠮᠬᠢ | ᠵᠢᠷᠤᠮ ᠦᠭᠡᠢ ᠬᠡᠯᠪᠡᠷᠢ ᠲᠠᠢ᠂ ᠢᠯᠡᠷᠬᠡᠢ ᠬᠥᠪᠡᠭᠡ ᠬᠢᠵᠠᠭᠠᠷ ᠦᠭᠡᠢ ᠪᠠᠶᠢᠳᠠᠭ᠃ ᠨᠦᠢᠲᠠᠨ ᠴᠢᠭᠢᠭᠯᠢᠭ ᠣᠷᠴᠢᠨ | ᠲᠣᠭᠤᠷᠢᠨ ᠳᠤ᠂ ᠡᠪᠡᠳᠴᠢᠨ ᠤ ᠲᠣᠯᠪᠤ ᠳᠡᠭᠡᠷ᠎ᠡ ᠨᠢ ᠴᠠᠭᠠᠨ ᠥᠩᠭᠡ ᠲᠠᠢ ᠬᠥᠪᠥᠩ ᠤᠨ ᠤᠩᠭᠠᠷᠢᠯ ᠬᠡᠯᠪᠡᠷᠢᠲᠦ | ᠮᠦᠬᠦ ᠶᠢᠨ ᠰᠢᠷᠬᠡᠭᠯᠢᠭ ᠪᠡᠶ᠎ᠡ ᠪᠠ ᠬᠠᠷ᠎ᠠ ᠥᠩᠭᠡ ᠲᠠᠢ ᠬᠤᠯᠤᠭᠠᠨ᠎ᠠ ᠶᠢᠨ ᠢᠯᠭᠠᠳᠠᠰᠤᠨ ᠬᠡᠯᠪᠡᠷᠢᠲᠦ ᠮᠦ᠋ᠬᠦ ᠶᠢᠨ | ᠪᠥᠭᠡᠮ ᠤᠷᠭᠤᠵᠤ᠂ ᠦᠮᠡᠬᠡᠢ ᠦᠨᠦᠷ ᠦᠭᠡᠢ ᠪᠠᠶᠢᠳᠠᠭ᠃ ᠡᠨᠡ ᠡᠪᠡᠳᠴᠢᠨ ᠠᠮᠠᠷᠬᠠᠨ ᠬᠠᠯᠳᠠᠪᠤᠷᠢᠯᠠᠨ ᠲᠡᠯᠭᠡᠷᠡᠨ᠎ᠡ᠃ | | ᠬᠤᠶᠠᠷ᠂ ᠴᠠᠭᠠᠨ ᠨᠣᠭᠤᠭ᠎ᠠ ᠶᠢᠨ ᠪᠠᠺᠲ᠋ᠧᠷᠢ ᠶᠢᠨ ᠴᠥᠮ᠎ᠡ ᠶᠢᠨ ᠡᠪᠡᠳᠴᠢᠨ ᠢ ᠰᠡᠷᠭᠡᠶᠢᠯᠡᠨ ᠵᠠᠰᠠᠬᠤ ᠦᠷ᠎ᠡ ᠶᠢ | ᠰᠢᠢᠳᠪᠦᠷᠢᠯᠡᠬᠦ᠃ ᠦᠷ᠎ᠡ ᠶᠢᠨ ᠳᠣᠲᠣᠷ᠎ᠠ ᠬᠤᠯᠢᠯᠳᠤᠵᠤ ᠪᠠᠶᠢᠭ᠎ᠠ ᠪᠠᠺᠲ᠋ᠧᠷᠢ ᠶᠢᠨ ᠴᠥᠮ᠎ᠡ ᠶᠢ 10% ᠶᠢᠨ | ᠳᠠᠪᠤᠰᠤ ᠲᠠᠢ ᠤᠰᠤ ᠪᠤᠶᠤ 20% ᠶᠢᠨ ᠬᠦᠬᠦᠷ ᠬᠦᠴᠢᠯ ᠤᠨ ᠠᠮᠮᠤᠨᠢ ᠶᠢᠨ ᠠᠭᠤᠰᠤᠮᠠᠯ ᠵᠶᠠᠷ ᠤᠬᠢᠶᠠᠨ | ᠴᠡᠪᠡᠷᠯᠡᠵᠦ᠂ ᠤᠰᠤᠨ ᠳᠤ ᠤᠬᠢᠶᠠᠭᠠᠳ ᠬᠠᠲᠠᠭᠠᠭᠰᠠᠨ ᠤ ᠳᠠᠷᠠᠭ᠎ᠠ ᠲᠠᠷᠢᠬᠤ ᠬᠡᠷᠡᠭᠲᠡᠢ᠃ ᠲᠠᠷᠢᠶᠠᠯᠠᠩ ᠤᠨ | ᠰᠡᠷᠭᠡᠶᠢᠯᠡᠨ ᠵᠠᠰᠠᠯᠲᠠ᠃ 2 ~ 3 ᠵᠢᠯ ᠡᠭᠡᠯᠵᠢᠯᠡᠨ ᠳᠠᠷᠢᠬᠤ ᠳᠤ ᠤᠰᠤ ᠬᠠᠭᠤᠷᠠᠢ ᠪᠠᠷ ᠡᠭᠡᠯᠵᠢᠯᠡᠨ ᠳᠠᠷᠢᠪᠠᠯ | ᠬᠠᠮᠤᠭ ᠰᠠᠶᠢᠨ᠃ ᠪᠣᠷᠳᠣᠭᠤᠷ ᠢ ᠵᠦᠢ ᠵᠣᠬᠢᠰᠲᠠᠢ ᠣᠷᠣᠭᠤᠯᠵᠤ᠂ ᠠᠽᠣᠲ ᠤᠨ ᠪᠣᠷᠳᠣᠭᠤᠷ ᠢ ᠢᠯᠡᠭᠦᠦ | ᠣᠷᠣᠭᠤᠯᠬᠤ ᠠᠴᠠ ᠵᠠᠶᠢᠯᠠᠰᠬᠢᠵᠦ᠂ ᠴᠠᠭ ᠲᠤᠬᠠᠢ ᠳᠤᠨᠢ ᠪᠣᠷᠳᠣᠭᠤᠷ ᠢ ᠨᠡᠮᠡᠬᠦ ᠬᠡᠷᠡᠭᠲᠡᠢ︔ ᠪᠣᠷᠣᠭᠠᠨ ᠤ ᠲᠠᠷᠠᠭ᠎ᠠ | ᠴᠠᠭ ᠲᠤᠬᠠᠢ ᠳᠤᠨᠢ ᠭᠤᠤ ᠶᠢ ᠨᠢ ᠨᠡᠭᠡᠭᠡᠵᠦ ᠤᠰᠤ ᠵᠠᠯᠠᠵᠤ᠂ ᠡᠪᠡᠳᠴᠢᠨ ᠲᠠᠢ ᠰᠠᠭᠤᠷᠢ ᠶᠢ ᠨᠢ ᠣᠯᠵᠤ ᠮᠡᠳᠡᠪᠡᠯ | ᠴᠠᠭ ᠲᠤᠬᠠᠢ ᠳᠤᠨᠢ ᠠᠪᠴᠤ ᠬᠠᠶᠠᠭᠠᠳ ᠭᠦᠨ ᠪᠤᠯᠠᠬᠤ ᠬᠡᠷᠡᠭᠲᠡᠢ᠃ ᠡᠮ ᠢᠶᠠᠷ ᠰᠡᠷᠭᠡᠶᠢᠯᠡᠨ ᠵᠠᠰᠠᠬᠤ᠃ ᠡᠪᠡᠳᠴᠢᠨ | ᠡᠭᠦᠰᠬᠦ ᠡᠬᠢᠨ ᠤ ᠬᠤᠭᠤᠴᠠᠭᠠᠨ ᠳᠤ 50% ᠶᠢᠨ ᠳ᠋ᠦᠸᠧ ᠵᠢᠶᠦ᠋ᠨ ᠯᠢᠩ ᠴᠢᠬᠢᠭ ᠲᠠᠢ ᠨᠤᠨᠳᠠᠭ ᠡᠮ ᠤᠨ 500 | ᠳᠠᠬᠢᠨ ᠤ ᠰᠢᠩᠭᠡᠨ ᠢ ᠬᠡᠷᠡᠭᠯᠡᠬᠦ ᠪᠤᠶᠤ 20% ᠶᠢᠨ ᠮᠧᠲ᠋ᠢᠯᠲᠦ ᠯᠢᠺᠦᠠ ᠹᠣᠰᠹᠣᠷ ᠤᠨ ᠴᠢᠳᠡᠮᠯᠢᠭ ᠲᠣᠰᠣ ᠶᠢᠨ | 1200 ᠳᠠᠬᠢᠨ ᠤ ᠰᠢᠩᠭᠡᠨ ᠢ ᠬᠡᠷᠡᠭᠯᠡᠬᠦ ᠪᠤᠶᠤ 40% ᠶᠢᠨ ᠮᠥᠭᠦᠲᠦ ᠴᠥᠮ᠎ᠡ ᠶᠢᠨ ᠴᠡᠪᠡᠷ ᠴᠢᠬᠢᠭ ᠲᠠᠢ ᠨᠤᠨᠳᠠᠭ | ᠡᠮ ᠤᠨ 1000 ~1500 ᠳᠠᠬᠢᠨ ᠤ ᠰᠢᠩᠭᠡᠨ ᠢ ᠡᠭᠡᠯᠵᠢᠯᠡᠨ 3 ~ 4 ᠤᠳᠠᠭ᠎ᠠ ᠰᠦᠷᠴᠢᠵᠦ᠂ 7~10 | ᠡᠳᠦᠷ ᠠᠯᠤᠰᠯᠠᠬᠤ ᠪᠦᠷᠢ ᠨᠢᠭᠡ ᠤᠳᠠᠭ᠎ᠠ ᠰᠦᠷᠴᠢᠵᠦ ᠣᠷᠤᠭᠤᠯᠬᠤ ᠬᠡᠷᠡᠭᠲᠡᠢ᠃ ᠴᠢᠬᠤᠯᠠ ᠲᠠᠢ ᠦᠶ᠎ᠡ ᠳᠤ | ᠰᠦᠷᠴᠢᠨ ᠣᠷᠣᠭᠤᠯᠬᠤ᠂ ᠭᠤᠭᠤᠵᠢᠭᠤᠯᠤᠨ ᠣᠷᠣᠭᠤᠯᠬᠤ ᠶᠢ ᠤᠶᠠᠯᠳᠤᠭᠤᠯᠵᠤ ᠪᠣᠯᠤᠨ᠎ᠠ᠃ | ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ | |