ᠰᠤᠷᠪᠤᠯᠵᠢᠯᠠᠭᠰᠠᠨ ᠴᠠᠭ᠄ 2024-05 - 10 | ᠰᠤᠷᠪᠤᠯᠵᠢᠯᠠᠭᠰᠠᠨ ᠬᠦᠨᠳᠦᠲᠦ ᠵᠣᠴᠢᠳ᠄ ᠭᠤᠤᠯᠳᠠᠯᠭ᠎ᠠ ᠲᠠᠢ ᠲᠥᠷᠥᠯ ᠵᠦᠶ᠋ᠯ ᠤᠨ ᠬᠠᠪᠰᠤᠷᠤᠨ ᠭᠦᠢᠴᠡᠳᠬᠡᠬᠦ | ᠲᠥᠪ ᠤᠨ ᠡᠷᠬᠢᠯᠡᠭᠴᠢ ᠬᠠᠨ ᠭᠤᠸᠠᠩ | ᠲᠣᠪᠴᠢᠯᠠᠪᠠᠯ᠄ ᠥᠨᠥᠳᠦᠷ ᠤᠨ ᠫᠷᠤᠭ᠍ᠷᠠᠮ ᠳᠤ ᠪᠢᠳᠡ ᠭᠤᠤᠯᠳᠠᠯᠭ᠎ᠠ ᠲᠠᠢ ᠲᠥᠷᠥᠯ ᠵᠦᠢᠯ ᠤᠨ ᠬᠠᠪᠰᠤᠷᠤᠨ | ᠭᠦᠢᠴᠡᠳᠬᠡᠬᠦ ᠲᠥᠪ ᠤᠨ ᠡᠷᠬᠢᠯᠡᠭᠴᠢ ᠬᠠᠨ ᠭᠤᠸᠠᠩ ᠢ ᠤᠷᠢᠵᠤ ᠮᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠲᠤ | ᠤᠷᠢᠵᠤ᠂ ᠮᠠᠨ ᠤ ᠬᠤᠲᠠ ᠶᠢᠨ ᠬᠤᠤᠯᠢᠩᠭᠤᠤᠯ ᠬᠤᠲᠠ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ | ᠠᠮᠠᠯᠠᠯᠲᠠ ᠶᠢᠨ ᠲᠦᠷᠢᠮ ᠤᠨ ᠬᠡᠷᠡᠭᠵᠢᠭᠦᠯᠬᠦ ᠰᠠᠨᠠᠯ ︵2.0 ᠬᠡᠪᠯᠡᠯ︶ ᠤᠨ ᠲᠤᠬᠠᠶ ᠲᠠᠶᠢᠯᠤᠮᠵᠢ ᠬᠢᠯᠭᠡᠵᠡᠶ᠃ | ᠬᠥᠲᠥᠯᠦᠭᠴᠢ ᠄ | ᠣᠯᠠᠨ ᠢᠶᠠᠷ ᠢᠶᠠᠨ ᠦᠳᠡ ᠶᠢᠨ ᠡᠮᠦᠨ᠎ᠡ ᠰᠠᠶᠢᠨ︕ ᠬᠤᠤᠯᠢᠩᠭᠤᠤᠯ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠬᠦᠷᠬᠦ ᠶᠢ ᠪᠠᠶᠠᠷᠯᠠᠨ ᠤᠭᠲᠤᠨ᠎ᠠ᠃ ᠲᠣᠰ | ᠬᠤᠭᠤᠴᠠᠭᠠᠨ ᠤ ᠰᠦᠯᠵᠢᠶᠡᠨ ᠳᠡᠭᠡᠷ᠎ᠡ ᠰᠤᠷᠪᠤᠯᠵᠢᠯᠠᠨ ᠶᠠᠷᠢᠯᠴᠠᠬᠤ ᠭᠤᠤᠯ ᠰᠡᠳᠦᠪ ᠪᠣᠯ ︽ᠬᠤᠤᠯᠢᠩᠭᠤᠤᠯ | ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠠᠮᠠᠯᠠᠯᠲᠠ ᠶᠢᠨ ᠲᠦᠷᠢᠮ ᠤᠨ | ᠬᠡᠷᠡᠭᠵᠢᠭᠦᠯᠬᠦ ᠰᠠᠨᠠᠯ ᠪᠣᠯᠤᠨ᠎ᠠ᠂ ᠰᠦᠯᠵᠢᠶᠡᠨ ᠠᠨᠳᠠ ᠨᠠᠷ ᠤᠨ ᠠᠩᠬᠠᠷᠴᠤ ᠪᠠᠶᠢᠭ᠎ᠠ ᠬᠠᠮᠢᠶ᠎ᠠ ᠪᠥᠬᠦᠶ ᠠᠰᠠᠭᠤᠳᠠᠯ ᠤᠨ | ᠲᠤᠬᠠᠶ ᠰᠦᠯᠵᠢᠶᠡᠨ ᠳᠡᠭᠡᠷ᠎ᠡ ᠰᠤᠷᠪᠤᠯᠵᠢᠯᠠᠨ ᠶᠠᠷᠢᠯᠴᠠᠵᠤ᠂ ᠰᠦᠯᠵᠢᠶᠡᠨ ᠤ ᠨᠠᠶᠢᠵᠠ ᠨᠠᠷ ᠤᠨ ᠢᠳᠡᠪᠬᠢᠲᠡᠶ ᠪᠠᠷ | ᠠᠰᠠᠭᠤᠯᠲᠠ ᠠᠰᠠᠭᠤᠬᠤ ᠶᠢ ᠪᠠᠶᠠᠷᠯᠠᠨ ᠤᠭᠲᠤᠨ᠎ᠠ᠃ ᠶᠠᠭᠤᠨ ᠤ ᠡᠮᠦᠨ᠎ᠡ᠂ ᠥᠨᠥᠳᠦᠷ ᠤᠨ ᠬᠦᠨᠳᠦᠲᠦ ᠵᠣᠴᠢᠨ ᠤ | ᠬᠤᠤᠯᠢᠩᠭᠤᠤᠯ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠬᠠᠪᠰᠤᠷᠤᠨ ᠬᠦᠢᠴᠡᠳᠬᠡᠬᠦ ᠲᠥᠪ ᠤᠨ | ᠡᠷᠬᠢᠯᠡᠭᠴᠢ ᠬᠠᠨ ᠭᠤᠸᠠᠩ ᠢ ᠪᠠᠶᠠᠷᠯᠠᠨ ᠤᠭᠲᠤᠵᠤ ᠪᠠᠶᠢᠨ᠎ᠠ᠂ ᠬᠠᠨ ᠡᠷᠬᠢᠯᠡᠭᠴᠢ ᠲᠠ ᠰᠠᠶᠢᠨ ᠪᠠᠶᠢᠨ᠎ᠠ ᠤᠤ︖ | ᠬᠥᠲᠥᠯᠦᠭᠴᠢ᠂ ᠨᠠᠶᠢᠵᠠ ᠨᠠᠷ ᠰᠠᠶᠢᠨ ᠤᠤ︕ ᠡᠨᠡ ᠬᠦ ᠲᠠᠪᠴᠠᠩ ᠢᠶᠠᠷ ᠳᠠᠮᠵᠢᠭᠤᠯᠤᠨ ᠣᠯᠠᠨ ᠲᠠᠢ | ᠲᠠᠨᠢᠯᠴᠠᠭᠰᠠᠨ ᠳᠤ ᠪᠠᠨ ᠮᠠᠰᠢ ᠪᠠᠶᠠᠷ ᠲᠠᠢ ᠪᠠᠶᠢᠨ᠎ᠠ᠃ ᠡᠯ᠎ᠡ ᠰᠦᠯᠵᠢᠶᠡᠨ ᠠᠨᠳᠠ ᠨᠠᠶᠢᠵᠠ ᠨᠠᠷ ᠤᠨ | ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠬᠠᠯᠠᠮᠵᠢᠯᠠᠨ ᠠᠩᠬᠠᠷᠴᠤ | ᠳᠡᠮᠵᠢᠭᠰᠡᠨ ᠳᠤ ᠲᠠᠯᠠᠷᠬᠠᠵᠤ ᠪᠠᠶᠢᠨ᠎ᠠ᠂ ᠥᠷᠭᠡᠨ ᠤᠯᠠᠨ ᠰᠦᠯᠵᠢᠶᠡᠨ ᠠᠨᠳᠠ ᠨᠠᠷ ᠤᠨ ᠠᠰᠠᠭᠤᠳᠠᠯ ᠪᠠ ᠰᠠᠨᠠᠯ | ᠰᠠᠨᠠᠭᠤᠯᠭ᠎ᠠ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠃ | ᠬᠥᠲᠥᠯᠦᠭᠴᠢ ᠄ | ᠬᠠᠨ ᠡᠷᠬᠢᠯᠡᠭᠴᠢ ᠡ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠠᠮᠠᠯᠠᠯᠲᠠ ᠶᠢᠨ ᠲᠦᠷᠢᠮ ᠭᠡᠳᠡᠭ ᠨᠢ | ᠶᠠᠭᠤ ᠪᠣᠶ︖ | ᠭᠤᠣᠯᠳᠠᠯᠭ᠎ᠠ ᠲᠠᠢ ᠲᠦᠷᠦᠯ ᠵᠦᠢᠯ ᠤᠨ ᠬᠠᠪᠰᠤᠷᠤᠨ ᠭᠦᠢᠴᠡᠳᠬᠡᠬᠦ ᠲᠥᠪ ᠤᠨ ᠡᠷᠬᠢᠯᠡᠭᠴᠢ ᠬᠠᠨ ᠭᠤᠸᠠᠩ᠄ | ᠮᠠᠨ ᠤ ᠬᠤᠲᠠ ᠶᠢᠨ ᠡᠪᠦᠯ ᠤᠨ ᠤᠯᠠᠷᠢᠯ ᠣᠷᠳᠣ᠂ ᠪᠠᠷᠢᠯᠭ᠎ᠠ ᠪᠠᠷᠢᠬᠤ ᠬᠤᠭᠤᠴᠠᠭ᠎ᠠ ᠣᠬᠤᠷ ᠪᠠᠶᠢᠬᠤ | ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠲᠣᠰ ᠵᠢᠯ ᠳᠡᠭᠡᠨ ᠠᠰᠢᠭᠯᠠᠯᠲᠠ ᠳᠤ ᠣᠷᠣᠭᠤᠯᠬᠤ | ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠣᠳᠠᠲᠠᠶ ᠲᠠᠢ ᠪᠠᠨ ᠤᠶᠠᠯᠳᠤᠭᠤᠯᠤᠨ᠂ ᠪᠠᠯᠠ ᠣᠷᠣᠭᠤᠯᠤᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠵᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠰᠠᠨᠠᠯ ᠢ ᠣᠨᠴᠠᠭᠠᠶᠢᠯᠠᠨ | ᠲᠣᠭᠲᠠᠭᠠᠵᠤ᠂ ᠪᠠᠷᠢᠯᠭ᠎ᠠ ᠪᠠ ᠲᠥᠯᠥᠪᠵᠢᠭᠦᠯᠭᠡ ᠶᠢᠨ ᠵᠥᠪᠰᠢᠶᠡᠷᠡᠯ ᠢ 10 ᠡᠳᠦᠷ᠂ ᠠᠷᠠᠳ ᠤᠨ ᠠᠭᠠᠷ ᠤᠨ | ᠰᠡᠷᠭᠡᠶᠢᠯᠡᠯᠲᠡ ᠪᠠ ᠭᠠᠯ ᠤᠨᠲᠠᠷᠠᠭᠠᠬᠤ ᠬᠢᠨᠠᠨ ᠬᠠᠷᠭᠤᠭᠤᠯᠤᠯᠲᠠ ᠶᠢ 28 ᠡᠳᠦᠷ᠂ ᠪᠠᠷᠢᠯᠭ᠎ᠠ ᠪᠠᠷᠢᠬᠤ | ᠵᠥᠪᠰᠢᠶᠡᠷᠡᠯ ᠢ 7 ᠡᠳᠦᠷ ᠪᠠᠭᠠᠰᠬᠠᠵᠤ᠂ ᠲᠥᠷᠥᠯ ᠵᠦᠢᠯ ᠤᠨ ᠠᠵᠢᠯ ᠡᠬᠢᠯᠡᠭᠦᠯᠬᠦ ᠴᠠᠭ ᠢ 45 ᠡᠳᠦᠷ ᠪᠠᠭᠠᠰᠬᠠᠵᠤ᠂ | ᠲᠥᠷᠥᠯ ᠵᠦᠢᠯ ᠤᠨ ᠲᠦᠷᠭᠡᠨ ᠠᠵᠢᠯ ᠡᠬᠢᠯᠡᠭᠦᠯᠬᠦ᠂ ᠲᠦᠷᠭᠡᠨ ᠪᠥᠲᠥᠭᠡᠨ ᠪᠠᠶᠢᠭᠤᠯᠬᠤ᠂ ᠲᠦᠷᠭᠡᠨ ᠦᠷ᠎ᠡ | ᠪᠦᠲᠦᠮᠵᠢ ᠤᠯᠬᠤ ᠶᠢ ᠥᠨᠳᠥᠷ ᠪᠦᠲᠦᠮᠵᠢᠲᠡᠶ ᠪᠠᠷ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠬᠥᠲᠥᠯᠦᠭᠴᠢ᠄ | ᠬᠤᠤᠯᠢᠩᠭᠤᠤᠯ ᠤᠨ ᠦᠷᠭᠦᠯᠵᠢᠯᠡᠨ ᠰᠢᠯᠢᠳᠡᠭᠵᠢᠭᠦᠯᠬᠦ ᠬᠤᠳᠠᠯᠳᠤᠬᠠᠨ ᠤ ᠣᠷᠴᠢᠨ ᠲᠤᠭᠤᠷᠢᠨ ᠤ ᠲᠥᠯᠥᠭᠡ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠤ ᠠᠬᠤᠶᠢᠯᠠᠯ ᠤᠨ ᠲᠥᠯᠥᠭᠡ᠂ ︽ᠬᠤᠤᠯᠢᠩᠭᠤᠤᠯ ᠬᠤᠲᠠ ᠶᠢᠨ ᠪᠠᠯᠠ | ᠣᠷᠣᠭᠤᠯᠤᠯᠲᠠ ᠶᠢᠨ ᠲᠥᠷᠥᠯ ᠵᠦᠢᠯ ᠤᠨ ᠠᠮᠠᠯᠠᠯᠲᠠ ᠶᠢᠨ ᠲᠦᠷᠢᠮ ᠤᠨ ᠬᠡᠷᠡᠭᠵᠢᠭᠦᠯᠬᠦ ᠰᠠᠨᠠᠯ︾ ︵2.0︶ ᠤᠨ | ᠬᠡᠪᠯᠡᠯ ᠤᠨ ᠭᠤᠤᠯ ᠠᠷᠭ᠎ᠠ ᠬᠡᠮᠵᠢᠶ᠎ᠡ ᠨᠢ ᠶᠠᠭᠤ ᠪᠣᠶ︖ | ᠭᠤᠣᠯᠳᠠᠯᠭ᠎ᠠ ᠲᠠᠢ ᠲᠦᠷᠦᠯ ᠵᠦᠢᠯ ᠤᠨ ᠬᠠᠪᠰᠤᠷᠤᠨ ᠭᠦᠢᠴᠡᠳᠬᠡᠬᠦ ᠲᠥᠪ ᠤᠨ ᠡᠷᠬᠢᠯᠡᠭᠴᠢ ᠬᠠᠨ ᠭᠤᠸᠠᠩ᠄ | ᠠᠵᠤ ᠠᠬᠤᠶᠢᠯᠠᠯ ᠠᠴᠠ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ | ᠥᠭᠬᠦ ᠭᠡᠷ᠎ᠡ ᠬᠠᠩᠭᠠᠬᠤ ᠮᠥᠷᠲᠡᠭᠡᠨ ᠲᠥᠷᠥᠯ ᠵᠦᠢᠯ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠬᠢᠨᠠᠨ | ᠪᠠᠶᠢᠴᠠᠭᠠᠯᠲᠠ ᠳᠤ ᠬᠢᠷᠢ ᠲᠡᠩᠴᠡᠭᠰᠡᠨ ︵ᠪᠤᠶᠤ ᠬᠡᠰᠡᠭ ᠮᠡᠷᠭᠡᠵᠢᠯ ᠤᠨ ᠴᠢᠨᠠᠷᠲᠠᠶ ᠬᠢᠨᠠᠨ ᠪᠠᠶᠢᠴᠠᠭᠠᠯᠲᠠ ᠳᠤ ᠬᠢᠷᠢ | ᠲᠡᠩᠴᠡᠭᠰᠡᠨ︶᠂ ᠠᠮᠠᠯᠠᠯᠲᠠ ᠶᠢᠨ ᠪᠢᠴᠢᠭ ᠲᠣᠭᠲᠠᠵᠤ᠂ 1 ᠠᠵᠢᠯᠯᠠᠬᠤ ᠡᠳᠦᠷ ᠤᠨ ᠳᠣᠲᠣᠷ᠎ᠠ ᠪᠠᠷᠢᠯᠭ᠎ᠠ ᠪᠠᠷᠢᠬᠤ | ᠮᠡᠳᠡᠭᠳᠡᠯ ᠤᠨ ᠪᠢᠴᠢᠭ ᠢ ᠬᠢᠨᠠᠨ ᠣᠯᠭᠤᠬᠤ ᠬᠡᠷᠡᠭᠲᠡᠶ᠃ | ᠬᠥᠲᠥᠯᠦᠭᠴᠢ᠄ | ᠪᠡᠯᠡ ᠣᠷᠣᠭᠤᠯᠤᠯᠲᠠ ᠶᠢᠨ ᠵᠦᠢᠯᠡᠰ ᠤᠨ ᠠᠮᠠᠯᠠᠯᠲᠠ ᠶᠢᠨ ᠳᠦᠷᠢᠮ ᠤᠨ ᠠᠵᠤ ᠠᠬᠤᠶᠢᠯᠠᠯ ᠤᠨ ᠠᠵᠢᠯ | ᠡᠬᠢᠯᠡᠭᠦᠯᠬᠦ ᠠᠮᠠᠯᠠᠯᠲᠠ ᠳᠤ ᠶᠠᠮᠠᠷ ᠶᠠᠮᠠᠷ ᠵᠦᠢᠯ ᠪᠠᠶᠢᠬᠤ ᠪᠤᠢ︖ | ᠭᠤᠣᠯᠳᠠᠯᠭ᠎ᠠ ᠲᠠᠢ ᠲᠦᠷᠦᠯ ᠵᠦᠢᠯ ᠤᠨ ᠬᠠᠪᠰᠤᠷᠤᠨ ᠭᠦᠢᠴᠡᠳᠬᠡᠬᠦ ᠲᠥᠪ ᠤᠨ ᠡᠷᠬᠢᠯᠡᠭᠴᠢ ᠬᠠᠨ ᠭᠤᠸᠠᠩ᠄ | ᠪᠠᠷᠢᠯᠭ᠎ᠠ ᠪᠠᠷᠢᠬᠤ ᠮᠡᠳᠡᠭᠳᠡᠯ ᠬᠢᠨᠠᠨ ᠣᠯᠭᠤᠬᠤ ᠠᠴᠠ ᠡᠮᠦᠨ᠎ᠡ᠂ ᠪᠠᠯᠠ ᠣᠷᠣᠭᠤᠯᠵᠤ ᠪᠥᠲᠥᠭᠡᠨ ᠪᠠᠶᠢᠭᠤᠯᠬᠤ | ᠨᠢᠭᠡᠴᠡ ᠨᠢ ᠲᠣᠭᠲᠠᠭᠰᠠᠨ ᠬᠤᠭᠤᠴᠠᠭᠠᠨ ᠳᠣᠲᠣᠷ᠎ᠠ ᠳᠣᠤᠷᠠᠬᠢ ᠬᠢᠨᠠᠨ ᠵᠥᠪᠰᠢᠶᠡᠷᠡᠬᠦ ᠵᠦᠶ᠋ᠯᠡᠰ ᠢ ᠭᠦᠶ᠋ᠴᠡᠳᠬᠡᠬᠦ ᠪᠠᠷ | ᠠᠮᠠᠯᠠᠬᠤ ᠬᠡᠷᠡᠭᠲᠡᠶ᠄ ᠨᠢᠭᠡ ᠳᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ | ᠵᠥᠪᠰᠢᠶᠡᠷᠡᠯ ᠢ 1 ᠰᠠᠷ᠎ᠠ ᠶᠢᠨ ᠳᠣᠲᠣᠷ᠎ᠠ ᠭᠦᠢᠴᠡᠳᠭᠡᠵᠦ ᠳᠠᠭᠤᠰᠬᠠᠨ᠎ᠠ︔ ᠬᠤᠶᠠᠷ ᠲᠤ ᠪᠥᠲᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠢ 4 ᠰᠠᠷ᠎ᠠ ᠶᠢᠨ ᠳᠣᠲᠣᠷ᠎ᠠ ᠭᠦᠶ᠋ᠴᠡᠳᠬᠡᠵᠦ | ᠳᠠᠭᠤᠰᠬᠠᠨ᠎ᠠ︔ ᠭᠤᠷᠪᠠ ᠳᠤ᠂ ᠪᠠᠷᠢᠯᠭ᠎ᠠ ᠪᠠᠷᠢᠬᠤ ᠵᠥᠪᠰᠢᠶᠡᠷᠡᠯ ᠢ 6 ᠰᠠᠷ᠎ᠠ ᠶᠢᠨ ᠳᠣᠲᠣᠷ᠎ᠠ ᠭᠦᠢᠴᠡᠳᠭᠡᠵᠦ | ᠳᠠᠭᠤᠰᠬᠠᠨ᠎ᠠ︔ ᠲᠦᠷᠪᠡ ᠳᠤ᠂ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢᠨ ᠰᠠᠨᠠᠯ᠂ ᠣᠷᠴᠢᠨ ᠲᠣᠭᠤᠷᠢᠨ ᠤ | ᠨᠥᠯᠥᠭᠡᠯᠡᠯ ᠢ ᠦᠨᠡᠯᠡᠬᠦ ᠬᠢᠨᠠᠨ ᠵᠥᠪᠰᠢᠶᠡᠷᠡᠯ ᠢ ᠬᠢᠨᠠᠨ ᠵᠥᠪᠰᠢᠶᠡᠷᠡᠵᠦ᠂ ᠲᠥᠷᠥᠯ ᠵᠦᠶ᠋ᠯ ᠤᠨ ᠥᠨᠢᠳᠡ ᠶᠢᠨ | ᠴᠢᠨᠠᠷᠲᠠᠶ ᠪᠠᠷᠢᠯᠭ᠎ᠠ ᠶᠢ ᠵᠢᠩᠬᠢᠨᠢ ᠪᠠᠷ ᠮᠠᠯᠲᠠᠵᠤ ᠳᠠᠭᠤᠰᠬᠠᠨ᠎ᠠ᠃ ︵ᠭᠠᠵᠠᠷ ᠰᠢᠨᠵᠢᠯᠡᠭᠡᠨ ᠤ ᠬᠠᠶᠢᠨ ᠰᠢᠨᠵᠢᠯᠡᠬᠦ᠂ | ᠭᠠᠵᠠᠷ ᠲᠡᠭᠰᠢᠯᠡᠬᠦ᠂ ᠬᠠᠭᠤᠴᠢᠨ ᠪᠠᠷᠢᠯᠭ᠎ᠠ᠂ ᠲᠦᠷ ᠴᠠᠭ ᠤᠨ ᠪᠠᠷᠢᠯᠭ᠎ᠠ ᠶᠢ ᠨᠤᠷᠠᠭᠠᠬᠤ᠂ ᠪᠠᠷᠢᠯᠭ᠎ᠠ ᠪᠠᠷᠢᠬᠤ ᠳᠤ | ᠬᠡᠷᠡᠭᠯᠡᠬᠦ ᠲᠦᠷ ᠴᠠᠭ ᠤᠨ ᠵᠠᠮ᠂ ᠤᠰᠤ ᠨᠡᠪᠲᠡᠷᠡᠭᠦᠯᠬᠦ᠂ ᠴᠠᠬᠢᠯᠭᠠᠨ ᠨᠡᠪᠲᠡᠷᠡᠭᠦᠯᠬᠦ ᠵᠡᠷᠭᠡ ᠠᠵᠢᠯ ᠡᠬᠢᠯᠡᠭᠦᠯᠦᠨ | ᠪᠦᠲᠦᠭᠡᠨ ᠪᠠᠶᠢᠭᠤᠯᠬᠤ ᠳᠤ ᠬᠠᠷᠢᠶᠠᠯᠠᠭᠳᠠᠬᠤ ᠦᠭᠡᠢ︶ ᠲᠠᠪᠤ ᠳᠤ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ | ᠬᠢᠨᠠᠨ ᠵᠥᠪᠰᠢᠶᠡᠷᠡᠬᠦ᠂ ᠠᠮᠤᠷ ᠲᠦᠪᠰᠢᠨ ᠤ ᠪᠡᠯᠡᠳᠬᠡᠮᠵᠢ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ | ᠠᠵᠢᠯ ᠮᠡᠷᠭᠡᠵᠢᠯ ᠤᠨ ᠬᠤᠤᠷ ᠬᠥᠨᠥᠭᠡᠯ ᠢ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠶᠢᠨ ᠵᠢᠷᠤᠭ ᠲᠥᠯᠥᠪᠯᠡᠭᠡ ᠶᠢ | ᠬᠢᠨᠠᠨ ᠪᠠᠶᠢᠴᠠᠭᠠᠵᠤ᠂ ᠲᠥᠷᠥᠯ ᠵᠦᠢᠯ ᠤᠨ ᠠᠵᠢᠯ ᠳᠠᠭᠤᠰᠬᠤ ᠠᠴᠠ ᠡᠮᠦᠨ᠎ᠡ ᠭᠦᠢᠴᠡᠳᠬᠡᠨ᠎ᠡ︔ ᠵᠢᠷᠭᠤᠭ᠎ᠠ ᠳᠤ | ᠠᠭᠠᠷ ᠤᠨ ᠰᠡᠷᠭᠡᠶᠢᠯᠡᠯᠲᠡ ᠶᠢᠨ ᠨᠦᠬᠡᠨ ᠭᠡᠷ ᠪᠠᠶᠢᠭᠤᠯᠬᠤ ᠪᠤᠶᠤ ᠭᠠᠯ ᠤᠨᠲᠠᠷᠠᠭᠠᠬᠤ ᠶᠢ ᠬᠢᠨᠠᠨ ᠬᠠᠷᠭᠤᠭᠤᠯᠵᠤ | ᠴᠡᠭᠴᠡᠯᠡᠨ ᠰᠠᠶᠢᠵᠢᠷᠠᠭᠤᠯᠬᠤ ᠵᠢᠷᠤᠭ ᠲᠥᠯᠥᠪᠯᠡᠭᠡ ᠶᠢᠨ ᠶᠣᠰᠣᠭᠠᠷ ᠪᠠᠶᠢᠪᠠᠯ᠂ ᠪᠠᠷᠢᠯᠭ᠎ᠠ ᠶᠢᠨ ᠲᠥᠯᠥᠪᠵᠢᠭᠦᠯᠭᠡ ᠶᠢᠨ | ᠵᠥᠪᠰᠢᠶᠡᠷᠡᠯ ᠤᠨ ᠦᠨᠡᠮᠯᠡᠯ ᠣᠯᠤᠭᠰᠠᠨ ᠤ ᠳᠠᠷᠠᠭ᠎ᠠ 10 ᠠᠵᠢᠯᠯᠠᠬᠤ ᠡᠳᠦᠷ ᠤᠨ ᠳᠣᠲᠣᠷ᠎ᠠ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠵᠠᠷᠤᠳᠠᠯ ︵ᠵᠠᠷᠤᠳᠠᠯ ᠢ 50 ᠲᠦᠮᠡᠨ ᠲᠥᠭᠦᠷᠢᠭ ᠤᠨ ᠳᠣᠲᠣᠷᠠᠬᠢ ᠲᠥᠷᠥᠯ ᠵᠦᠢᠯ︶ | ᠲᠤᠰᠢᠶᠠᠬᠤ ᠪᠤᠶᠤ ᠴᠡᠭᠴᠡᠯᠡᠨ ᠰᠠᠶᠢᠵᠢᠷᠠᠭᠤᠯᠵᠤ ᠳᠠᠭᠤᠰᠬᠠᠨ᠎ᠠ᠃ | ᠬᠥᠲᠥᠯᠦᠭᠴᠢ᠄ | ᠠᠮᠠᠯᠠᠯᠲᠠ ᠶᠢᠨ ᠲᠦᠷᠢᠮ ᠨᠢ ᠠᠵᠤ ᠠᠬᠤᠶᠢᠯᠠᠯ ᠳᠤ ᠲᠥᠬᠦᠮ ᠦᠢᠯᠡᠴᠢᠯᠡᠭᠡ ᠬᠠᠩᠭᠠᠬᠤ ᠶᠢᠨ ᠬᠠᠮᠲᠤ ᠶᠠᠮᠠᠷ | ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠲᠠᠢ ᠪᠣᠶ︖ | ᠭᠤᠣᠯᠳᠠᠯᠭ᠎ᠠ ᠲᠠᠢ ᠲᠦᠷᠦᠯ ᠵᠦᠢᠯ ᠤᠨ ᠬᠠᠪᠰᠤᠷᠤᠨ ᠭᠦᠢᠴᠡᠳᠬᠡᠬᠦ ᠲᠥᠪ ᠤᠨ ᠡᠷᠬᠢᠯᠡᠭᠴᠢ ᠬᠠᠨ ᠭᠤᠸᠠᠩ᠄ | ᠨᠢᠭᠡ ᠳᠤ᠂ ᠪᠠᠷᠢᠯᠭ᠎ᠠ ᠪᠠᠷᠢᠬᠤ ᠶᠢ ᠵᠥᠪᠰᠢᠶᠡᠷᠡᠭᠰᠡᠨ ᠮᠡᠳᠡᠭᠳᠡᠯ ᠤᠨ ᠪᠢᠴᠢᠭ ᠨᠢ ᠵᠥᠪᠬᠡᠨ ᠲᠦᠷ ᠴᠠᠭ ᠤᠨ | ᠪᠠᠷᠢᠯᠭ᠎ᠠ ᠪᠠᠷᠢᠬᠤ ᠭᠡᠷᠡᠴᠢ ᠪᠠᠷᠢᠮᠲᠠ ᠪᠣᠯᠭᠠᠵᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠪᠡᠯᠡ | ᠲᠣᠬᠢᠷᠠᠭᠤᠯᠬᠤ ᠵᠢᠭᠡᠯᠡᠯᠭᠡ ᠪᠠ ᠪᠤᠰᠤᠳ ᠭᠠᠷ ᠭᠦᠢᠴᠡᠳᠬᠡᠯ ᠤᠨ ᠭᠡᠷᠡᠴᠢ ᠪᠠᠷᠢᠮᠲᠠ ᠪᠣᠯᠭᠠᠵᠤ ᠪᠣᠯᠬᠤ ᠦᠭᠡᠢ᠃ | ᠪᠠᠷᠢᠯᠭ᠎ᠠ ᠶᠢᠨ ᠠᠵᠢᠯ ᠤᠨ ᠮᠡᠳᠡᠭᠳᠡᠯ ᠤᠨ ᠪᠢᠴᠢᠭ ᠤᠨ ᠬᠦᠴᠦᠨ ᠲᠠᠢ ᠬᠤᠭᠤᠴᠠᠭ᠎ᠠ ᠶᠢ 6 ᠰᠠᠷ᠎ᠠ ᠳᠤ᠂ ᠬᠡᠷᠪᠡ | ᠣᠨᠴᠠᠭᠠᠶ ᠪᠠᠶᠢᠳᠠᠯ ᠲᠣᠬᠢᠶᠠᠯᠳᠤᠪᠠᠯ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢᠨ ᠠᠷᠭ᠎ᠠ ᠦᠭᠡᠢ ᠪᠠᠶᠢᠪᠠᠯ᠂ | ᠬᠤᠭᠤᠴᠠᠭ᠎ᠠ ᠨᠢ ᠲᠤᠯᠬᠤ ᠠᠴᠠ ᠡᠮᠦᠨ᠎ᠡ 1 ᠰᠠᠷ᠎ᠠ ᠳᠤ ᠤᠷᠢᠳᠴᠢᠯᠠᠨ ᠭᠤᠶᠤᠴᠢᠯᠠᠬᠤ ᠪᠠᠷ ᠭᠤᠶᠤᠴᠢᠯᠠᠵᠤ᠂ | ᠬᠠᠮᠤᠭ ᠤᠨ ᠤᠷᠲᠤ ᠳᠠᠭᠠᠨ 3 ᠰᠠᠷ᠎ᠠ ᠬᠤᠶᠢᠰᠢᠯᠠᠭᠤᠯᠵᠤ ᠪᠣᠯᠤᠨ᠎ᠠ︔ ᠬᠤᠶᠠᠷ ᠲᠤ ᠪᠠᠷᠢᠯᠭ᠎ᠠ ᠪᠠᠷᠢᠬᠤ ᠮᠡᠳᠡᠭᠳᠡᠯ ᠤᠨ | ᠪᠢᠴᠢᠭ ᠢ ᠬᠢᠨᠠᠨ ᠣᠯᠭᠤᠭᠰᠠᠨ ᠤ ᠳᠠᠷᠠᠭ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠣᠷᠴᠢᠨ | ᠲᠣᠭᠤᠷᠢᠨ ᠤ ᠬᠠᠮᠠᠭᠠᠯᠠᠯᠲᠠ᠂ ᠠᠶᠤᠯ ᠦᠭᠡᠢ ᠦᠢᠯᠡᠳᠪᠦᠷᠢᠯᠡᠯ᠂ ᠣᠨᠴᠠ ᠲᠥᠷᠥᠯ ᠤᠨ ᠲᠥᠬᠦᠭᠡᠷᠦᠮᠵᠢ ᠶᠢᠨ ᠠᠶᠤᠯ | ᠦᠭᠡᠢ ᠬᠡᠷᠡᠭᠯᠡᠯᠲᠡ ᠵᠡᠷᠭᠡ ᠬᠠᠮᠢᠶ᠎ᠠ ᠪᠦᠬᠦᠢ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠶ︔ ᠭᠤᠷᠪᠠ ᠳᠤ᠂ | ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠡᠯᠡ ᠣᠷᠣᠭᠤᠯᠵᠤ ᠪᠦᠲᠦᠭᠡᠨ | ᠪᠠᠶᠢᠭᠤᠯᠬᠤ ᠨᠢᠭᠡᠴᠢ ᠶᠢᠨ ᠠᠮᠠᠯᠠᠭᠰᠠᠨ ᠵᠦᠢᠯᠡᠰ ᠢ ᠲᠣᠬᠢᠷᠠᠭᠤᠯᠵᠤ ᠬᠢᠨᠠᠨ ᠬᠠᠷᠭᠤᠭᠤᠯᠬᠤ ᠪᠠᠨ ᠴᠢᠩᠭᠠᠳᠬᠠᠵᠤ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ᠠᠮᠠᠯᠳᠠᠭᠰᠠᠨ ᠴᠠᠭ | ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠵᠦᠢᠯᠡᠰ ᠢ ᠪᠡᠶᠡᠯᠡᠭᠦᠯᠵᠦ᠂ | ᠠᠵᠢᠯ ᠳᠤᠮᠳᠠᠬᠢ ᠪᠠ ᠠᠵᠢᠯ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠬᠥᠲᠥᠯᠦᠭᠴᠢ ᠄ | ᠬᠡᠷᠪᠡ ᠠᠵᠤ ᠠᠬᠤᠶᠢᠯᠠᠯ ᠤᠨ ᠬᠤᠭᠤᠴᠠᠭ᠎ᠠ ᠨᠢ ᠲᠤᠯᠪᠠᠯ ᠬᠤᠯᠪᠣᠭᠳᠠᠯ ᠪᠥᠬᠦᠶ ᠭᠠᠷᠳᠠᠮ ᠢ ᠨᠥᠬᠦᠪᠥᠷᠢᠯᠡᠵᠦ | ᠥᠭᠭᠦᠭᠰᠡᠨ ᠥᠬᠡᠶ ᠪᠣᠯ ᠬᠡᠷᠬᠢᠨ ᠴᠡᠭᠴᠡᠯᠡᠨ ᠰᠠᠶᠢᠵᠢᠷᠠᠭᠤᠯᠬᠤ ᠪᠣᠶ︖ | ᠭᠤᠣᠯᠳᠠᠯᠭ᠎ᠠ ᠲᠠᠢ ᠲᠦᠷᠦᠯ ᠵᠦᠢᠯ ᠤᠨ ᠬᠠᠪᠰᠤᠷᠤᠨ ᠭᠦᠢᠴᠡᠳᠬᠡᠬᠦ ᠲᠥᠪ ᠤᠨ ᠡᠷᠬᠢᠯᠡᠭᠴᠢ ᠬᠠᠨ ᠭᠤᠸᠠᠩ᠄ | 1. ᠰᠡᠷᠡᠮᠵᠢᠯᠡᠭᠦᠯᠬᠦ᠃ ᠠᠮᠠᠯᠠᠯᠲᠠ ᠶᠢᠨ ᠴᠠᠭ ᠬᠤᠭᠤᠴᠠᠭ᠎ᠠ ᠶᠣᠰᠣᠭᠠᠷ ᠬᠠᠮᠢᠶ᠎ᠠ ᠪᠥᠬᠦᠶ ᠬᠢᠨᠠᠨ ᠵᠥᠪᠰᠢᠶᠡᠷᠡᠬᠦ | ᠵᠦᠢᠯᠡᠰ ᠢ ᠭᠦᠢᠴᠡᠳᠬᠡᠭᠰᠡᠨ ᠥᠬᠡᠶ ᠪᠠᠶᠢᠪᠠᠯ᠂ ᠠᠮᠢ ᠠᠬᠤᠶ ᠶᠢᠨ ᠬᠠᠮᠠᠭᠠᠯᠠᠯᠲᠠ᠂ ᠠᠶᠤᠯᠭᠦᠶ ᠦᠢᠯᠡᠳᠪᠦᠷᠢᠯᠡᠯ᠂ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠬᠠᠮᠢᠶ᠎ᠠ ᠪᠥᠬᠦᠶ ᠱᠠᠭᠠᠷᠳᠠᠯᠭ᠎ᠠ ᠶᠢ ᠬᠡᠷᠡᠭᠵᠢᠭᠦᠯᠦᠭᠰᠡᠨ | ᠥᠬᠡᠶ ᠪᠠᠶᠢᠪᠠᠯ᠂ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠦᠯ᠂ ᠪᠠᠷᠢᠯᠭ᠎ᠠ ᠶᠢᠨ ᠵᠢᠷᠤᠭ ᠢ ᠬᠢᠨᠠᠨ | ᠪᠠᠶᠢᠴᠠᠭᠠᠵᠤ ᠲᠥᠰᠦᠯ ᠢ ᠪᠠᠲᠤᠯᠠᠭᠰᠠᠨ ᠥᠬᠡᠶ ᠪᠠᠷ ᠪᠠᠷᠢᠯᠭ᠎ᠠ ᠪᠠᠷᠢᠭᠰᠠᠨ ᠪᠠᠶᠢᠪᠠᠯ᠂ ᠬᠤᠯᠪᠣᠭᠳᠠᠯ ᠪᠥᠬᠦᠶ ᠰᠠᠯᠠᠭ᠎ᠠ | ᠮᠥᠴᠢᠷ ᠠᠴᠠ ᠬᠠᠤᠯᠢ ᠶᠣᠰᠣᠭᠠᠷ ᠳᠣᠩᠭᠤᠳᠴᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ | ᠥᠭᠡᠷᠡᠴᠢᠯᠡᠭᠦᠯᠦᠨ᠎ᠡ᠃ | 2. ᠵᠠᠷᠯᠢᠭᠳᠠᠨ ᠠᠵᠢᠯ ᠵᠣᠭᠰᠣᠭᠠᠯᠭᠠᠨᠠ᠃ ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠤ ᠱᠠᠭᠠᠷᠳᠠᠯᠭ᠎ᠠ | ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠦᠭᠡᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠠᠵᠢᠯ ᠢᠶᠠᠨ ᠳᠠᠷᠦ᠋ᠢᠬᠠᠨ ᠵᠣᠭᠰᠣᠭᠠᠵᠤ᠂ ᠴᠡᠭᠴᠡᠯᠡᠨ | ᠰᠠᠶᠢᠵᠢᠷᠠᠭᠤᠯᠬᠤ ᠶᠢ ᠬᠤᠭᠤᠴᠠᠭ᠎ᠠ ᠬᠢᠵᠠᠭᠠᠷᠯᠠᠨ ᠪᠡᠶᠡᠯᠡᠭᠦᠯᠦᠭᠰᠡᠨ ᠤ ᠳᠠᠷᠠᠭ᠎ᠠ ᠰᠠᠶ᠋ᠢ ᠪᠠᠷᠢᠯᠭ᠎ᠠ ᠪᠠᠷᠢᠵᠤ ᠪᠣᠯᠤᠨ᠎ᠠ᠃ | 3. ᠪᠠᠷᠢᠯᠭ᠎ᠠ ᠪᠠᠷᠢᠬᠤ ᠮᠡᠳᠡᠭᠳᠡᠯ ᠤᠨ ᠪᠢᠴᠢᠭ ᠢ ᠦᠭᠡᠶᠢᠰᠬᠡᠬᠦ ᠬᠡᠷᠡᠭᠲᠡᠶ᠃ ᠪᠠᠷᠢᠯᠭ᠎ᠠ ᠶᠢ ᠵᠠᠷᠯᠢᠭᠳᠠᠨ | ᠵᠣᠭᠰᠣᠭᠠᠭᠰᠠᠨ ᠤ ᠳᠠᠷᠠᠭ᠎ᠠ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠦᠭᠡᠢ | ᠪᠠᠶᠢᠪᠠᠯ᠂ ᠪᠠᠷᠢᠯᠭ᠎ᠠ ᠪᠠᠷᠢᠬᠤ ᠮᠡᠳᠡᠭᠳᠡᠯ ᠤᠨ ᠪᠢᠴᠢᠭ ᠢ ᠬᠦᠴᠦᠨ ᠦᠭᠡᠢ ᠪᠣᠯᠭᠠᠨ᠎ᠠ︔ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠬᠢᠵᠠᠭᠠᠷᠯᠠᠭᠰᠠᠨ ᠬᠤᠭᠤᠴᠠᠭᠠᠨ ᠤ ᠳᠣᠲᠣᠷ᠎ᠠ ᠭᠠᠵᠠᠷ | ᠳᠡᠭᠡᠷᠡᠬᠢ ᠪᠠᠷᠢᠯᠭ᠎ᠠ ᠶᠢ ᠥᠪᠡᠰᠦᠪᠡᠨ ᠨᠤᠷᠠᠭᠠᠯᠭᠠᠨ᠎ᠠ︔ ᠰᠦᠯᠵᠢᠶᠡᠨ ᠳᠡᠭᠡᠷᠡᠬᠢ ᠦᠨᠡᠨᠴᠢ ᠢᠲᠡᠭᠡᠮᠵᠢ ᠶᠢᠨ | ᠲᠡᠮᠳᠡᠭᠯᠡᠯ ᠳᠤ ᠣᠷᠣᠭᠤᠯᠬᠤ ᠶᠢᠨ ᠬᠠᠮᠲᠤ ᠢᠯᠡ ᠨᠡᠶᠢᠲᠡᠯᠡᠨ᠎ᠡ᠃ | 4. ᠠᠯᠪᠠᠳᠠᠯᠭ᠎ᠠ ᠪᠠᠷ ᠨᠤᠷᠠᠭᠠᠯᠭᠠᠨ᠎ᠠ᠃ ᠬᠢᠵᠠᠭᠠᠷᠯᠠᠭᠰᠠᠨ ᠬᠤᠭᠤᠴᠠᠭᠠᠨ ᠳᠣᠲᠣᠷ᠎ᠠ ᠥᠪᠡᠷ ᠲᠡᠭᠡᠨ | ᠨᠤᠷᠠᠭᠠᠭᠰᠠᠨ ᠦᠭᠡᠶ ᠪᠣᠯ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠠᠯᠪᠠᠳᠠᠵᠤ ᠪᠠᠶᠢᠭᠠᠳ | ᠨᠤᠷᠠᠭᠠᠯᠭᠠᠵᠤ᠂ ᠬᠠᠮᠢᠶ᠎ᠠ ᠪᠦᠬᠦᠢ ᠵᠠᠷᠤᠳᠠᠯ ᠢ ᠪᠡᠯᠡ ᠣᠷᠣᠭᠤᠯᠵᠤ ᠪᠠᠷᠢᠯᠭ᠎ᠠ ᠪᠠᠷᠢᠭᠤᠯᠬᠤ ᠨᠢᠭᠡᠴᠡ ᠡᠭᠦᠷᠭᠡᠯᠡᠬᠦ ᠶᠢᠨ | ᠬᠠᠮᠲᠤ ︽ᠪᠠᠷᠢᠯᠭ᠎ᠠ ᠪᠠᠷᠢᠬᠤ ᠶᠢ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠶᠣᠰᠣᠭᠠᠷ᠂ | ᠪᠠᠷᠢᠯᠭ᠎ᠠ ᠪᠠᠷᠢᠭᠤᠯᠬᠤ ᠨᠢᠭᠡᠴᠡ ᠶᠢ ᠪᠠᠷᠢᠯᠭ᠎ᠠ ᠶᠢᠨ ᠭᠡᠷ᠎ᠡ ᠶᠢᠨ ᠦᠨ᠎ᠡ ᠶᠢᠨ ᠵᠣᠭᠤᠰ ᠨᠢ 1% ᠠᠴᠠ ᠳᠡᠭᠡᠭᠰᠢ᠂ | 2% ᠠᠴᠠ ᠳᠣᠷᠣᠭᠰᠢ ᠵᠣᠭᠤᠰ ᠢᠶᠠᠷ ᠲᠣᠷᠭᠠᠵᠤ᠂ ᠪᠠᠷᠢᠯᠭ᠎ᠠ ᠪᠠᠷᠢᠬᠤ ᠨᠢᠭᠡᠴᠡ ᠶᠢ 3 ᠲᠦᠮᠡᠨ ᠲᠥᠭᠦᠷᠢᠭ ᠠᠴᠠ | ᠳᠣᠷᠣᠭᠰᠢ ᠵᠣᠭᠤᠰ ᠢᠶᠠᠷ ᠲᠣᠷᠭᠠᠨ᠎ᠠ᠃ | 5. ᠭᠠᠵᠠᠷ ᠰᠢᠷᠣᠶ ᠬᠡᠷᠡᠭᠯᠡᠬᠦ ᠡᠷᠬᠡ ᠶᠢ ᠦᠨ᠎ᠡ ᠲᠥᠯᠥᠪᠦᠷᠢ ᠦᠭᠡᠶ ᠪᠠᠷ ᠡᠭᠡᠭᠦᠯᠦᠨ ᠬᠤᠷᠢᠶᠠᠨ᠎ᠠ᠃ ᠪᠠᠷᠢᠯᠭ᠎ᠠ | ᠪᠠᠷᠢᠬᠤ ᠮᠡᠳᠡᠭᠳᠡᠯ ᠤᠨ ᠪᠢᠴᠢᠭ ᠢᠶᠠᠨ ᠬᠦᠴᠦᠨ ᠦᠭᠡᠶ ᠪᠣᠯᠭᠠᠭᠰᠠᠨ ᠲᠥᠷᠥᠯ ᠵᠦᠢᠯ ᠢ ᠲᠥᠷᠥᠯ ᠵᠦᠢᠯ ᠤᠨ | ᠠᠵᠢᠯ ᠢᠶᠠᠨ ᠡᠬᠢᠯᠡᠭᠦᠯᠦᠭᠡᠳᠦᠶ ᠭᠡᠵᠦ ᠦᠵᠡᠨ᠎ᠡ᠃ ᠤᠯᠤᠰ ᠤᠨ ᠥᠮᠴᠢᠯᠡᠯᠲᠦ ᠭᠠᠵᠠᠷ ᠰᠢᠷᠣᠶ ᠶᠢ ᠬᠢᠮᠳᠠ ᠪᠠᠷ | ᠬᠤᠳᠠᠯᠳᠤᠬᠤ ᠭᠡᠷ᠎ᠡ ᠬᠦᠴᠦᠨ ᠲᠠᠢ ᠪᠣᠯᠤᠭᠰᠠᠨ ᠡᠳᠦᠷ ᠠᠴᠠ ᠡᠬᠢᠯᠡᠨ ᠪᠣᠳᠣᠨ᠎ᠠ᠂ 1 ᠵᠢᠯ ᠤᠨ ᠳᠣᠲᠣᠷ᠎ᠠ ᠠᠵᠤ | ᠠᠬᠤᠶᠢᠯᠠᠯ ᠤᠨ ᠲᠤᠰ ᠪᠡᠶ᠎ᠡ ᠶᠢᠨ ᠰᠢᠯᠲᠠᠭᠠᠨ ᠠᠴᠠ ᠪᠣᠯᠵᠤ ᠬᠠᠤᠯᠢ ᠶᠣᠰᠣᠭᠠᠷ ᠠᠵᠢᠯ ᠡᠬᠢᠯᠡᠭᠦᠯᠬᠦ ᠭᠠᠷᠳᠠᠮ | ᠣᠯᠤᠭᠰᠠᠨ ᠦᠭᠡᠶ ᠪᠥᠭᠡᠳ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠪᠣᠯ ᠬᠠᠮᠢᠶ᠎ᠠ ᠪᠦᠬᠦᠢ ᠲᠣᠭᠲᠠᠭᠠᠯ | ᠶᠣᠰᠣᠭᠠᠷ᠂ ᠭᠠᠵᠠᠷ ᠰᠢᠷᠣᠶ ᠶᠢ ᠰᠤᠯᠠ ᠲᠠᠯᠪᠢᠭᠰᠠᠨ ᠵᠠᠷᠤᠳᠠᠯ ᠲᠤᠰᠢᠶᠠᠯᠭᠠᠬᠤ ᠬᠡᠷᠡᠭᠲᠡᠶ 2 ᠵᠢᠯ ᠤᠨ ᠳᠣᠲᠣᠷ᠎ᠠ | ᠠᠵᠤ ᠠᠬᠤᠶᠢᠯᠠᠯ ᠤᠨ ᠲᠤᠰ ᠪᠡᠶ᠎ᠡ ᠶᠢᠨ ᠰᠢᠯᠲᠠᠭᠠᠨ ᠠᠴᠠ ᠪᠣᠯᠵᠤ ᠬᠠᠤᠯᠢ ᠶᠣᠰᠣᠭᠠᠷ ᠠᠵᠢᠯ ᠡᠬᠢᠯᠡᠭᠦᠯᠬᠦ ᠭᠠᠷᠳᠠᠮ | ᠣᠯᠤᠭᠠᠳᠤᠶ ᠪᠥᠭᠡᠳ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠪᠣᠯ ᠬᠠᠮᠢᠶ᠎ᠠ ᠪᠦᠬᠦᠢ ᠰᠠᠯᠠᠭ᠎ᠠ | ᠮᠥᠴᠢᠷ ᠠᠴᠠ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠨᠢ ᠲᠥᠯᠥᠪᠦᠷᠢ ᠦᠭᠡᠶ ᠪᠠᠷ ᠡᠭᠡᠭᠦᠯᠦᠨ ᠠᠪᠤᠨ᠎ᠠ᠃ | ᠬᠥᠲᠥᠯᠦᠭᠴᠢ᠄ | ᠲᠣᠰ ᠬᠤᠭᠤᠴᠠᠭᠠᠨ ᠤ ᠰᠤᠷᠪᠤᠯᠵᠢᠯᠠᠭ᠎ᠠ ᠶᠢ ᠠᠳᠡ ᠬᠦᠷᠭᠡᠶ᠎ᠡ᠂ ᠬᠦᠨᠳᠦᠲᠦ ᠵᠤᠴᠢᠳ ᠤᠨ ᠬᠠᠷᠢᠭᠤᠯᠲᠠ ᠪᠣᠯᠤᠨ | ᠥᠷᠭᠡᠨ ᠣᠯᠠᠨ ᠰᠦᠯᠵᠢᠶᠡᠨ ᠤ ᠠᠨᠳᠠ ᠨᠠᠷ ᠤᠨ ᠠᠩᠬᠠᠷᠤᠯ ᠲᠠᠯᠪᠢᠵᠤ ᠪᠠᠶᠢᠭ᠎ᠠ ᠳᠤ ᠲᠠᠯᠠᠷᠬᠠᠵᠤ ᠪᠠᠶᠢᠨ᠎ᠠ᠃ | |