ᠣᠢ ᠰᠢᠭᠤᠢ ᠨᠤᠲᠤᠭ ᠪᠡᠯᠴᠢᠭᠡᠷ ᠪᠣᠯ ᠬᠥᠮᠥᠨ ᠲᠥᠷᠥᠯᠬᠢᠲᠡᠨ ᠤ ᠣᠷᠣᠰᠢᠨ ᠲᠣᠭᠲᠠᠨᠢᠬᠤ ᠪᠠ ᠬᠥᠭᠵᠢᠬᠦ ᠶᠢᠨ | ᠴᠢᠬᠤᠯᠠ ᠡᠬᠢ ᠪᠠᠶᠠᠯᠢᠭ ᠮᠥᠨ᠃ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠲᠤ ᠣᠶ ᠮᠣᠳᠣ ᠡᠪᠡᠰᠦᠲᠦ | ᠭᠠᠵᠠᠷ ᠵᠢᠴᠢ ᠣᠶ ᠰᠢᠭᠤᠢ᠂ ᠣᠶ ᠮᠣᠳᠣ ᠡᠪᠡᠰᠦᠲᠦ ᠭᠠᠵᠠᠷ ᠲᠤ ᠲᠦᠰᠢᠭᠯᠡᠨ ᠠᠮᠢᠳᠤᠷᠠᠵᠤ ᠪᠠᠶᠢᠭ᠎ᠠ ᠬᠡᠭᠡᠷ᠎ᠡ ᠶᠢᠨ | ᠠᠮᠢᠲᠠᠨ᠂ ᠤᠷᠭᠤᠮᠠᠯ᠂ ᠮᠢᠺᠷᠣᠪ ᠪᠠᠭᠲᠠᠨ᠎ᠠ᠃ ᠣᠶ ᠰᠢᠭᠤᠢ ᠨᠤᠲᠤᠭ ᠪᠡᠯᠴᠢᠭᠡᠷ ᠨᠢ ᠤᠰᠤ ᠰᠢᠷᠣᠢ ᠶᠢ ᠬᠠᠮᠠᠭᠠᠯᠠᠬᠤ | ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠤᠨ ᠠᠭᠠᠷ ᠢ ᠴᠡᠪᠡᠷᠰᠢᠭᠦᠯᠬᠦ᠂ ᠤᠰᠤᠨ ᠤ ᠡᠬᠢ | ᠰᠤᠷᠪᠤᠯᠵᠢ ᠶᠢ ᠬᠠᠳᠠᠭᠠᠯᠠᠵᠤ ᠱᠤᠤᠭᠢᠶᠠᠨ ᠢ ᠪᠠᠭᠠᠰᠬᠠᠬᠤ᠂ ᠠᠭᠤᠷ ᠠᠮᠢᠰᠬᠤᠯ ᠢ ᠵᠣᠬᠢᠴᠠᠭᠤᠯᠬᠤ ᠵᠡᠷᠭᠡ | ᠦᠢᠯᠡᠳᠦᠯ ᠲᠠᠢ ᠪᠠᠶᠢᠳᠠᠭ᠃ ᠤᠳᠠᠯ ᠦᠭᠡᠢ ᠬᠠᠩᠰᠢ ᠶᠢᠨ ᠡᠳᠦᠷ ᠪᠤᠩᠬᠤᠨ ᠱᠦᠭᠦᠷᠳᠡᠬᠦ᠂ ᠭᠠᠳᠠᠭᠰᠢ ᠭᠠᠷᠴᠤ | ᠵᠤᠭᠠᠴᠠᠬᠤ᠂ ᠬᠠᠪᠤᠷ ᠤᠨ ᠲᠠᠷᠢᠶᠠᠯᠠᠭ᠎ᠠ ᠶᠢᠨ ᠠᠵᠢᠯᠯᠠᠭᠠᠨ ᠤ ᠱᠠᠲᠤᠨ ᠳᠤ ᠬᠦᠷᠴᠦ᠂ ᠬᠠᠪᠤᠷ ᠤᠨ ᠤᠯᠠᠷᠢᠯ ᠳᠤ | ᠰᠠᠯᠬᠢ ᠶᠡᠭᠡ ᠪᠣᠳᠠᠰ ᠬᠠᠭᠤᠷᠠᠢ ᠪᠤᠯᠬᠤᠷ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠣᠯᠠᠨ ᠭᠠᠷᠳᠠᠭ | ᠤᠯᠠᠷᠢᠯ ᠮᠥᠨ᠂ ᠢᠯᠠᠩᠭᠤᠶ᠎ᠠ ᠣᠶᠢᠷ᠎ᠠ ᠶᠢᠨ ᠵᠢᠯ ᠤᠳ ᠲᠤ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠶᠢᠨ ᠳᠣᠣᠷ᠎ᠠ᠂ ᠪᠢᠳᠡ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠮᠢ ᠠᠬᠤᠢ ᠶᠢᠨ ᠣᠷᠴᠢᠨ ᠨᠥᠬᠦᠴᠡᠯ ᠢ | ᠬᠠᠮᠠᠭᠠᠯᠠᠬᠤ ᠠᠯᠢ ᠤᠯᠠᠨ ᠠᠷᠭ᠎ᠠ ᠬᠡᠮᠵᠢᠶ᠎ᠡ ᠶᠢ ᠶᠡᠭᠡ ᠪᠠᠷ ᠬᠡᠷᠡᠭᠵᠢᠭᠦᠯᠦᠭᠡᠳ᠂ ᠪᠦᠬᠦ ᠬᠤᠳᠠ ᠶᠢᠨ ᠡᠯ᠎ᠡ ᠵᠦᠢᠯ ᠤᠨ | ᠡᠪᠡᠰᠦᠨ ᠲᠦᠷᠦᠯ ᠤᠨ ᠤᠷᠭᠤᠮᠠᠯ ᠢᠭᠴᠤ ᠰᠠᠬᠤᠯᠢᠭ ᠤᠷᠭᠤᠵᠤ᠂ ᠤᠢ ᠶᠢᠨ ᠬᠤᠷᠮᠣᠢ ᠶᠢᠨ ᠬᠤᠪᠠᠭ᠋ᠠᠶᠢᠷᠠᠭᠰᠠᠨ | ᠨᠠᠪᠴᠢ ᠨᠠᠮᠠᠭ᠎ᠠ ᠨᠡᠯᠢᠶᠡᠳ ᠵᠤᠵᠠᠭᠠᠨ ᠪᠣᠯᠤᠭᠰᠠᠨ ᠤ ᠳᠡᠭᠡᠷ᠎ᠡ ᠠᠭᠠᠷ ᠤᠨ ᠳᠤᠯᠠᠭᠠᠨ ᠳᠡᠭᠡᠭᠰᠢᠯᠡᠨ᠂ ᠠᠭᠠᠷ ᠬᠠᠭᠤᠷᠠᠢ | ᠪᠣᠳᠠᠰ ᠬᠠᠭᠤᠷᠠᠢ ᠪᠣᠯᠵᠤ᠂ ᠪᠦᠬᠦ ᠬᠤᠳᠠ ᠶᠢᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ | ᠠᠵᠢᠯ ᠤᠨ ᠪᠠᠶᠢᠳᠠᠯ ᠲᠤᠶᠢᠯ ᠤᠨ ᠬᠦᠨᠳᠦ ᠬᠡᠴᠡᠭᠦᠦ ᠪᠣᠯᠵᠠᠢ᠃ | ᠨᠤᠲᠤᠭ ᠤᠨ ᠠᠬ᠎ᠠ ᠳᠡᠭᠦᠦ ᠨᠠᠷ ᠠ᠋᠂ ᠪᠢᠳᠡ ᠲᠠᠨ ᠤ ᠬᠠᠩᠰᠢ ᠶᠢᠨ ᠦᠶ᠎ᠡ ᠳᠤ ᠲᠤᠬᠠᠢ ᠶᠢᠨ ᠲᠠᠯᠠᠪᠤᠷ ᠲᠤ | ᠲᠠᠬᠢᠯᠭ᠎ᠠ ᠬᠢᠬᠦ ᠱᠠᠭᠠᠷᠳᠠᠯᠭ᠎ᠠ ᠶᠢ ᠮᠠᠰᠢ ᠣᠶᠢᠯᠠᠭᠠᠵᠤ ᠪᠠᠶᠢᠨ᠎ᠠ᠂ ᠭᠡᠪᠡᠴᠦ ᠶᠡᠷᠦ ᠪᠤᠰᠤ ᠶᠢᠨ ᠴᠠᠭ ᠦᠶ᠎ᠡ ᠳᠤ | ᠡᠷᠬᠡᠪᠰᠢ ᠶᠡᠷᠦ ᠪᠤᠰᠤ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠢ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ | ᠭᠠᠮᠰᠢᠭ ᠢ ᠰᠡᠷᠭᠡᠶᠢᠯᠡᠬᠦ ᠪᠠ ᠪᠠᠭᠠᠰᠬᠠᠵᠤ᠂ ᠵᠠᠩ ᠳᠠᠳᠬᠠᠯ ᠢ ᠥᠭᠡᠷᠡᠴᠢᠯᠡᠬᠦ ᠶᠢ ᠲᠦᠯᠬᠢᠨ ᠠᠬᠢᠭᠤᠯᠵᠤ᠂ ᠪᠥᠬᠦ | ᠬᠤᠲᠠ ᠶᠢᠨ ᠥᠷᠭᠡᠨ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠢ ᠨᠤᠲᠤᠭ ᠪᠡᠯᠴᠢᠭᠡᠷ ᠤᠨ | ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃ ᠡ᠊ᠨᠳᠡ ᠪᠢᠳᠡ ᠨᠡᠶᠢᠭᠡᠮ ᠤᠨ | ᠡᠯ᠎ᠡ ᠡᠲᠡᠭᠡᠳ ᠪᠠ ᠥᠷᠭᠡᠨ ᠤᠯᠠᠨ ᠲᠦᠮᠡᠨ ᠳᠤ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠄ | ᠨᠢᠭᠡ᠂ ᠠᠯᠪᠠᠨ ᠵᠢᠷᠤᠮ ᠤᠨ ᠭᠠᠯ ᠰᠡᠷᠭᠡᠶᠢᠯᠡᠬᠦ ᠤᠬᠠᠭᠤᠯᠭ᠎ᠠ | ︽ᠣᠶ ᠰᠢᠭᠤᠢ ᠡᠪᠡᠰᠦ ᠪᠡᠯᠴᠢᠭᠡᠷ ᠤᠨ ᠭᠠᠯ ᠢ ᠰᠡᠷᠭᠡᠶᠢᠯᠡᠬᠦ ᠳᠤ ᠬᠥᠮᠥᠨ ᠪᠣᠯᠭᠠᠨ ᠬᠠᠷᠢᠭᠤᠴᠠᠯᠭ᠎ᠠ ᠲᠠᠢ︾ | ᠪᠠᠶᠢᠬᠤ ᠤᠬᠠᠮᠰᠠᠷ ᠢ ᠪᠠᠲᠤ ᠪᠤᠶ ᠪᠣᠯᠭᠠᠵᠤ᠂ ᠤᠬᠠᠮᠰᠠᠷ ᠠᠴᠠ ᠪᠠᠨ ᠣᠶ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ | ᠭᠠᠯ ᠤᠨᠲᠠᠷᠠᠭᠠᠬᠤ ᠠᠯᠪᠠᠨ ᠵᠢᠷᠤᠮ ᠤᠨ ᠤᠬᠠᠭᠤᠯᠤᠭᠴᠢ ᠪᠣᠯᠵᠤ᠂ ᠭᠡᠷ ᠤᠨ ᠬᠥᠮᠥᠰ᠂ ᠲᠥᠷᠥᠯ ᠰᠠᠳᠤᠨ ᠨᠠᠶᠢᠵᠠ | ᠨᠥᠬᠦᠳ ᠲᠡᠭᠡᠨ ᠣᠶ ᠰᠢᠭᠤᠢ ᠨᠤᠲᠤᠭ ᠪᠡᠯᠴᠢᠭᠡᠷ ᠤᠨ ᠴᠢᠬᠤᠯᠠ ᠴᠢᠨᠠᠷ ᠪᠠ ᠣᠶ ᠰᠢᠭᠤᠢ ᠨᠤᠲᠤᠭ ᠪᠡᠯᠴᠢᠭᠡᠷ ᠤᠨ | ᠭᠠᠯ ᠤᠨ ᠭᠠᠮᠰᠢᠭ ᠤᠨ ᠬᠦᠨᠳᠦ ᠨᠣᠴᠢᠲᠠᠢ ᠬᠤᠣᠷ ᠬᠥᠨᠥᠭᠡᠯ ᠢ ᠰᠠᠶᠢᠲᠤᠷ ᠬᠠᠮᠠᠭᠠᠯᠠᠬᠤ ᠶᠢ ᠢᠳᠡᠪᠬᠢᠲᠡᠢ ᠪᠠᠷ | ᠤᠬᠠᠭᠤᠯᠵᠤ᠂ ᠰᠠᠨᠠᠭᠠᠴᠢᠯᠠᠭ᠎ᠠ ᠠᠴᠠ ᠪᠠᠨ ᠭᠡᠷ ᠤᠨ ᠬᠥᠮᠥᠰ᠂ ᠬᠥᠷᠰᠢ ᠵᠡᠷᠭᠡᠯᠡᠳᠡᠭᠡ ᠪᠠ ᠲᠥᠷᠥᠯ ᠰᠠᠳᠤᠨ | ᠨᠠᠶᠢᠵᠠ ᠨᠥᠬᠦᠳ ᠲᠡᠭᠡᠨ ᠲᠠᠮᠠᠬᠢ ᠳᠤᠷ᠎ᠠ ᠪᠠᠷ ᠢᠶᠠᠨ ᠬᠠᠶᠠᠬᠤ᠂ ᠦᠨᠵᠢᠮᠡᠯ ᠡᠪᠡᠰᠦ ᠰᠢᠲᠠᠭᠠᠬᠤ᠂ ᠡᠰᠢ ᠰᠦᠷᠡᠯ | ᠰᠢᠲᠠᠭᠠᠬᠤ ᠵᠡᠷᠭᠡ ᠮᠠᠭᠤ ᠦᠶᠯᠡ ᠠᠵᠢᠯᠯᠠᠭ᠎ᠠ ᠠᠴᠠ ᠪᠣᠯᠵᠤ ᠮᠡᠳᠡᠬᠦ ᠭᠠᠯ ᠤᠨ ᠭᠠᠮᠰᠢᠭ ᠤᠨ ᠬᠤᠣᠷ ᠬᠥᠨᠥᠭᠡᠯ | ᠵᠢᠴᠢ ᠡᠭᠦᠷᠭᠡᠯᠡᠪᠡᠰᠦ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠤᠬᠠᠭᠤᠯᠬᠤ ᠬᠡᠷᠡᠭᠲᠡᠢ ᠮᠥᠷᠲᠡᠭᠡᠨ ᠪᠠᠰᠠ | ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ᠂ ᠣᠶ ᠰᠢᠭᠤᠢ ᠡᠪᠡᠰᠦ | ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠨᠢ ᠤᠯᠤᠰ ᠪᠠ ᠨᠡᠶᠢᠭᠡᠮ ᠳᠤ ᠴᠢᠬᠤᠯᠠ ᠠᠴᠢ ᠬᠤᠯᠪᠣᠭᠳᠠᠯ ᠲᠠᠢ | ᠪᠠᠶᠢᠬᠤ ᠶᠢ ᠶᠡᠬᠡᠪᠡᠷ ᠤᠬᠠᠭᠤᠯᠬᠤ ᠬᠡᠷᠡᠭᠲᠡᠢ᠃ | ᠬᠤᠶᠠᠷ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠨ᠎ᠠ | ᠥᠷᠭᠡᠨ ᠤᠯᠠᠨ ᠲᠦᠮᠡᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠳᠡᠷᠭᠡᠳᠡ ᠠᠴᠠ ᠪᠠᠨ ᠡᠬᠢᠯᠡᠨ ᠬᠢᠵᠦ᠂ | ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠦᠨᠡᠨᠬᠦ ᠪᠠᠲᠤ ᠪᠤᠢ ᠪᠣᠯᠭᠠᠵᠤ᠂ ᠥᠪᠡᠷ ᠢ ᠪᠠᠨ ᠬᠠᠮᠢᠶᠠᠷᠤᠨ | ᠡᠵᠡᠮᠳᠡᠵᠦ ᠬᠢᠵᠠᠭᠠᠷᠯᠠᠬᠤ ᠪᠠᠨ ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠬᠦ ᠳᠤ︽ᠠᠷᠪᠠ ᠶᠢ ᠦᠯᠦ ᠠᠪᠬᠤ︾ ᠶᠢ ᠪᠠᠲᠤ ᠴᠡᠭᠡᠵᠢᠯᠡᠬᠦ ᠬᠡᠷᠡᠭᠲᠡᠢ᠄ ᠲᠦᠢᠮᠡᠷ ᠢ ᠠᠭᠤᠯᠠᠨ ᠳᠤ ᠠᠪᠴᠤ | ᠣᠷᠣᠵᠤ ᠪᠣᠯᠬᠤ ᠦᠭᠡᠢ︔ ᠰᠢᠭᠤᠶᠢᠲᠤ ᠣᠷᠣᠨ ᠳᠤ ᠲᠠᠮᠠᠬᠢ ᠲᠠᠲᠠᠵᠤ᠂ ᠭᠠᠯ ᠤᠨ ᠭᠡᠷᠡᠯ ᠢᠶᠠᠷ ᠭᠡᠷᠡᠯᠳᠦᠬᠦᠯᠵᠦ ᠪᠣᠯᠬᠤ | ᠦᠭᠡᠢ᠂ ᠠᠭᠤᠯᠠᠨ ᠳᠤ ᠬᠡᠭᠡᠷ᠎ᠡ ᠬᠤᠭᠤᠯᠠᠯᠠᠵᠤ᠂ ᠢᠳᠡᠰᠢ ᠪᠠᠨ ᠰᠢᠷᠠᠵᠤ ᠪᠣᠯᠬᠤ ᠦᠭᠡᠢ︔ ᠰᠢᠭᠤᠶᠢᠲᠤ ᠣᠷᠣᠨ ᠳᠤ | ᠬᠦᠵᠢ ᠡᠷᠭᠦᠬᠦ᠂ ᠴᠠᠭᠠᠰᠤ ᠰᠢᠲᠠᠭᠠᠬᠤ᠂ ᠬᠤᠸᠠᠷ ᠫᠤᠤᠵᠢᠩ ᠲᠠᠯᠪᠢᠬᠤ ᠶᠢ ᠴᠡᠭᠡᠷᠯᠡᠬᠦ ᠬᠡᠷᠡᠭᠲᠡᠢ︔ ᠠᠭᠤᠯᠠ ᠶᠢ | ᠪᠣᠯᠪᠠᠰᠤᠷᠠᠭᠤᠯᠬᠤ᠂ ᠠᠲᠠᠷ ᠭᠠᠵᠠᠷ ᠢ ᠭᠠᠯᠳᠠᠬᠤ᠂ ᠲᠠᠷᠢᠶᠠᠨ ᠲᠠᠯᠠᠩ ᠢ ᠰᠢᠲᠠᠭᠠᠬᠤ᠂ ᠡᠪᠡᠰᠦᠨ ᠣᠪᠣᠭᠠᠨ ᠳᠤ | ᠰᠢᠲᠠᠭᠠᠬᠤ᠂ ᠬᠤᠭ ᠨᠣᠪᠰᠢ ᠶᠢ ᠰᠢᠲᠠᠭᠠᠬᠤ ᠵᠡᠷᠭᠡ ᠶᠢ ᠴᠡᠭᠡᠷᠯᠡᠬᠦ ᠬᠡᠷᠡᠭᠲᠡᠢ︔ ᠣᠨᠴᠠᠭᠠᠶ ᠬᠥᠮᠥᠰ ᠪᠠ ᠨᠠᠰᠤᠨ ᠳᠤ | ᠥᠯᠥ ᠭᠦᠷᠦᠭᠰᠡᠳ ᠢ ᠰᠢᠭᠤᠶᠢᠲᠤ ᠣᠷᠣᠨ ᠳᠤ ᠭᠠᠯ ᠢᠶᠠᠷ ᠨᠠᠭᠠᠳᠤᠭᠤᠯᠵᠤ ᠪᠣᠯᠬᠤ ᠦᠭᠡᠢ︔ ᠬᠡᠭᠡᠷ᠎ᠡ ᠭᠠᠳᠠᠨ᠎ᠠ ᠭᠠᠯ | ᠲᠦᠯᠡᠵᠦ ᠳᠤᠯᠠᠭᠠᠯᠠᠵᠤ ᠪᠣᠯᠬᠤ ᠦᠭᠡᠢ ︔ ᠲᠡᠷᠭᠡᠨ ᠳᠤ ᠰᠠᠭᠤᠬᠤ ᠳᠠᠭᠠᠨ ᠲᠠᠮᠠᠬᠢ ᠪᠠᠨ ᠭᠠᠳᠠᠭᠰᠢ ᠬᠠᠶᠠᠵᠤ | ᠪᠣᠯᠬᠤ ᠦᠭᠡᠢ︔ ᠰᠢᠭᠤᠶᠢᠲᠤ ᠣᠷᠣᠨ ᠳᠤ ᠠᠩ ᠠᠩᠨᠠᠵᠤ᠂ ᠭᠠᠯ ᠲᠠᠯᠪᠢᠵᠤ ᠠᠷᠢᠶᠠᠲᠠᠨ ᠢ ᠦᠯᠳᠡᠵᠦ ᠪᠣᠯᠬᠤ ᠦᠭᠡᠢ | ︔ ᠥᠲᠡᠯᠦᠭᠰᠡᠨ᠂ ᠨᠢᠯᠬ᠎ᠠ᠂ ᠪᠠᠭᠤᠷᠠᠢ᠂ ᠡᠪᠡᠳᠴᠢᠨ ᠲᠠᠢ᠂ ᠵᠡᠮᠳᠡᠭ ᠬᠥᠮᠥᠰ ᠢ ᠭᠠᠯ ᠤᠨᠲᠠᠷᠠᠭᠠᠵᠤ ᠠᠶᠤᠯ ᠠᠴᠠ | ᠠᠪᠤᠷᠠᠬᠤ ᠳᠤ ᠣᠷᠣᠯᠴᠠᠭᠤᠯᠵᠤ ᠪᠣᠯᠬᠤ ᠦᠭᠡᠢ᠃ | ᠭᠤᠷᠪᠠ᠂ ᠪᠣᠯᠪᠠᠰᠤᠨ ᠳᠠᠬᠢᠯᠭ᠎ᠠ ᠶᠢ ᠰᠠᠨᠠᠭᠠᠴᠢᠯᠠᠬᠤ ᠬᠡᠷᠡᠭᠲᠡᠢ | ᠬᠠᠩᠰᠢ ᠶᠢᠨ ᠡᠳᠦᠷ ᠪᠣᠯ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠣᠨᠴᠠ ᠲᠦᠭᠰᠢᠭᠦᠷᠢᠲᠦ | ᠬᠤᠭᠤᠴᠠᠭ᠎ᠠ ᠪᠣᠯᠣᠨ᠎ᠠ᠂ ᠪᠤᠯᠠᠰᠢᠨ ᠳᠤ ᠭᠠᠷᠴᠤ ᠳᠡᠭᠡᠳᠦᠰ ᠢᠶᠠᠨ ᠳᠠᠭᠢᠵᠤ ᠬᠦᠵᠢ ᠵᠤᠯᠠ ᠠᠰᠠᠭᠠᠬᠤ᠂ ᠴᠠᠭᠠᠰᠤᠨ | ᠵᠣᠭᠤᠰ ᠰᠢᠲᠠᠭᠠᠬᠤ ᠪᠣᠯ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠬᠡᠬᠦ ᠭᠤᠣᠯ ᠰᠢᠯᠲᠠᠭᠠᠨ | ᠪᠣᠯᠣᠨ᠎ᠠ᠃ ᠥᠷᠭᠡᠨ ᠤᠯᠠᠨ ᠲᠦᠮᠡᠨ ᠰᠠᠨᠠᠭᠠᠴᠢᠯᠠᠭ᠎ᠠ ᠠᠴᠠ ᠪᠠᠨ ᠵᠠᠩ ᠳᠠᠳᠬᠠᠯ ᠢᠶᠠᠨ ᠥᠭᠡᠷᠡᠴᠢᠯᠡᠵᠦ᠂ | ᠪᠤᠯᠠᠰᠢᠨ ᠳᠤ ᠭᠠᠷᠴᠤ ᠳᠡᠭᠡᠳᠦᠰ ᠢᠶᠠᠨ ᠳᠠᠬᠢᠬᠤ᠂ ᠬᠦᠵᠢ ᠵᠤᠯᠠ ᠠᠰᠠᠭᠠᠬᠤ᠂ ᠴᠠᠭᠠᠰᠤᠨ ᠵᠣᠭᠤᠰ ᠰᠢᠲᠠᠭᠠᠬᠤ ᠵᠡᠷᠭᠡ | ᠮᠠᠭᠤ ᠳᠠᠳᠬᠠᠯ ᠢᠶᠠᠨ ᠤᠬᠠᠮᠰᠠᠷ ᠠᠴᠠ ᠪᠠᠨ ᠲᠠᠶᠠᠭᠳᠠᠵᠤ᠂ ᠮᠣᠳᠣ ᠲᠠᠷᠢᠬᠤ᠂ ᠴᠡᠴᠡᠭ ᠬᠦᠷᠭᠡᠬᠦ ᠵᠡᠷᠭᠡ ᠠᠮᠢ | ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠳᠤ ᠠᠰᠢᠭᠲᠠᠢ ᠪᠣᠯᠪᠠᠰᠤᠨ ᠠᠷᠭ᠎ᠠ ᠮᠠᠶ᠋ᠢᠭ ᠢᠶᠠᠷ ᠲᠠᠬᠢᠯᠭ᠎ᠠ ᠬᠢᠬᠦ ᠶᠢ | ᠢᠳᠡᠪᠬᠢᠲᠡᠢ ᠪᠠᠷ ᠰᠠᠨᠠᠭᠠᠴᠢᠯᠠᠵᠤ᠂ ᠨᠢᠭᠡ ᠪᠠᠭᠴᠠ ᠴᠡᠴᠡᠭ ᠬᠦᠷᠭᠡᠬᠦ᠂ ᠨᠢᠭᠡ ᠬᠤᠨᠳᠠᠭ᠎ᠠ ᠠᠷᠢᠬᠢ ᠪᠠᠷᠢᠬᠤ᠂ ᠨᠢᠭᠡ | ᠰᠠᠭᠤᠷᠢ ᠮᠣᠳᠣ ᠲᠠᠷᠢᠬᠤ᠂ ᠪᠤᠯᠠᠰᠢᠨ ᠬᠥᠰᠢᠶ᠎ᠡ ᠶᠢ ᠴᠡᠪᠡᠷᠯᠡᠬᠦ ᠵᠡᠷᠭᠡ ᠴᠠᠭ ᠦᠶ᠎ᠡ ᠶᠢᠨ ᠣᠨᠴᠠᠯᠢᠭ ᠲᠤ ᠨᠡᠶᠢᠴᠡᠭᠰᠡᠨ | ᠠᠷᠭ᠎ᠠ ᠮᠠᠶ᠋ᠢᠭ ᠢᠶᠠᠷ ᠭᠠᠰᠢᠭᠤᠳᠠᠯ ᠢᠶᠠᠨ ᠢᠯᠡᠳᠬᠡᠵᠦ᠂ ᠨᠡᠶᠢᠭᠡᠮ ᠵᠢᠷᠤᠮ ᠤᠨ ᠰᠢᠨ᠎ᠡ ᠰᠤᠷᠲᠠᠯ ᠲᠥᠪ ᠰᠤᠷᠲᠠᠯ ᠢ | ᠴᠢᠷᠮᠠᠶᠢᠨ ᠪᠠᠳᠠᠷᠠᠭᠤᠯᠬᠤ ᠬᠡᠷᠡᠭᠲᠡᠢ᠃ | ᠳᠥᠷᠪᠡ᠂ ᠬᠠᠤᠯᠢ ᠳᠦᠷᠢᠮ ᠤᠨ ᠦᠵᠡᠯᠲᠡ ᠶᠢ ᠪᠤᠢ ᠪᠣᠯᠭᠠᠬᠤ ᠬᠡᠷᠡᠭᠲᠡᠢ | ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠣᠯ ᠨᠢᠭᠡ ᠵᠦᠢᠯ ᠤᠨ ᠨᠡᠶᠢᠭᠡᠮ ᠤᠨ ᠨᠡᠶᠢᠲᠡ ᠶᠢᠨ | ᠠᠰᠠᠷᠠᠮᠵᠢ ᠶᠢᠨ ᠦᠢᠯᠡᠰ ᠣᠯᠠᠨ ᠢᠶᠠᠷ ᠢᠶᠠᠨ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ︽ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠣᠶ ᠰᠢᠭᠤᠢ᠂ ᠣᠶ | ᠮᠣᠳᠣ᠂ ᠡᠪᠡᠰᠦᠲᠦ ᠭᠠᠵᠠᠷ ᠤᠨ ᠡᠵᠡᠩᠨᠡᠯᠲᠡ ᠶᠢᠨ ᠨᠢᠭᠡᠴᠡ ᠪᠤᠶᠤ ᠬᠤᠪᠢ ᠬᠥᠮᠥᠨ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠤᠶᠤ ᠵᠥᠪᠰᠢᠶᠡᠷᠡᠯ ᠦᠭᠡᠢ ᠪᠠᠷ | ᠳᠤᠷ᠎ᠠ ᠪᠠᠷ ᠢᠶᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠬᠡᠭᠡᠷ᠎ᠡ ᠭᠠᠳᠠᠨ᠎ᠠ ᠭᠠᠯ | ᠬᠡᠷᠡᠭᠯᠡᠭᠰᠡᠨ ᠪᠠᠶᠢᠪᠠᠯ᠂ ᠦᠶᠯᠡ ᠪᠠᠶᠢᠳᠠᠯ ᠤᠨ ᠬᠦᠨᠳᠦ ᠨᠣᠴᠢᠲᠠᠢ ᠬᠡᠮᠵᠢᠶ᠎ᠡ ᠶᠢ ᠦᠨᠳᠦᠰᠦᠯᠡᠨ᠂ ᠵᠣᠬᠢᠬᠤ ᠬᠠᠤᠯᠢ | ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠪᠦᠬᠦ ᠬᠤᠳᠠ ᠶᠢᠨ ᠥᠷᠭᠡᠨ ᠤᠯᠠᠨ ᠨᠤᠲᠤᠭ ᠤᠨ ᠠᠬ᠎ᠠ ᠳᠡᠭᠦᠦ ᠨᠠᠷ ᠠ᠋᠂ ᠪᠢᠳᠡ ᠭᠠᠷ ᠬᠤᠯᠪᠣᠯᠴᠠᠨ | ᠬᠥᠳᠡᠯᠦᠯᠴᠡᠵᠦ᠂ ᠤᠳᠤ ᠠᠴᠠ ᠡᠬᠢᠯᠡᠨ ᠬᠢᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ︽ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ᠭᠡᠬᠦ ᠣᠶᠢᠯᠠᠭᠠᠭᠳᠠᠬᠤᠨ ᠢ ᠬᠠᠮᠲᠤ ᠪᠠᠷ ᠪᠤᠢ ᠪᠣᠯᠭᠠᠨ | ᠦᠢᠯᠡᠳᠦᠯᠭᠡᠵᠢᠭᠦᠯᠵᠦ᠂ ᠪᠣᠬᠢᠷᠲᠤᠯ ᠦᠭᠡᠢ ᠭᠡᠷ ᠣᠷᠣᠨ ᠤ ᠰᠠᠬᠢᠨ ᠬᠠᠮᠠᠭᠠᠯᠠᠭᠴᠢ ᠪᠣᠯᠵᠤ᠂ ᠪᠣᠯᠪᠠᠰᠤᠨ ᠲᠠᠬᠢᠯᠭ᠎ᠠ ᠶᠢᠨ | ᠰᠠᠨᠠᠭᠠᠴᠢᠯᠠᠭᠴᠢ ᠪᠣᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠯᠴᠠᠭᠴᠢ ᠪᠣᠯᠵᠤ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠤᠯᠠᠨ ᠢᠶᠠᠷ ᠢᠶᠠᠨ ᠰᠡᠷᠭᠡᠶᠢᠯᠡᠨ ᠤᠯᠠᠨ ᠢᠶᠠᠷ ᠢᠶᠠᠨ ᠵᠠᠰᠠᠵᠤ᠂ ᠭᠠᠯ ᠤᠨ | ᠭᠠᠮᠰᠢᠭ ᠢ ᠴᠢᠩᠭ᠎ᠠ ᠰᠡᠷᠭᠡᠶᠢᠯᠡᠵᠦ᠂ ᠮᠠᠨ ᠤ ᠪᠣᠬᠢᠷᠲᠤᠯ ᠦᠭᠡᠢ ᠭᠡᠷ ᠣᠷᠣᠨ ᠢᠶᠠᠨ ᠬᠠᠮᠲᠤ ᠪᠠᠷ ᠰᠠᠶᠢᠲᠤᠷ ᠰᠠᠬᠢᠨ | ᠬᠠᠮᠠᠭᠠᠯᠠᠶ᠎ᠠ᠃ | ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠲᠦᠭᠰᠢᠭᠦᠷᠢ ᠮᠡᠳᠡᠭᠡᠯᠡᠬᠦ ᠤᠲᠠᠰᠤ᠄ 12119 | ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠵᠢᠵᠢᠭᠦᠷᠯᠡᠬᠦ | ᠤᠲᠠᠰᠤ᠄ 7929667 | ᠣᠨᠴᠠᠭᠠᠶᠢᠯᠠᠨ ᠵᠠᠷᠯᠠᠪᠠ | |